ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠠᠪᠴᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2024/12/5

   ᠡᠨᠡ ᠵᠢᠯ ᠠᠴᠠ ᠨᠠᠰᠢ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠠᠰᠠᠭᠤᠳᠠᠯ ᠢᠶᠠᠷ

ᠤᠳᠤᠷᠢᠳᠤᠮᠵᠢ ᠪᠣᠯᠭᠠᠵᠤ᠂ ᠮᠡᠳᠡᠭᠡ ᠵᠠᠩᠭᠢᠵᠢᠯᠲᠠ ᠪᠠᠷ ᠠᠷᠭ᠎ᠠ ᠪᠠᠷᠢᠯ ᠪᠣᠯᠭᠠᠬᠤ︾ ᠶᠢ ᠪᠠᠷᠢᠮᠲᠠᠯᠠᠵᠤ᠂ ︽ᠲᠠᠯᠪᠢᠬᠤ

ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠤᠳᠠᠯᠳᠤᠭ᠎ᠠ ᠡᠷᠬᠢᠯᠡᠬᠦ

ᠣᠷᠴᠢᠨ ᠨᠥᠬᠦᠴᠡᠯ ᠢ ᠪᠤᠢ ᠪᠣᠯᠭᠠᠵᠤ ᠲᠠᠰ ᠳᠡᠪᠰᠢᠭᠦᠯᠬᠦ︾ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤᠮᠳᠠ

ᠦᠷᠭᠦᠯᠵᠢᠯᠡᠨ ᠬᠦᠴᠦᠯᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠤᠨ ᠲᠠᠯ᠎ᠠ ᠪᠠᠷ ᠦᠢᠯᠡᠴᠢᠯᠡᠭᠡᠨ ᠤ

ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂

ᠵᠠᠰᠠᠭ ᠵᠠᠬᠢᠷᠭᠠᠨ ᠤ ᠡᠬᠢ ᠪᠠᠶᠠᠯᠢᠭ ᠢ ᠪᠦᠷᠢᠯᠭᠡᠬᠦ ᠶᠢ ᠬᠦᠴᠦᠯᠡᠨ ᠪᠠᠭᠠᠰᠬᠠᠬᠤ ᠪᠠ ᠠᠷᠠᠳ ᠤᠯᠠᠨ ᠤ ᠬᠦᠷᠲᠡᠮᠵᠢ ᠶᠢᠨ

ᠲᠦᠷᠦᠭᠳᠡᠯ ᠢ ᠨᠡᠮᠡᠭᠳᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ

ᠬᠦᠴᠦᠨ ᠨᠡᠮᠡᠷᠢᠯᠡᠪᠡ᠃

    ᠡᠬᠢ ᠪᠠᠶᠠᠯᠢᠭ ᠤᠨ ᠬᠦᠴᠦᠨ ᠵᠦᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠃ ᠲᠣᠰ ᠲᠣᠪᠴᠢᠶ᠎ᠠ

ᠦᠯᠡᠳᠡᠭᠡᠯ ᠭᠦᠢᠴᠡᠳᠬᠡᠯ ᠲᠤᠭ᠎ᠠ ᠶᠢ ᠤᠷᠢᠳᠠᠪᠠᠷ ᠬᠡᠷᠡᠭᠯᠡᠵᠦ᠂ ᠨᠡᠮᠡᠭᠳᠡᠯ ᠤᠨ ᠭᠦᠢᠴᠡᠳᠬᠡᠯ ᠲᠤᠭ᠎ᠠ ᠶᠢ ᠴᠢᠬᠤᠯᠠ

ᠣᠷᠣᠨ ᠪᠦᠰᠡ᠂ ᠴᠢᠬᠤᠯᠠ ᠶᠡᠭᠡ ᠠᠵᠤ ᠦᠢᠯᠡᠰ᠂ ᠴᠢᠬᠤᠯᠠ ᠶᠡᠭᠡ ᠲᠥᠷᠥᠯ ᠵᠦᠢᠯ ᠳᠠᠰᠢ ᠬᠡᠯᠪᠠᠶᠢᠯᠭᠡᠵᠦ᠂ ᠡᠬᠢ

ᠪᠠᠶᠠᠯᠢᠭ ᠤᠨ ᠲᠣᠬᠢᠷᠠᠭᠤᠯᠤᠯᠲᠠ ᠶᠢᠨ ᠰᠠᠭᠤᠷᠢ ᠪᠠ ᠲᠣᠬᠢᠷᠠᠭᠤᠯᠬᠤ ᠦᠢᠯᠡᠳᠦᠯ ᠢ ᠪᠠᠳᠠᠷᠠᠭᠤᠯᠤᠨ᠂ ᠬᠦᠴᠦᠨ

ᠵᠦᠢᠯ ᠤᠨ ᠵᠦᠶ ᠵᠣᠬᠢᠰᠲᠠᠶ ᠰᠢᠯᠵᠢᠯᠲᠡ ᠪᠠ ᠥᠨᠳᠥᠷ ᠪᠦᠲᠦᠮᠵᠢᠲᠡᠶ ᠲᠥᠪᠯᠡᠷᠡᠬᠦ ᠶᠢ ᠡᠮᠬᠢ ᠵᠢᠷᠤᠮ ᠲᠠᠢ ᠪᠠᠷ

ᠠᠬᠢᠭᠤᠯᠤᠨ᠎ᠠ᠃ ᠠᠮᠢ ