ᠲᠥᠪ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠳ᠋ᠤᠭᠠᠷ ᠬᠠᠰᠤᠬᠤ ᠲᠤᠬᠠᠶ ᠵᠠᠷᠯᠠᠯ ︵ᠬᠤᠶᠠᠳᠤᠭᠠᠷ ᠡᠭᠡᠯᠵᠢ ᠶᠢᠨ 5 ᠳ᠋ᠤᠭᠠᠷ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ︶
ᠨᠡᠶᠢᠲᠡᠯᠡᠭᠰᠡᠨ ᠴᠠᠭ᠄
2024/12/30

    ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ

ᠪᠠᠶᠢᠴᠠᠭᠠᠯᠲᠠ ᠶᠢᠨ 5 ᠳ᠋ᠤᠭᠠᠷ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠢᠭᠡᠨᠲᠡ ᠪᠡᠶᠡᠯᠡᠭᠦᠯᠵᠦ᠂ ᠲᠠᠰ

ᠳᠠᠷᠠᠭᠠᠯᠠᠯ ᠶᠣᠰᠣᠭᠠᠷ ᠳ᠋ᠤᠭᠠᠷ ᠬᠠᠰᠤᠬᠤ ᠪᠠᠷ ᠲᠥᠯᠥᠪᠯᠡᠵᠦ ᠪᠠᠶᠢᠨ᠎ᠠ᠃ ︽ᠬᠤᠶᠠᠳᠤᠭᠠᠷ ᠡᠭᠡᠯᠵᠢ ᠶᠢᠨ ᠲᠥᠪ ᠤᠨ

ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ

ᠡᠭᠦᠷᠭᠡ ᠶᠢ ᠰᠢᠯᠭᠠᠨ ᠬᠤᠷᠢᠶᠠᠵᠤ ᠳ᠋ᠤᠭᠠᠷ ᠬᠠᠰᠤᠬᠤ ᠶᠢ ᠬᠡᠷᠡᠭᠵᠢᠭᠦᠯᠬᠦ ᠨᠠᠷᠢᠨ ᠲᠦᠷᠢᠮ ᠢ ᠳᠠᠷᠤᠮᠠᠯᠯᠠᠨ ᠲᠠᠷᠬᠠᠭᠠᠬᠤ

ᠲᠤᠬᠠᠶ ᠮᠡᠳᠡᠭᠳᠡᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠲᠣᠰ ᠠᠰᠠᠭᠤᠳᠠᠯ ᠢ

ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠤᠯᠠᠭᠠᠨᠴᠠᠪ ᠬᠤᠲᠠ ᠶᠢᠨ ᠠᠵᠤ ᠦᠢᠯᠡᠳᠪᠦᠷᠢ ᠪᠠ ᠮᠡᠳᠡᠭᠡ

ᠵᠠᠩᠭᠢᠵᠢᠯᠲᠠ ᠶᠢᠨ ᠲᠣᠪᠴᠢᠶ᠎ᠠ ᠪᠠ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠵᠡᠷᠭᠡ ᠪᠠᠷ ᠵᠠᠷᠯᠠᠨ

ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 2024 ᠣᠨ ᠤ 12 ᠰᠠᠷ᠎ᠠ ᠶᠢᠨ 24 ᠤ ᠡᠳᠦᠷ ᠠᠴᠠ

2025 ᠣᠨ ᠤ 1 ᠰᠠᠷ᠎ᠠ ᠶᠢᠨ 7 ᠤ ᠡᠳᠦᠷ ᠪᠣᠯᠤᠨ᠎ᠠ᠃

    ᠬᠠᠷᠢᠯᠴᠠᠬᠤ ᠤᠲᠠᠰᠤ᠄ 0474 - 7902105

    ᠰᠢᠤᠳᠠᠨ ᠢᠶᠠᠷ ᠢᠯᠡᠭᠡᠬᠦ ᠬᠠᠶ᠋ᠢᠭ᠄ ᠬᠤᠸᠠᠳᠧ ᠰᠢᠶᠠᠨ ᠤ ᠨᠠᠮ ᠵᠠᠰᠠᠭ ᠤᠨ ᠲᠣᠮᠣ ᠠᠰᠠᠷ ᠤᠨ ᠬᠤᠶᠠᠳᠤᠭᠠᠷ

ᠳᠠᠪᠬᠤᠷᠯᠢᠭ ᠤᠨ ᠠᠯᠪᠠᠨ ᠭᠡᠷ ᠤᠨ 225

    ᠳᠠᠭᠠᠯᠳᠤᠭᠤᠯᠤᠯ᠄ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ

ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ 5 ᠳ᠋ᠤᠭᠠᠷ ᠵᠦᠢᠯ ᠤᠨ ᠴᠡᠭᠴᠡᠯᠡᠨ ᠰᠠᠶᠢᠵᠢᠷᠠᠭᠤᠯᠬᠤ

ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠤᠨ ᠬᠦᠰᠦᠨᠦᠭᠲᠦ

    ᠳᠠᠭᠠᠯᠳᠤᠭᠤᠯᠤᠯ

    ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ

ᠪᠠᠶᠢᠴᠠᠭᠠᠯᠲᠠ ᠶᠢᠨ 5 ᠳ᠋ᠤᠭᠠᠷ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠤᠨ

ᠬᠦᠰᠦᠨᠦᠭᠲᠦ

    ᠴᠡᠭᠴᠡᠯᠡᠨ ᠰᠠᠶᠢᠵᠢᠷᠠᠭᠤᠯᠬᠤ ᠡᠭᠦᠷᠭᠡ

    ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ

ᠪᠠᠢᠴᠠᠭᠠᠯᠲᠠ ᠶᠢᠨ 5 ᠳ᠋ᠤᠭᠠᠷ ᠲᠥᠷᠥᠯ ᠤᠨ ᠴᠡᠭᠴᠡᠯᠡᠨ ᠥᠭᠡᠷᠡᠴᠢᠯᠡᠬᠦ ᠡᠭᠦᠷᠭᠡ᠄

ᠵᠦᠪᠰᠢᠶ᠋ᠶᠡᠷᠡᠭᠳᠡᠭᠡ ᠦᠭᠡᠢ ᠤᠷᠢᠳᠠᠪᠡᠷ ᠪᠠᠢᠭᠤᠯᠬᠤ᠂ ᠲᠣᠭᠲᠠᠭᠠᠯ ᠠᠴᠠ

ᠵᠥᠷᠢᠴᠡᠨ ᠬᠢᠨᠠᠨ ᠵᠦᠪᠰᠢᠶᠡᠷᠡᠬᠦ ᠠᠰᠠᠭᠤᠳᠠᠯ ᠣᠯᠠᠨ ᠡᠭᠦᠰᠴᠡᠢ᠃ 2018 ᠣᠨ ᠠᠴᠠ

ᠨᠠᠰᠢ᠂ ᠥᠪᠡᠷᠲᠡᠭᠡᠨ ᠵᠠᠰᠠᠬᠤ ᠣᠷᠣᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ ᠳᠠᠮᠵᠢᠭᠰᠠᠨ ᠥᠬᠡᠶ ︽

ᠬᠤᠶᠠᠷ ᠥᠨᠳᠥᠷ︾ ᠲᠥᠷᠥᠯ ᠵᠦᠢᠯ 42 ᠬᠦᠷᠴᠦ᠂ ᠠᠶᠢᠮᠠᠭ ᠬᠤᠲᠠ᠂ ᠬᠤᠰᠢᠭᠤ ᠰᠢᠶᠠᠨ ᠤ ᠠᠵᠤ ᠦᠢᠯᠡᠳᠪᠦᠷᠢ

ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ 2017 ᠣᠨ ᠠᠴᠠ ᠨᠠᠭᠠᠰᠢ ᠡᠷᠬᠡ ᠪᠠᠨ ᠳᠠᠪᠠᠵᠤ ᠡᠨᠧᠷᠭᠢ

ᠠᠷᠪᠢᠯᠠᠬᠤ ᠬᠢᠨᠠᠨ ᠪᠠᠶᠢᠴᠠᠭᠠᠯᠲᠠ ᠶᠢᠨ ᠰᠠᠨᠠᠯ 32 ᠭᠠᠷᠭᠠᠪᠠ᠃ ᠡᠭᠦᠨ ᠳᠤ ᠤᠯᠠᠭᠠᠨᠴᠠᠪ ᠬᠤᠲᠠ

ᠵᠥᠪᠰᠢᠶᠡᠷᠡᠭᠦᠯᠦᠭᠡᠳᠦᠶ ᠪᠠᠷ ᠤᠷᠢᠳᠠᠪᠠᠷ 18 ᠲᠥᠷᠥᠯ ᠵᠦᠢᠯ ᠢ ᠪᠠᠶᠢᠭᠤᠯᠵᠤ᠂ ᠡᠷᠬᠡ ᠠᠴᠠ ᠪᠠᠨ ᠳᠠᠪᠠᠵᠤ 20

ᠲᠥᠷᠥᠯ ᠵᠦᠢᠯ ᠢ ᠬᠢᠨᠠᠨ ᠵᠥᠪᠰᠢᠶᠡᠷᠡᠪᠡ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ

ᠵᠠᠩᠭᠢᠵᠢᠯᠲᠠ ᠶᠢᠨ ᠰᠠᠯᠠᠭ᠎ᠠ ᠮᠥᠴᠢᠷ ᠤᠨ ᠪᠣᠭᠤᠮᠲᠠ ᠡᠵᠡᠮᠳᠡᠭᠰᠡᠨ ᠨᠢ ᠴᠢᠩᠭ᠎ᠠ ᠪᠢᠰᠢ᠂ ᠤᠯᠠᠭᠠᠨᠴᠠᠪ᠂ ᠣᠷᠳᠣᠰ᠂

ᠠᠯᠠᠱᠠ ᠵᠡᠷᠭᠡ ᠠᠶᠢᠮᠠᠭ ᠬᠤᠲᠠ ᠶᠢᠨ ᠡᠨᠧᠷᠭᠢ ᠶᠢᠨ ᠬᠤᠷᠣᠭᠳᠠᠯ ᠤᠨ ᠡᠷᠴᠢᠮ ᠢ ᠡᠵᠡᠮᠳᠡᠵᠦ ᠳᠡᠶᠢᠯᠬᠦ ᠥᠬᠡᠶ ᠪᠠᠶᠢᠳᠠᠯ

ᠳᠣᠤᠷ᠎ᠠ᠂ 2018 ᠣᠨ ᠠᠴᠠ 2020 ᠤᠨ ᠪᠣᠯᠲᠠᠯ᠎ᠠ ᠮᠥᠨ ᠬᠦ ᠳᠡᠭᠡᠷᠡᠬᠢ ᠠᠶᠢᠮᠠᠭ ᠬᠤᠲᠠ ᠶᠢᠨ ᠨᠡᠶᠢᠲᠡ 20

︽ᠬᠤᠶᠠᠷ ᠥᠨᠳᠥᠷ︾ ᠲᠥᠷᠥᠯ ᠵᠦᠢᠯ ᠤᠨ ᠡᠨᠧᠷᠭᠢ ᠶᠢᠨ ᠦᠨᠡᠯᠡᠯᠲᠡ ᠶᠢᠨ ᠮᠡᠳᠡᠭᠦᠯᠦᠯᠲᠡ ᠶᠢ ᠬᠢᠨᠠᠨ

ᠵᠥᠪᠰᠢᠶᠡᠷᠡᠪᠡ᠃

    ᠬᠤᠸᠠᠳᠧ ᠰᠢᠶᠠᠨ ᠤ 4 ᠲᠥᠷᠥᠯ ᠵᠦᠢᠯ ᠢ ᠤᠷᠢᠳᠠᠪᠠᠷ ᠪᠠᠶᠢᠭᠤᠯᠬᠤ ᠶᠢ ᠵᠥᠪᠰᠢᠶᠡᠷᠡᠵᠦ᠂ ᠲᠣᠰ ᠲᠣᠰ ᠥᠪᠥᠷ

ᠮᠣᠩᠭᠤᠯ ᠤᠨ ᠢ ᠯᠢ ᠲᠡᠮᠦᠷᠯᠢᠭ ᠬᠠᠶᠢᠯᠤᠭᠤᠯᠬᠤ ᠬᠢᠵᠠᠭᠠᠷᠲᠤ ᠺᠣᠮᠫᠠᠨᠢ ᠶᠢᠨ ᠠᠭᠤᠷᠬᠠᠢ ᠶᠢᠨ ᠢᠯᠴᠢ ᠶᠢᠨ

ᠵᠤᠤᠬ᠎ᠠ ᠶᠢᠨ ᠦᠢᠯᠡᠳᠬᠦᠨ ᠤ ᠬᠡᠯᠪᠡᠷᠢ ᠪᠠᠨ ᠬᠤᠪᠢᠷᠠᠭᠤᠯᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ᠂

ᠬᠤᠸᠠᠳᠧ ᠰᠢᠶᠠᠨ ᠤ ᠶᠢᠨ ᠰᠢᠨ ᠲᠡᠮᠦᠷ ᠤᠨ ᠬᠠᠶᠢᠯᠤᠰᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠢᠯ ᠳᠤ

9 ᠲᠦᠮᠡᠨ ᠲᠣᠨ ᠴᠠᠬᠢᠭᠤᠷ ᠮᠠᠩᠭᠠᠨ ᠤ ᠬᠠᠶᠢᠯᠤᠰᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ᠂

ᠬᠤᠸᠠᠳᠧ ᠰᠢᠶᠠᠨ ᠤ ᠵᠢᠶᠠ ᠮᠢᠩ ᠪᠣᠯᠣᠳ ᠲᠡᠮᠦᠷ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ 2 ×

30000KVA ᠬᠠᠭᠠᠰ ᠨᠢᠭᠲᠠ ᠪᠢᠲᠡᠭᠦᠮᠵᠢᠯᠡᠭᠰᠡᠨ ᠨᠢᠺᠧᠯ ᠲᠡᠮᠦᠷ ᠵᠤᠤᠬ᠎ᠠ ᠶᠢᠨ ᠬᠡᠯᠪᠡᠷᠢ ᠪᠠᠨ ᠬᠤᠪᠢᠷᠠᠭᠤᠯᠤᠨ

ᠥᠭᠡᠷᠡᠴᠢᠯᠡᠬᠦ 2 × 36000KVA ᠪᠦᠷᠢᠨ ᠪᠢᠳᠡᠭᠦᠤ ᠴᠠᠬᠢᠭᠤᠷ ᠮᠠᠩᠭᠠᠨ ᠤ ᠬᠠᠶᠢᠯᠤᠰᠢ ᠶᠢᠨ ᠵᠤᠤᠬ᠎ᠠ ᠶᠢᠨ

ᠲᠥᠷᠥᠯ ᠵᠦᠢᠯ᠂ ᠬᠤᠸᠠᠳᠧ ᠰᠢᠶᠠᠨ ᠤ ᠮᠧᠩ ᠢᠦᠶ ᠲᠡᠮᠦᠷ ᠤᠨ ᠬᠠᠶᠢᠯᠤᠰᠢ ᠶᠢᠨ ᠬᠢᠵᠠᠭᠠᠷᠲᠤ ᠺᠣᠮᠫᠠᠨᠢ ᠶᠢᠨ 2 ×

30000KVA ᠥᠨᠳᠥᠷ ᠨᠡᠭᠦᠷᠡᠰᠦᠲᠥ᠋ᠷᠥᠭᠴᠢᠲᠦ ᠾᠷᠣᠮ ᠤᠨ ᠲᠡᠮᠦᠷ ᠤᠨ ᠬᠠᠶᠢᠯᠤᠰᠢ ᠶᠢᠨ ᠬᠢᠵᠠᠭᠠᠷᠲᠤ

ᠺᠣᠮᠫᠠᠨᠢ ᠶᠢᠨ 2 × 30000KVA ᠥᠨᠳᠥᠷ ᠨᠡᠭᠦᠷᠡᠰᠦᠲᠥ᠋ᠷᠥᠭᠴᠢᠲᠦ ᠾᠷᠣᠮ ᠲᠡᠮᠦᠷ ᠤᠨ ᠠᠭᠤᠷᠬᠠᠶ ᠶᠢᠨ

ᠢᠯᠴᠢ ᠶᠢᠨ ᠵᠤᠤᠬ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ᠎ᠠ᠃

    ᠰᠢᠨ ᠰᠢᠨ ᠽᠧ ᠬᠠᠶᠢᠯᠤᠰᠢ ᠶᠢᠨ ᠬᠠᠶᠢᠯᠤᠰᠢ ᠪᠣᠯᠪᠠᠰᠤᠷᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ

2 × 33000KVA ᠪᠦᠷᠢᠨ ᠪᠢᠲᠡᠭᠦᠮᠵᠢᠯᠡᠭᠰᠡᠨ ᠴᠠᠬᠢᠭᠤᠷ ᠮᠠᠩᠭᠠᠨ ᠤ ᠬᠠᠶᠢᠯᠤᠰᠢ ᠶᠢᠨ ᠠᠭᠤᠷᠬᠠᠢ ᠶᠢᠨ

ᠢᠯᠴᠢ ᠶᠢᠨ ᠵᠤᠤᠬ᠎ᠠ ᠶᠢᠨ ᠲᠥᠷᠥᠯ ᠵᠦᠢᠯ᠂ ᠬᠤᠸᠠᠳᠧ ᠰᠢᠶᠠᠨ ᠤ ᠲᠢᠶᠠᠨ ᠴᠧᠩ ᠲᠡᠮᠦᠷ ᠤᠨ ᠬᠠᠶᠢᠯᠤᠰᠢ ᠶᠢᠨ

ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠢᠯ ᠳᠤ 20 ᠲᠦᠮᠡᠨ ᠲᠣᠨ ᠴᠠᠬᠢᠭᠤᠷ ᠮᠠᠩᠭᠠᠨ ᠤ ᠬᠠᠶᠢᠯᠤᠰᠢᠨ ᠵᠢᠴᠢ

ᠦᠯᠡᠳᠡᠭᠳᠡᠯ ᠰᠢᠭᠠᠷᠤ᠂ ᠦᠯᠡᠳᠡᠪᠦᠷᠢ ᠢᠯᠴᠢ ᠶᠢ ᠶᠡᠷᠦᠩᠬᠡᠶᠢᠯᠡᠨ ᠠᠰᠢᠭᠯᠠᠬᠤ ᠣᠷᠴᠢᠯ ᠠᠵᠤ ᠠᠬᠤᠢ ᠶᠢᠨ ᠲᠥᠷᠥᠯ

ᠵᠦᠢᠯ᠂ ᠬᠤᠸᠠᠳᠧ ᠰᠢᠶᠠᠨ ᠤ ᠮᠧᠩ ᠳ᠋ᠡ ᠲᠢᠲ᠋ᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠢᠯ ᠳᠤ 30 ᠲᠦᠮᠡᠨ

ᠲᠣᠨ ᠳᠡᠭᠡᠳᠦ ᠲᠢᠲ᠋ᠠᠨ ᠤ ᠰᠢᠭᠠᠷᠤ ᠶᠢᠨ ᠦᠢᠯᠡᠳᠪᠦᠷᠢᠯᠡᠯ ᠤᠨ ᠱᠤᠭᠤᠮ ᠤᠨ ᠮᠡᠷᠭᠡᠵᠢᠯ ᠢ ᠥᠭᠡᠷᠡᠴᠢᠯᠡᠨ ᠥᠷᠭᠡᠳᠬᠡᠨ

ᠪᠠᠶᠢᠭᠤᠯᠬᠤ ᠲᠥᠷᠥᠯ ᠵᠦᠢᠯ᠂ ᠬᠤᠸᠠᠳᠧ ᠰᠢᠶᠠᠨ ᠤ ᠮᠧᠩ ᠳ᠋ᠠ ᠲᠢᠲ᠋ᠠᠨ ᠤ ᠲᠡᠮᠦᠷ ᠤᠨ ᠦᠢᠯᠡᠰ ᠤᠨ ᠬᠢᠵᠠᠭᠠᠷᠲᠤ

ᠺᠣᠮᠫᠠᠨᠢ ᠶᠢᠨ 8 ᠲᠦᠮᠡᠨ ᠲᠣᠨ / ᠵᠢᠯ ᠤᠨ ᠨᠢᠺᠧᠯ ᠲᠡᠮᠦᠷ ᠤᠨ ᠬᠠᠶᠢᠯᠤᠰᠢ ᠶᠢᠨ ᠪᠦᠲᠦᠭᠡᠨ ᠪᠠᠶᠢᠭᠤᠯᠤᠯᠲᠠ ᠶᠢᠨ

ᠲᠥᠷᠥᠯ ᠵᠦᠢᠯ᠂ ᠬᠤᠸᠠᠳᠧ ᠰᠢᠶᠠᠨ ᠤ ᠵᠦᠩ ᠲᠠᠢ ᠨᠢᠺᠧᠯ ᠲᠡᠮᠦᠷ ᠤᠨ ᠬᠠᠶᠢᠯᠤᠰᠢ ᠶᠢᠨ ᠬᠢᠵᠠᠭᠠᠷᠲᠤ ᠺᠣᠮᠫᠠᠨᠢ ᠶᠢᠨ

ᠵᠢᠯ ᠳᠤ 130 ᠲᠦᠮᠡᠨ ᠲᠣᠨ ᠥᠨᠳᠥᠷ ᠨᠡᠭᠦᠷᠡᠰᠦᠲᠥ᠋ᠷᠥᠭᠴᠢᠲᠦ ᠾᠷᠣᠮ ᠲᠡᠮᠦᠷ ᠤᠨ ᠬᠠᠶᠢᠯᠤᠰᠢ ᠶᠢᠨ

ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ᠂ ᠬᠤᠸᠠᠳᠧ ᠰᠢᠶᠠᠨ ᠤ ᠺᠦᠨ ᠱᠧᠩ ᠲᠡᠮᠦᠷ ᠤᠨ

ᠬᠠᠶᠢᠯᠤᠰᠢ ᠶᠢᠨ ᠬᠢᠵᠠᠭᠠᠷᠲᠤ ᠺᠣᠮᠫᠠᠨᠢ ᠶᠢᠨ ᠵᠢᠯ ᠳᠤ 10 ᠲᠦᠮᠡᠨ ᠲᠣᠨ ᠴᠠᠬᠢᠭᠤᠷ ᠮᠠᠩᠭᠠᠨ ᠤ ᠬᠠᠶᠢᠯᠤᠰᠢ ᠶᠢᠨ

ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ᠂ ᠤᠯᠠᠭᠠᠨᠴᠠᠪ ᠬᠤᠲᠠ ᠶᠢᠨ ᠰᠢᠶᠦ᠋ᠩ ᠸᠧᠶ ᠭᠤᠸᠠᠩ ᠳ᠋ᠠ

ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 70 ᠲᠦᠮᠡᠨ ᠲᠣᠨ

ᠪᠢᠴᠢᠯ ᠨᠡᠭᠦᠷᠡᠰᠦᠲᠥ᠋ᠷᠥᠭᠴᠢ ᠶᠢᠨ ᠬᠠᠶᠢᠯᠤᠰᠢ ᠶᠢᠨ ᠲᠥᠷᠥᠯ ᠵᠦᠢᠯ ᠦᠢᠯᠡᠳᠪᠦᠷᠢᠯᠡᠬᠦ ᠪᠤᠯᠤᠨ᠎ᠠ᠃

ᠬᠠᠷᠢᠭᠤᠴᠠᠯᠭᠠᠲᠤ ᠨᠢᠭᠡᠴᠢ

    ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ

    ᠴᠡᠭᠴᠡᠯᠡᠨ ᠰᠠᠶᠢᠵᠢᠷᠠᠭᠤᠯᠬᠤ ᠬᠠᠷᠠᠯᠲᠠ

    ᠥᠭᠡᠷᠡᠴᠢᠯᠡᠯᠲᠡ ᠳᠤ ᠬᠤᠯᠪᠣᠭᠳᠠᠭᠰᠠᠨ ᠲᠥᠷᠥᠯ ᠵᠦᠶ᠋ᠯ ᠢ ᠪᠥᠬᠦ ᠲᠠᠯ᠎ᠠ ᠪᠠᠷ ᠡᠮᠬᠢᠯᠡᠵᠦ᠂ ᠲᠥᠷᠥᠯ ᠬᠤᠪᠢᠶᠠᠨ

ᠴᠡᠭᠴᠡᠯᠡᠨ ᠰᠠᠶᠢᠵᠢᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃

    ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ

    ︵1︶ ᠵᠥᠪᠰᠢᠶᠡᠷᠡᠭᠦᠯᠦᠭᠡᠳᠦᠶ ᠪᠠᠷ ᠤᠷᠢᠳᠠᠪᠠᠷ ᠪᠠᠶᠢᠭᠤᠯᠬᠤ ᠲᠥᠷᠥᠯ ᠵᠦᠢᠯ ᠳᠤ ᠡᠨᠧᠷᠭᠢ ᠶᠢᠨ ᠰᠢᠮᠳᠠᠭᠤᠯᠤᠨ

ᠪᠠᠶᠢᠴᠠᠭᠠᠯᠲᠠ ᠶᠢ ᠥᠷᠨᠢᠭᠦᠯᠵᠦ᠂ ᠡᠨᠧᠷᠭᠢ ᠶᠢᠨ ᠦᠷ᠎ᠡ ᠪᠦᠲᠦᠮᠵᠢ ᠨᠢ ᠨᠢᠭᠡᠳᠦᠭᠡᠷ ᠳᠡᠰ ᠤᠨ ᠪᠠᠷᠢᠮᠵᠢᠶ᠎ᠠ ᠳᠤ

ᠬᠦᠷᠦᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ

ᠮᠥᠴᠢᠷ ᠲᠤ ᠮᠡᠳᠡᠭᠦᠯᠦᠨ ᠡᠨᠧᠷᠭᠢ ᠠᠷᠪᠢᠯᠠᠬᠤ ᠶᠢ ᠬᠢᠨᠠᠨ ᠵᠥᠪᠰᠢᠶᠡᠷᠡᠭᠦᠯᠬᠦ ᠭᠠᠷᠳᠠᠮ ᠢ ᠨᠥᠬᠦᠨ

ᠭᠦᠢᠴᠡᠳᠬᠡᠭᠦᠯᠬᠦ ᠪᠠᠷ ᠮᠡᠳᠡᠭᠦᠯᠦᠨ᠎ᠡ︔ ᠨᠢᠭᠡᠳᠦᠭᠡᠷ ᠳᠡᠰ ᠤᠨ ᠪᠠᠷᠢᠮᠵᠢᠶ᠎ᠠ ᠳᠤ ᠬᠦᠷᠬᠦ ᠦᠭᠡᠢ ᠶᠢ ᠨᠢ ︽ᠨᠢᠭᠡ ᠠᠵᠤ

ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠶᠣᠰᠣᠭᠠᠷ ᠡᠨᠧᠷᠭᠢ ᠠᠷᠪᠢᠯᠠᠬᠤ ᠮᠡᠷᠭᠡᠵᠢᠯ ᠤᠨ

