ᠨᠡᠶᠢᠭᠡᠮ ᠤᠨ ᠡᠯ᠎ᠡ ᠡᠲᠡᠭᠡᠳ ᠤᠨ ᠬᠢᠨ ᠤ ︽ᠬᠤᠸᠠᠳᠧ ᠰᠢᠶᠠᠨ ᠤ ᠰᠢᠨ ᠯᠦᠩ ᠠᠭᠤᠷᠬᠠᠶ ᠶᠢᠨ ᠦᠢᠯᠡᠰ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠢᠯ ᠳᠤ 30 ᠲᠦᠮᠡᠨ ᠲᠣᠨ ᠲᠡᠮᠦᠷ ᠤᠨ ᠬᠦᠳᠡᠷ ᠮᠠᠯᠲᠠᠵᠤ | ᠰᠣᠩᠭᠤᠬᠤ ᠲᠥᠷᠥᠯ ᠵᠦᠢᠯ︾ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠨᠠᠩ | ᠰᠠᠶᠢᠲᠤᠷ ᠬᠢᠬᠦ ᠶᠢᠨ ᠲᠥᠯᠥᠭᠡ᠂ ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠢᠬᠤᠯᠠ | ᠶᠡᠭᠡ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ | ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ | ᠬᠥᠭᠵᠢᠭᠦᠯᠦᠯᠲᠡ ᠥᠭᠡᠷᠡᠴᠢᠯᠡᠯᠲᠡ ᠪᠠᠯᠠ ᠣᠷᠣᠭᠤᠯᠤᠯᠲᠠ ︹2012︺ 2492 ᠳ᠋ᠤᠭᠠᠷ ᠲᠣᠭᠠᠲᠤ︶᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ | ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠭᠠᠨ ᠤ ᠲᠦᠷᠢᠮ ︵ᠲᠤᠷᠰᠢᠨ | ᠬᠡᠷᠡᠭᠵᠢᠭᠦᠯᠬᠦ︶︾ ᠵᠡᠷᠭᠡ ᠳᠥᠷᠪᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠮᠡᠳᠡᠭᠳᠡᠯ ︵ᠥᠪᠥᠷ | ᠲᠣᠭᠲᠠᠭᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ︵2019 ᠣᠨ ᠤ 12 ᠳ᠋ᠤᠭᠠᠷ ᠰᠠᠷ᠎ᠠ ᠶᠢᠨ 4 ᠤ ᠡᠳᠦᠷ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ︵ | 2019 ᠣᠨ ᠤ 12 ᠳ᠋ᠤᠭᠠᠷ ᠰᠠᠷ᠎ᠠ ᠶᠢᠨ 4 ᠤ ᠡᠳᠦᠷ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠲᠣᠰ | ᠲᠥᠷᠥᠯ ᠵᠦᠢᠯ ᠤᠨ ᠦᠨᠳᠦᠰᠦᠨ ᠪᠠᠶᠢᠳᠠᠯ ᠵᠢᠴᠢ ᠬᠤᠯᠪᠣᠭᠳᠠᠬᠤ ᠠᠭᠤᠯᠭ᠎ᠠ ᠶᠢ ᠵᠠᠷᠯᠠᠨ ᠨᠡᠶᠢᠲᠡᠯᠡᠬᠦ ᠶᠢᠨ ᠬᠠᠮᠲᠤ | ᠣᠯᠠᠨ ᠲᠦᠮᠡᠨ ᠤ ᠰᠠᠨᠠᠯ ᠢ ᠬᠤᠷᠢᠶᠠᠪᠠ᠃ | ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ | 1. ᠲᠥᠷᠥᠯ ᠵᠦᠢᠯ ᠤᠨ ᠨᠡᠷᠡᠶᠢᠳᠦᠯ᠄ ᠬᠤᠸᠠᠳᠧ ᠰᠢᠶᠠᠨ ᠤ ᠰᠢᠨ ᠯᠦᠩ ᠠᠭᠤᠷᠬᠠᠢ ᠶᠢᠨ ᠦᠢᠯᠡᠰ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠢᠯ ᠳᠤ 30 ᠲᠦᠮᠡᠨ ᠲᠣᠨ ᠲᠡᠮᠦᠷ ᠤᠨ ᠬᠦᠳᠡᠷ ᠮᠠᠯᠲᠠᠵᠤ | ᠰᠣᠩᠭᠤᠬᠤ ᠲᠥᠷᠥᠯ ᠵᠦᠢᠯ᠃ | 2. ᠲᠥᠷᠥᠯ ᠵᠦᠢᠯ ᠤᠨ ᠨᠢᠭᠡᠴᠡ᠄ ᠬᠤᠸᠠᠳᠧ ᠰᠢᠶᠠᠨ ᠤ ᠰᠢᠨ ᠯᠦᠩ ᠠᠭᠤᠷᠬᠠᠢ ᠶᠢᠨ ᠦᠢᠯᠡᠰ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ | 3. ᠪᠦᠲᠦᠭᠡᠨ ᠪᠠᠶᠢᠭᠤᠯᠬᠤ ᠭᠠᠵᠠᠷ᠄ ᠬᠤᠸᠠᠳᠧ ᠰᠢᠶᠠᠨ ᠤ ᠴᠤᠤᠶᠠᠩ ᠪᠠᠯᠭᠠᠰᠤᠨ ᠤ ᠬᠤᠶᠢᠲᠤ ᠤᠷᠤᠰᠬᠠᠯ ᠤᠨ | ᠲᠣᠰᠬᠤᠨ ︵ᠠᠶᠢᠯ ᠲᠣᠰᠬᠤᠨ︶᠃ | 4. ᠪᠦᠲᠦᠭᠡᠨ ᠪᠠᠶᠢᠭᠤᠯᠬᠤ ᠠᠵᠢᠯ ᠤᠨ ᠬᠤᠭᠤᠴᠠᠭ᠎ᠠ᠄ 5 ᠵᠢᠯ᠃ | 5. ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠬᠢᠭᠡᠳ ᠠᠭᠤᠯᠭ᠎ᠠ᠄ | ᠲᠤᠰ ᠲᠥᠷᠥᠯ ᠵᠦᠢᠯ ᠤᠨ ᠶᠡᠷᠦᠩᠬᠡᠢ ᠬᠡᠷᠡᠭᠯᠡᠬᠦ ᠭᠠᠵᠠᠷ ᠤᠨ ᠲᠠᠯᠠᠪᠠᠢ 52497 ᠺᠦᠸᠠᠳ᠋ ᠮᠧ᠊ᠲᠷ᠂ 78. | 7455 ᠮᠦ ᠪᠠᠶᠢᠵᠤ᠂ ᠭᠤᠣᠯ ᠪᠣᠯᠬᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠨᠢ᠄ ᠦᠢᠯᠡᠳᠪᠦᠷᠢᠯᠡᠯ ᠤᠨ | ᠣᠷᠣᠨ᠂ ᠨᠡᠭᠡᠭᠡᠨ ᠮᠠᠯᠲᠠᠬᠤ ᠣᠷᠣᠨ᠂ ᠦᠯᠡᠳᠡᠭᠳᠡᠯ ᠬᠦᠳᠡᠷ ᠤᠨ ᠬᠥᠮᠥᠷᠭᠡ᠂ ᠠᠮᠢᠳᠤᠷᠠᠯ ᠤᠨ ᠲᠣᠭᠤᠷᠢᠭ ᠪᠣᠯᠣᠨ᠎ᠠ | ᠃ | 6. ᠪᠠᠷᠢᠯᠭ᠎ᠠ ᠶᠢᠨ ᠪᠡᠯᠡ ᠣᠷᠣᠭᠤᠯᠤᠯᠲᠠ 3000 ᠲᠦᠮᠡᠨ ᠲᠥᠭᠦᠷᠢᠭ᠃ | ᠬᠤᠶᠠᠷ᠂ ᠦᠨᠡᠯᠡᠨ ᠵᠢᠱᠢᠬᠦ ᠠᠩᠬ᠎ᠠ ᠠᠯᠬᠤᠮ ᠲᠣᠭᠲᠠᠭᠠᠭᠰᠠᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ | ᠭᠤᠤᠯ ᠬᠦᠴᠦᠨ ᠵᠦᠢᠯ | 1. ᠲᠥᠷᠥᠯ ᠵᠦᠢᠯ ᠤᠨ ᠬᠠᠤᠯᠢ ᠶᠣᠰᠣᠴᠢ ᠴᠢᠨᠠᠷ᠂ ᠪᠣᠯᠤᠮᠵᠢᠲᠤ ᠴᠢᠨᠠᠷ᠂ ᠭᠠᠵᠠᠷ ᠲᠠᠲᠠᠪᠤᠷᠢᠯᠠᠭᠰᠠᠨ ᠳᠤ | ᠨᠥᠬᠦᠪᠥᠷᠢ ᠥᠭᠬᠦ᠂ ᠨᠤᠷᠠᠭᠠᠵᠤ ᠨᠡᠭᠦᠯᠭᠡᠵᠦ ᠲᠥᠪᠬᠢᠨᠡᠭᠦᠯᠬᠦ ᠵᠡᠷᠭᠡ᠃ | 2. ᠪᠦᠲᠦᠭᠡᠨ ᠪᠠᠶᠢᠭᠤᠯᠤᠯᠲᠠ ᠶᠢᠨ ᠨᠢᠭᠡᠴᠢ ᠠᠵᠢᠯᠴᠢᠳ ᠤᠨ ᠴᠠᠯᠢᠩ ᠢ ᠥᠷᠢᠲᠦᠵᠦ | ᠤᠳᠠᠭᠠᠰᠢᠷᠠᠭᠤᠯᠤᠭᠰᠠᠨ ᠠᠴᠠ ᠪᠣᠯᠬᠤ ᠬᠠᠮᠲᠤᠯᠢᠭ ᠤᠨ ᠴᠢᠨᠠᠷᠲᠠᠢ ᠬᠡᠷᠡᠭ | 3. ᠲᠦᠷᠤᠯ ᠵᠦᠢᠯ ᠤᠨ ᠪᠠᠷᠢᠯᠭ᠎ᠠ ᠶᠢᠨ ᠬᠤᠭᠤᠴᠠᠭ᠎ᠠ ᠶᠢᠨ ᠲᠠᠭᠤ ᠱᠤᠤᠬᠢᠶᠠᠨ ᠤ ᠪᠤᠬᠢᠷᠳᠤᠯ᠂ ᠨᠠᠷᠢᠨ | ᠲᠤᠭᠤᠰᠤᠨ ᠤ ᠪᠤᠬᠢᠷᠳᠤᠯ᠂ ᠵᠠᠮ ᠬᠠᠷᠢᠯᠴᠠᠭᠠᠨ ᠤ ᠨᠦᠯᠤᠬᠡ ᠵᠡᠷᠬᠡ ᠡᠬᠦᠰᠬᠦ ᠪᠤᠯᠤᠮᠵᠢ ᠲᠠᠢ ᠪᠦᠯᠦᠭᠯᠡᠯ ᠤᠨ ᠴᠢᠨᠠᠷᠳᠠᠢ | ᠬᠡᠷᠡᠭ | 4. ᠲᠥᠷᠥᠯ ᠵᠦᠢᠯ ᠪᠠᠷᠢᠯᠭ᠎ᠠ ᠪᠠᠷᠢᠬᠤ ᠬᠤᠭᠤᠴᠠᠭᠠᠨ ᠤ ᠪᠠᠷᠢᠯᠭ᠎ᠠ ᠪᠠᠷᠢᠬᠤ ᠬᠠᠮᠢᠶᠠᠷᠤᠯᠲᠠ᠂ ᠨᠡᠶᠢᠭᠡᠮ ᠤᠨ | ᠠᠮᠤᠷ ᠢ ᠬᠠᠮᠠᠭᠠᠯᠠᠬᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠲᠦᠭᠰᠢᠭᠦᠷᠢ ᠠᠴᠠ ᠪᠣᠯᠤᠭᠰᠠᠨ ᠲᠦᠭᠰᠢᠭᠦᠷᠢ ᠶᠢᠨ | ᠬᠡᠷᠡᠭ ᠶᠠᠪᠤᠳᠠᠯ᠃ | ᠭᠤᠷᠪᠠ᠂ ᠣᠯᠠᠨ ᠨᠡᠶᠢᠲᠡ ᠶᠢᠨ ᠰᠠᠨᠠᠯ ᠤᠨ ᠬᠡᠪᠴᠢᠶ᠎ᠡ ᠪᠠ ᠭᠤᠣᠯ ᠵᠦᠢᠯᠡᠰ | ᠵᠠᠷᠯᠠᠨ ᠨᠡᠶᠢᠲᠡᠯᠡᠬᠦ ᠡᠲᠡᠭᠡᠳ ᠪᠣᠯ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠣᠷᠣᠨ ᠤ ᠳᠣᠲᠣᠷᠠᠬᠢ ᠵᠢᠴᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠢᠯᠯᠠᠭᠠᠨ ᠤ | ᠨᠥᠯᠥᠭᠡ ᠶᠢ ᠭᠥᠷᠳᠡᠵᠦ ᠮᠡᠳᠡᠬᠦ ᠣᠯᠠᠨ ᠲᠦᠮᠡᠨ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ᠎ᠠ᠃ | ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠤᠯᠠᠨ ᠨᠡᠶᠢᠲᠡ ᠶᠢᠨ ᠲᠤᠰ ᠢᠨᠵᠧᠨᠧᠷᠢᠩ ᠤᠨ ᠲᠤᠬᠠᠢ ᠰᠠᠨᠠᠯ ᠢ | ᠬᠤᠷᠢᠶᠠᠬᠤ ᠳᠤ᠂ ᠬᠡᠷᠪᠡ ᠪᠤᠰᠤᠳ ᠲᠠᠯ᠎ᠠ ᠶᠢᠨ ᠰᠠᠨᠠᠯ ᠪᠤᠶᠤ ᠰᠠᠨᠠᠭᠤᠯᠭ᠎ᠠ ᠶᠢ ᠴᠦ ᠳᠤᠷᠠᠳᠴᠤ ᠪᠣᠯᠤᠨ᠎ᠠ᠄ | 1᠂ ᠲᠠ ᠲᠥᠰᠥᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠰᠡᠬᠦ᠃ | 2᠂ ᠲᠠᠨ ᠤ ᠦᠵᠡᠬᠦ ᠪᠠᠷ ᠲᠦᠷᠦᠯ ᠵᠦᠢᠯ ᠢ ᠪᠠᠶᠢᠭᠤᠯᠬᠤ ᠨᠢ ᠲᠤᠰ ᠭᠠᠵᠠᠷ ᠣᠷᠣᠨ ᠤ ᠨᠡᠶᠢᠭᠡᠮ ᠤᠨ ᠠᠵᠤ | ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠠᠰᠢᠭᠲᠠᠢ ᠡᠰᠡᠬᠦ᠃ | 3᠂ ᠲᠥᠰᠥᠯ ᠤᠨ ᠪᠦᠲᠦᠭᠡᠨ ᠪᠠᠶᠢᠭᠤᠯᠤᠯᠲᠠ ᠨᠢ ᠲᠤᠬᠠᠢ ᠶᠢᠨ ᠭᠠᠵᠠᠷ ᠤᠨ ᠣᠷᠴᠢᠨ ᠲᠣᠭᠤᠷᠢᠨ ᠳᠤ | ᠦᠵᠡᠭᠦᠯᠬᠦ ᠨᠥᠯᠥᠭᠡ᠃ | 4᠂ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠨᠢ ᠲᠠᠨ ᠤ ᠲᠤᠰ ᠬᠥᠮᠦᠨ ᠤ ᠠᠮᠢᠳᠤᠷᠠᠯ ᠪᠤᠶᠤ | ᠠᠵᠢᠯ ᠤᠨ ᠣᠷᠴᠢᠨ ᠲᠣᠭᠤᠷᠢᠨ ᠳᠤ ᠦᠵᠡᠭᠦᠯᠦᠭᠰᠡᠨ ᠨᠥᠯᠥᠭᠡ︔ | 5. ᠪᠤᠰᠤᠳ ᠰᠠᠨᠠᠯ ᠪᠠ ᠰᠠᠨᠠᠭᠤᠯᠭ᠎ᠠ᠃ | ᠳᠥᠷᠪᠡ᠂ ᠢᠯᠡ ᠨᠡᠶᠢᠲᠡᠯᠡᠭᠰᠡᠨ ᠲᠣᠳᠣᠷᠬᠠᠶᠢᠯᠠᠯᠲᠠ | 1᠂ ᠲᠤᠰ ᠤᠳᠠᠭᠠᠨ ᠤ ᠣᠯᠠᠨ ᠨᠡᠢᠲᠡ ᠶᠢᠨ ᠰᠠᠨᠠᠯ ᠢ ᠵᠠᠬᠢᠳᠠᠯ᠂ ᠳ᠋ᠢᠶᠠᠩᠬᠤᠸᠠ᠂ ᠡᠯᠧᠺᠲᠷᠣᠨ | ᠰᠢᠤᠳᠠᠨ ᠵᠦᠢᠯ ᠵᠡᠷᠭᠡ ᠪᠢᠴᠢᠭ ᠤᠨ ᠬᠡᠯᠪᠡᠷᠢ ᠪᠠᠷ ᠲᠥᠷᠥᠯ ᠵᠦᠢᠯ ᠤᠨ ᠨᠢᠭᠡᠴᠢ ᠪᠤᠶᠤ ᠨᠡᠢᠭᠡᠮ ᠤᠨ | ᠲᠣᠭᠲᠠᠭᠤᠨ ᠪᠠᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ ᠲᠠᠢ ᠬᠠᠷᠢᠯᠴᠠᠵᠤ | ᠪᠣᠯᠤᠨ᠎ᠠ᠃ | 2. ᠣᠯᠠᠨ ᠨᠡᠶᠢᠲᠡ ᠪᠠᠷ ᠢᠶᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠡᠶᠢᠭᠡᠮ ᠤᠨ | ᠲᠣᠭᠲᠠᠭᠤᠨ ᠤ ᠠᠶᠤᠯ ᠲᠦᠭᠰᠢᠭᠦᠷᠢ ᠲᠠᠢ ᠰᠠᠨᠠᠭᠤᠯᠭ᠎ᠠ ᠪᠤᠶᠤ ᠰᠠᠨᠠᠯ ᠢ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ | 7 ᠡᠳᠦᠷ ᠤᠨ ᠳᠣᠲᠣᠷ᠎ᠠ᠂ ᠲᠥᠷᠥᠯ ᠵᠦᠢᠯ ᠤᠨ ᠨᠢᠭᠡᠴᠢ ᠪᠤᠶᠤ ᠨᠡᠶᠢᠭᠡᠮ ᠤᠨ ᠲᠣᠭᠲᠠᠭᠤᠨ ᠤ ᠠᠶᠤᠯ | ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠳᠤ ᠳᠤᠷᠠᠳᠴᠤ | ᠪᠣᠯᠤᠨ᠎ᠠ᠂ ᠪᠠᠰᠠ ᠪᠢᠴᠢᠭ ᠤᠨ ᠰᠠᠨᠠᠯ ᠢᠶᠠᠨ ᠲᠤᠬᠠᠶ ᠶᠢᠨ ᠭᠠᠵᠠᠷ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠯᠪᠠᠨ | ᠬᠡᠷ᠂ ᠵᠠᠬᠢᠳᠠᠯ ᠰᠤᠷᠪᠤᠯᠵᠢᠯᠠᠯ ᠤᠨ ᠠᠯᠪᠠᠨ ᠬᠡᠷ ᠲᠤ ᠠᠰ ᠲᠤᠨᠢ ᠬᠠᠭᠤᠯᠤᠨ ᠬᠦᠷᠭᠡᠵᠦ ᠪᠣᠯᠤᠨ᠎ᠠ᠃ | ᠲᠠᠪᠤ᠂ ᠢᠯᠡ ᠨᠡᠶᠢᠲᠡᠯᠡᠬᠦ ᠦᠶᠡᠯᠡᠯ ᠤᠨ ᠬᠤᠭᠤᠴᠠᠭ᠎ᠠ | ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 7 ᠡᠳᠦᠷ ᠪᠣᠯᠣᠨ᠎ᠠ᠃ | ᠵᠢᠷᠭᠤᠭ᠎ᠠ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠢ ᠶᠢᠨ | ᠬᠠᠷᠢᠯᠴᠠᠬᠤ ᠠᠷᠭ᠎ᠠ ᠮᠠᠶ᠋ᠢᠭ | ᠨᠢᠭᠡᠴᠡ᠄ ᠬᠤᠸᠠᠳᠧ ᠰᠢᠶᠠᠨ ᠤ ᠰᠢᠨ ᠯᠦᠩ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ | ᠨᠢᠭᠡᠴᠡ ᠶᠢᠨ ᠬᠠᠶ᠋ᠢᠭ᠄ ᠬᠤᠸᠠᠳᠧ ᠰᠢᠶᠠᠨ ᠤ ᠴᠤᠤᠶᠠᠩ ᠪᠠᠯᠭᠠᠰᠤᠨ ᠤ ᠬᠤᠶᠢᠲᠤ ᠤᠷᠤᠰᠬᠠᠯᠲᠤ ᠲᠣᠰᠬᠤᠨ | ᠬᠠᠷᠢᠯᠴᠠᠬᠤ ᠬᠥᠮᠦᠨ᠄ ᠺᠠᠩ ᠸᠧᠶ | ᠬᠠᠷᠢᠯᠴᠠᠬᠤ ᠤᠲᠠᠰᠤ᠄ 15949602277 | ᠨᠡᠶᠢᠲᠡᠯᠡᠭᠰᠡᠨ ᠡᠳᠦᠷ᠄ 2024 ᠣᠨ ᠤ 11 ᠰᠠᠷ᠎ᠠ ᠶᠢᠨ 12 ᠤᠨ ᠡᠳᠦᠷ | | ᠢᠷᠡᠯᠲᠡ᠄ ᠬᠤᠸᠠᠳᠧ ᠰᠢᠶᠠᠨ ᠤ ᠰᠢᠨ ᠯᠦᠩ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠵᠣᠬᠢᠶᠠᠭᠴᠢ᠄ ᠬᠤᠸᠠᠳᠧ ᠰᠢᠶᠠᠨ ᠤ ᠰᠢᠨ ᠯᠦᠩ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ | ᠣᠷᠴᠢᠭᠤᠯᠤᠭᠴᠢ᠄ ᠭᠠᠩᠭ᠎ᠠ | |