ᠳ᠋ᠢᠶᠤᠤ ᠴᠦᠨ ᠬᠠᠶ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠢᠴᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/12/3

    12 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ

ᠰᠢᠶᠠᠨ ᠤ ᠳᠠᠷᠤᠭ᠎ᠠ ᠳ᠋ᠢᠶᠤᠤ ᠴᠦᠨ ᠬᠠᠶ ᠨᠢᠭᠡᠳᠦᠭᠡᠷ ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ᠂

ᠬᠤᠶᠠᠳᠤᠭᠠᠷ ᠳᠤᠮᠳᠠᠳᠤ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ

ᠬᠦᠷᠢᠶᠡᠨ ᠤ ᠠᠮᠤᠷ ᠲᠦᠪᠰᠢᠨ ᠵᠢᠴᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ

ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠬᠠᠮᠢᠶ᠎ᠠ ᠪᠥᠬᠦᠶ ᠠᠵᠢᠯ ᠢ ᠭᠦᠨᠵᠡᠭᠡᠶ ᠪᠠᠶᠢᠴᠠᠭᠠᠨ

ᠰᠤᠳᠤᠯᠬᠤ ᠶᠢᠨ ᠬᠠᠮᠲᠤ ᠱᠠᠯᠠᠪᠳᠠᠭᠤᠯᠤᠨ ᠵᠢᠯᠣᠭᠤᠳᠪᠠ᠃

    ᠳ᠋ᠢᠶᠣᠤ ᠴᠦᠨ ᠬᠠᠢ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ

ᠬᠠᠮᠢᠶᠠᠷᠤᠯᠲᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ᠂ ᠠᠯᠪᠠᠨ

ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢ ᠰᠠᠶᠢᠵᠢᠷᠠᠭᠤᠯᠬᠤ ᠲᠦᠷᠦᠯ ᠵᠦᠢᠯ ᠤᠨ ᠠᠬᠢᠴᠠ

ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠢᠶᠠᠨ ᠤ

ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠢᠴᠢ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ

ᠬᠠᠷᠢᠭᠤᠴᠠᠯᠭᠠᠲᠠᠨ ᠤ ᠨᠠᠷᠢᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃

    ᠳ᠋ᠢᠶᠤᠤ ᠴᠦᠨ ᠬᠠᠶ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠶᠡᠷᠦᠩᠬᠡᠶᠢᠯᠡᠭᠰᠡᠨ

ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠣᠷᠣᠭᠤᠯᠤᠯᠲᠠ ᠶᠢᠨ

ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠭᠤᠷᠠᠶ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠪᠠ

ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠦᠴᠦᠯᠡᠨ ᠰᠠᠶᠢᠵᠢᠷᠠᠭᠤᠯᠵᠤ᠂ ᠠᠷᠠᠳ ᠣᠯᠠᠨ ᠤ ᠨᠠᠩ ᠰᠡᠳᠬᠢᠯ

ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠡᠷᠭᠢᠯᠡᠬᠦ ᠬᠡᠷᠡᠭᠲᠡᠶ᠃ ᠡᠭᠦᠨ ᠤ ᠬᠠᠮᠲᠤ᠂ ᠪᠠᠭᠰᠢ ᠶᠢᠨ ᠡᠩᠨᠡᠭᠡᠨ ᠤ

ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠭᠰᠢ ᠶᠢ ᠬᠥᠮᠦᠵᠢᠭᠦᠯᠬᠦ ᠡᠷᠴᠢᠮ ᠢᠶᠠᠨ ᠤᠯᠠᠮ ᠨᠢᠭᠡ

ᠠᠯᠬᠤᠮ ᠴᠢᠩᠭᠠᠷᠠᠭᠤᠯᠵᠤ᠂ ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠪᠠ ᠰᠤᠷᠭᠠᠨ ᠬᠥᠮᠦᠵᠢᠯ

ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠡᠢ᠃

    ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠠᠯ᠎ᠠ ᠪᠠᠷ᠂ ᠳ᠋ᠢᠶᠣᠤ ᠴᠦᠨ ᠬᠠᠢ ᠵᠢᠭᠠᠵᠤ

ᠭᠠᠷᠭᠠᠭᠰᠠᠨ ᠨᠢ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ

ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠡᠯ᠎ᠡ ᠭᠤᠭᠴᠤᠭ᠎ᠠ ᠶᠢ ᠴᠢᠩᠭ᠎ᠠ ᠠᠩᠬᠠᠷᠴᠤ᠂

ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠪᠣᠯᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂

ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ

ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠴᠠᠭ ᠢᠮᠠᠭᠲᠠ

ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ

ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠦᠨᠡᠨ ᠬᠦ ᠴᠢᠩᠭ᠎ᠠ ᠠᠳᠬᠤᠵᠤ᠂ ᠨᠠᠷᠢᠨ ᠠᠳᠬᠤᠵᠤ᠂

ᠪᠣᠳᠠᠲᠠᠢ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ

ᠬᠠᠮᠲᠤ ᠪᠠᠷ ᠪᠠᠬᠢᠵᠢᠭᠦᠯᠵᠦ᠂ ᠥᠷᠭᠡᠨ ᠤᠯᠠᠨ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠪᠣᠯᠤᠨ

ᠪᠡᠶ᠎ᠡ ᠰᠡᠳᠬᠢᠯ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠬᠡᠷᠡᠭᠲᠡᠢ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2