ᠥᠭᠡᠷᠡᠴᠢᠯᠡᠯᠲᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠥᠰᠦᠯ ᠲᠣᠭᠲᠠᠭᠠᠵᠤ᠂ ᠬᠤᠭᠤᠴᠠᠭ᠎ᠠ ᠬᠢᠵᠠᠭᠠᠷᠯᠠᠨ

ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠵᠦ᠂ ᠥᠭᠡᠷᠡᠴᠢᠯᠡᠬᠦ ᠲᠥᠰᠦᠯ ᠢ ᠳᠡᠰ ᠳᠠᠷᠠᠭᠠᠯᠠᠯ ᠶᠣᠰᠣᠭᠠᠷ

ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ

ᠪᠠᠶᠢᠴᠠᠭᠠᠯᠭᠠᠵᠤ ᠳᠠᠩᠰᠠᠯᠠᠭᠤᠯᠤᠨ᠂ ᠡᠨᠧᠷᠭᠢ ᠠᠷᠪᠢᠯᠠᠬᠤ ᠶᠢ ᠬᠢᠨᠠᠨ ᠵᠥᠪᠰᠢᠶᠡᠷᠡᠬᠦ ᠭᠠᠷᠳᠠᠮ ᠢ ᠨᠥᠬᠦᠵᠦ

ᠭᠦᠢᠴᠡᠳᠬᠡᠨ᠎ᠡ᠃ 2022 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠡᠨᠧᠷᠭᠢ ᠠᠷᠪᠢᠯᠠᠬᠤ ᠬᠢᠨᠠᠨ

ᠪᠠᠶᠢᠴᠠᠭᠠᠯᠲᠠ ᠶᠢᠨ ᠭᠠᠷ ᠭᠦᠢᠴᠡᠳᠬᠡᠯ ᠢ ᠲᠡᠭᠦᠯᠳᠡᠷᠵᠢᠭᠦᠯᠵᠦ᠂ ᠬᠤᠭᠤᠴᠠᠭ᠎ᠠ ᠥᠩᠭᠡᠷᠡᠲᠡᠯ᠎ᠡ ᠪᠡᠶᠡᠯᠡᠭᠦᠯᠦᠭᠰᠡᠨ

ᠦᠭᠡᠢ ᠪᠣᠯ ᠠᠵᠢᠯ ᠵᠣᠭᠰᠣᠵᠤ ᠦᠢᠯᠡᠳᠪᠦᠷᠢᠯᠡᠯ ᠢᠶᠠᠨ ᠵᠣᠭᠰᠣᠭᠠᠨ᠎ᠠ᠃

    ︵2︶ ᠡᠷᠬᠡ ᠠᠴᠠ ᠪᠠᠨ ᠳᠠᠪᠠᠭᠤᠯᠤᠨ ᠬᠢᠨᠠᠨ ᠵᠥᠪᠰᠢᠶᠡᠷᠡᠭᠰᠡᠨ ᠲᠥᠷᠥᠯ ᠵᠦᠢᠯ ᠳᠤ ᠤᠤᠯ ᠤᠨ ᠬᠢᠨᠠᠨ

ᠵᠥᠪᠰᠢᠶᠡᠷᠡᠭᠰᠡᠨ ᠰᠠᠯᠠᠭ᠎ᠠ ᠮᠥᠴᠢᠷ ᠠᠴᠠ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢᠨ ᠰᠠᠨᠠᠯ ᠢ ᠬᠦᠴᠦᠨ ᠦᠭᠡᠢ

ᠪᠣᠯᠭᠠᠵᠤ᠂ ᠡᠨᠧᠷᠭᠢ ᠶᠢᠨ ᠬᠢᠨᠠᠨ ᠪᠠᠶᠢᠴᠠᠭᠠᠯᠲᠠ ᠶᠢ ᠵᠡᠷᠭᠡ ᠳᠤᠨᠢ ᠥᠷᠨᠢᠭᠦᠯᠦᠨ᠂ ᠡᠨᠧᠷᠭᠢ ᠠᠷᠪᠢᠯᠠᠬᠤ ᠬᠢᠨᠠᠨ

ᠪᠠᠶᠢᠴᠠᠭᠠᠯᠲᠠ ᠶᠢᠨ ᠭᠠᠷᠳᠠᠮ ᠢ ᠬᠠᠤᠯᠢ ᠲᠣᠭᠲᠠᠭᠠᠯ ᠶᠣᠰᠣᠭᠠᠷ ᠳᠠᠬᠢᠵᠤ ᠭᠦᠢᠴᠡᠳᠬᠡᠬᠦ ᠬᠡᠷᠡᠭᠲᠡᠶ᠃

    ︵3︶ ᠰᠢᠨ᠎ᠡ ᠪᠠᠷ ᠭᠠᠷᠭᠠᠭᠰᠠᠨ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ᠴᠢᠩᠳᠠᠯᠠᠵᠤ᠂ ᠱᠠᠲᠤ ᠬᠤᠪᠢᠶᠠᠨ

