︽ᠭᠤᠷᠪᠠᠨ ᠲᠣᠭᠤᠷᠢᠨ ᠳᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠢ ᠥᠨᠳᠥᠷ ᠪᠦᠲᠦᠮᠵᠢᠲᠡᠶ ᠪᠠᠷ ᠠᠬᠢᠭᠤᠯᠪᠠ
ᠨᠡᠶᠢᠲᠡᠯᠡᠭᠰᠡᠨ ᠴᠠᠭ᠄
2024/12/4

    ᠮᠠᠨ ᠤ ᠱᠢᠶᠠᠩ ᠤ ᠬᠢᠨᠠᠨ ᠪᠣᠳᠣᠬᠤ ᠲᠣᠪᠴᠢᠶ᠎ᠠ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠬᠤ

ᠠᠵᠢᠯ ᠢ ᠥᠨᠳᠥᠷ ᠪᠦᠲᠦᠮᠵᠢᠲᠡᠢ ᠲᠦᠯᠬᠢᠨ ᠠᠬᠢᠭᠤᠯᠤᠨ᠎ᠠ᠃

    ᠨᠢᠭᠡ ᠳᠤ᠂ ᠪᠦᠬᠦᠨ ᠢ ᠬᠠᠮᠤᠷᠬᠤ ᠬᠠᠷᠠᠯᠲᠠ ᠶᠢᠨ ᠲᠣᠭᠤᠷᠢᠨ ᠳᠤ᠂ ᠬᠢᠨᠠᠨ ᠪᠣᠳᠣᠬᠤ ᠲᠥᠷᠥᠯ ᠵᠦᠢᠯ ᠢ

ᠰᠦᠪᠡᠭᠴᠢᠯᠡᠨ᠎ᠡ᠃ ᠬᠢᠨᠠᠨ ᠪᠤᠳᠤᠬᠤ ᠬᠢᠨᠠᠯᠲᠠ ᠲᠠᠯᠪᠢᠬᠤ ᠪᠠ ᠺᠠᠳ᠋ᠷ ᠤᠨ ᠬᠢᠨᠠᠯᠲᠠ ᠲᠠᠯᠪᠢᠬᠤ ᠬᠡᠷᠡᠭᠴᠡᠭᠡ ᠶᠢ ᠪᠥᠬᠦ

ᠲᠠᠯ᠎ᠠ ᠪᠠᠷ ᠨᠢᠭᠡᠳᠦᠯᠲᠡᠶ ᠲᠥᠯᠥᠪᠯᠡᠵᠦ᠂ ᠣᠶᠢᠷ᠎ᠠ ᠶᠢᠨ ᠵᠢᠯ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ

ᠪᠤᠳᠤᠬᠤ ᠲᠥᠯᠥᠪᠵᠢᠭᠦᠯᠭᠡ ᠶᠢᠨ ᠲᠥᠰᠦᠯ ᠪᠠ ᠣᠲᠣ ᠶᠢᠨ ᠪᠠᠶᠢᠭ᠎ᠠ ᠬᠢᠨᠠᠨ ᠪᠤᠳᠤᠬᠤ ᠬᠦᠴᠦᠨ ᠲᠠᠢ

ᠤᠶᠠᠯᠳᠤᠭᠤᠯᠤᠨ᠂ ᠣᠨ ᠤ ᠬᠢᠨᠠᠨ ᠪᠤᠳᠤᠬᠤ ᠲᠥᠯᠥᠪᠯᠡᠭᠡ ᠶᠢᠨ ᠰᠠᠨᠠᠭᠤᠯᠭ᠎ᠠ ᠳᠤᠷᠠᠳᠴᠤ᠂ ᠰᠢᠶᠠᠨ ᠤ ᠨᠠᠮ ᠤᠨ

ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ

ᠪᠠᠶᠢᠴᠠᠭᠠᠬᠤ ᠵᠥᠪᠯᠡᠯ ᠤᠨ ᠰᠠᠨᠠᠯ ᠢ ᠬᠤᠷᠢᠶᠠᠭᠰᠠᠨ ᠤ ᠳᠠᠷᠠᠭ᠎ᠠ᠂ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ

ᠪᠤᠳᠤᠬᠤ ᠵᠦᠢᠯᠡᠰ ᠤᠨ ᠲᠥᠯᠥᠪᠯᠡᠭᠡ ᠶᠢᠨ ᠲᠥᠰᠦᠯ ᠢ ᠲᠣᠭᠲᠠᠭᠠᠵᠤ᠂ ᠰᠢᠶᠠᠨ ᠤ ᠨᠠᠮ ᠤᠨ ᠬᠤᠷᠢᠶᠠᠨ ᠤ ᠬᠢᠨᠠᠨ

ᠪᠤᠳᠤᠬᠤ ᠵᠥᠪᠯᠡᠯ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃

    ᠬᠤᠶᠠᠷ ᠲᠤ᠂ ᠶᠠᠰᠤ ᠴᠢᠨᠠᠷ ᠪᠠ ᠦᠷ᠎ᠡ ᠪᠦᠲᠦᠮᠵᠢ ᠶᠢᠨ ᠲᠣᠭᠤᠷᠢᠨ ᠳᠤ᠂ ᠬᠢᠨᠠᠨ ᠪᠤᠳᠤᠬᠤ ᠬᠦᠴᠦᠨ ᠢ

ᠨᠢᠭᠡᠳᠦᠯᠲᠡᠢ ᠲᠥᠯᠥᠪᠵᠢᠭᠦᠯᠦᠨ᠎ᠡ᠃ ᠡᠬᠢ ᠪᠠᠶᠠᠯᠢᠭ ᠤᠨ ᠲᠣᠬᠢᠷᠠᠭᠤᠯᠤᠯᠲᠠ ᠶᠢ ᠡᠮᠬᠢᠯᠡᠨ ᠨᠡᠶᠢᠯᠡᠭᠦᠯᠵᠦ᠂ ᠬᠢᠨᠠᠨ

ᠪᠤᠳᠤᠬᠤ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠢᠨᠠᠨ ᠪᠤᠳᠤᠬᠤ ᠲᠥᠰᠦᠯ᠂ ᠬᠡᠷᠡᠭᠵᠢᠭᠦᠯᠬᠦ ᠴᠠᠭ ᠬᠤᠭᠤᠴᠠᠭ᠎ᠠ᠂

ᠠᠵᠢᠯᠲᠠᠨ ᠤ ᠬᠦᠴᠦᠨ ᠤ ᠵᠣᠬᠢᠴᠠᠭᠤᠯᠭ᠎ᠠ ᠶᠢ ᠭᠦᠢᠴᠡᠳ ᠰᠠᠶᠢᠲᠤᠷ ᠬᠢᠵᠦ᠂ ︽ᠠᠵᠤ ᠠᠬᠤᠶ ᠶᠢᠨ ᠬᠠᠷᠢᠭᠤᠴᠠᠯᠭ᠎ᠠ ᠶᠢ

ᠬᠢᠨᠠᠨ ᠪᠤᠳᠤᠬᠤ︾ ᠵᠠᠭᠪᠤᠷ ᠢ ᠢᠳᠡᠪᠬᠢᠲᠡᠶ ᠪᠠᠷ ᠬᠡᠷᠡᠭᠵᠢᠭᠦᠯᠵᠦ᠂ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ

ᠪᠤᠳᠤᠬᠤ ᠪᠠ ᠡᠳ᠋ ᠤᠨ ᠵᠠᠰᠠᠭ ᠤᠨ ᠬᠢᠨᠠᠨ ᠪᠤᠳᠤᠬᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ

ᠪᠤᠳᠤᠬᠤ ᠵᠡᠷᠭᠡ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠵᠦ᠂ ᠨᠢᠭᠡ ᠤᠳᠠᠭ᠎ᠠ ᠳᠤ ᠴᠢᠭ ᠲᠤ ᠣᠷᠣᠬᠤ᠂

ᠨᠢᠭᠡᠳᠦᠭᠡᠷ ᠰᠢᠭᠦᠯᠲᠡ ᠳᠤ ᠣᠯᠠᠨ ᠵᠦᠢᠯ ᠲᠠᠢ᠂ ᠨᠢᠭᠡᠳᠦᠭᠡᠷ ᠰᠢᠭᠦᠯᠲᠡ ᠳᠤ ᠣᠯᠠᠨ ᠵᠢᠮᠢᠰ᠂ ᠨᠢᠭᠡ ᠵᠢᠮᠢᠰ ᠣᠯᠠᠨ

ᠬᠡᠷᠡᠭᠯᠡᠬᠦ ᠶᠢ ᠪᠡᠶᠡᠯᠡᠭᠦᠯᠵᠦ᠂ ᠳᠠᠪᠬᠤᠷᠳᠠᠭᠤᠯᠤᠨ ᠰᠣᠯᠪᠢᠴᠠᠨ ᠣᠷᠣᠬᠤ ᠠᠴᠠ ᠵᠠᠶᠢᠯᠠᠰᠬᠢᠵᠦ᠂ ᠬᠢᠨᠠᠨ ᠪᠤᠳᠤᠭᠳᠠᠵᠦ

ᠪᠠᠶᠢᠭ᠎ᠠ ᠨᠢᠭᠡᠴᠢ ᠶᠢᠨ ᠳᠠᠷᠤᠭᠠᠰᠤ ᠶᠢ ᠬᠥᠩᠭᠡᠷᠡᠭᠦᠯᠵᠦ᠂ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃

    ᠭᠤᠷᠪᠠ ᠳᠤ᠂ ᠬᠢᠨᠠᠨ ᠪᠤᠳᠤᠬᠤ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠬᠤ ᠶᠢᠨ ᠲᠣᠭᠤᠷᠢᠨ ᠳᠤ᠂ ᠬᠢᠨᠠᠨ

ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠨ᠎ᠠ᠃ ᠲᠤᠬᠠᠶ ᠶᠢᠨ ᠲᠠᠯᠠᠪᠤᠷ ᠤᠨ ᠬᠢᠨᠠᠨ ᠪᠤᠳᠤᠬᠤ

ᠱᠠᠲᠤᠨ ᠳᠤ᠂ ᠬᠢᠨᠠᠨ ᠪᠤᠳᠤᠭᠳᠠᠵᠦ ᠪᠠᠶᠢᠭ᠎ᠠ ᠨᠢᠭᠡᠴᠡ ᠶᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ ᠳᠡᠶᠢᠯᠬᠦ

ᠠᠰᠠᠭᠤᠳᠠᠯ ᠢ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠳᠠᠷᠦ᠋ᠢᠬᠠᠨ

ᠴᠡᠭᠴᠡᠯᠡᠨ ᠰᠠᠶᠢᠵᠢᠷᠠᠭᠤᠯᠵᠤ ᠳᠡᠶᠢᠯᠬᠦ ᠥᠬᠡᠶ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ

ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠴᠡᠭᠴᠡᠯᠡᠨ ᠰᠠᠶᠢᠵᠢᠷᠠᠭᠤᠯᠬᠤ

ᠴᠠᠭ ᠤᠨ ᠬᠢᠵᠠᠭᠠᠷ ᠢ ᠲᠣᠳᠣᠷᠬᠠᠶᠢᠯᠠᠵᠤ᠂ ︽ᠲᠠᠩᠰᠠ ᠬᠠᠷᠭᠤᠭᠤᠯᠵᠤ ᠳ᠋ᠤᠭᠠᠷ ᠬᠠᠰᠤᠬᠤ︾ ᠶᠢ ᠬᠡᠷᠡᠭᠵᠢᠭᠦᠯᠬᠦ ᠬᠡᠷᠡᠭᠲᠡᠶ᠃

ᠡᠭᠦᠨ ᠤ ᠬᠠᠮᠲᠤ᠂ ᠬᠢᠨᠠᠨ ᠪᠤᠳᠤᠬᠤ ᠳᠤᠭᠤᠶᠢᠯᠠᠩ ᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ

ᠪᠣᠳᠠᠲᠠᠶᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2