ᠬᠢᠨᠠᠨ ᠵᠥᠪᠰᠢᠶᠡᠷᠡᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠣᠭᠤᠮᠲᠠ ᠶᠢ ᠴᠢᠩᠭ᠎ᠠ

ᠠᠳᠬᠤᠵᠤ᠂ ᠬᠢᠨᠠᠮᠠᠭᠠᠶ ᠠᠩᠬᠠᠨ ᠤ ᠬᠢᠨᠠᠯᠲᠠ ᠬᠢᠵᠦ᠂ ᠡᠨᠧᠷᠭᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ ᠶᠢᠨ

ᠢᠷᠡᠯᠲᠡ ᠶᠢ ᠲᠦᠢᠯ ᠤᠨ ᠣᠨᠣᠪᠴᠢᠲᠠᠶ ᠪᠠᠷ ᠨᠠᠶᠢᠳᠠᠪᠤᠷᠢᠵᠢᠭᠤᠯᠤᠨ᠂ ᠡᠷᠬᠡ ᠠᠴᠠ ᠪᠠᠨ ᠳᠠᠪᠠᠵᠤ ᠬᠢᠨᠠᠨ

ᠵᠥᠪᠰᠢᠶᠡᠷᠡᠬᠦ᠂ ᠵᠥᠪᠰᠢᠶᠡᠷᠡᠭᠦᠯᠦᠭᠡᠳᠦᠶ ᠪᠠᠷ ᠤᠷᠢᠳᠠᠪᠠᠷ ᠪᠠᠶᠢᠭᠤᠯᠬᠤ ᠠᠰᠠᠭᠤᠳᠠᠯ ᠡᠭᠦᠰᠬᠦ ᠶᠢ ᠴᠢᠩᠭ᠎ᠠ ᠴᠠᠭᠠᠵᠠᠯᠠᠨ᠎ᠠ

    ᠪᠡᠶᠡᠯᠡᠭᠦᠯᠦᠭᠰᠡᠨ ᠪᠠᠶᠢᠳᠠᠯ

    ᠬᠤᠸᠠᠳᠧ ᠰᠢᠶᠠᠨ ᠳᠤ᠄

    1. ᠬᠤᠸᠠᠳᠧ ᠰᠢᠶᠠᠨ ᠤ 4 ᠲᠥᠷᠥᠯ ᠵᠦᠢᠯ ᠢ ᠤᠷᠢᠳᠠᠪᠠᠷ ᠪᠦᠲᠦᠭᠡᠨ ᠪᠠᠶᠢᠭᠤᠯᠵᠤ᠂ ᠬᠢᠨᠠᠨ ᠲᠣᠭᠲᠠᠭᠠᠬᠤ

ᠭᠠᠷᠳᠠᠮ ᠢ ᠨᠢᠭᠡᠨᠲᠡ ᠲᠡᠭᠦᠯᠳᠡᠷᠵᠢᠭᠦᠯᠪᠡ᠃

    2. ᠡᠷᠬᠡ ᠠᠴᠠ ᠪᠠᠨ ᠳᠠᠪᠠᠭᠤᠯᠤᠨ ᠬᠤᠸᠠᠳᠧ ᠰᠢᠶᠠᠨ ᠤ 7 ᠲᠦᠷᠦᠯ ᠵᠦᠢᠯ ᠢ ᠬᠢᠨᠠᠨ ᠵᠥᠪᠰᠢᠶᠡᠷᠡᠵᠦ᠂

ᠤᠤᠯ ᠤᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢᠨ ᠴᠣᠬᠤᠯᠠᠪᠤᠷᠢ ᠶᠢᠨ ᠪᠢᠴᠢᠭ ᠮᠠᠲ᠋ᠧᠷᠢᠶᠠᠯ ᠢ ᠨᠢᠭᠡᠨᠲᠡ

ᠬᠦᠴᠦᠨ ᠦᠭᠡᠢ ᠪᠣᠯᠭᠠᠵᠤ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠭᠠᠷ ᠭᠦᠢᠴᠡᠳᠬᠡᠯ ᠢ ᠲᠠᠬᠢᠨ

ᠲᠡᠭᠦᠯᠳᠡᠷᠵᠢᠭᠦᠯᠪᠡ᠃

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ

ᠣᠷᠴᠢᠭᠤᠯᠤᠭᠴᠢ᠄ ᠭᠠᠩᠭ᠎ᠠ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2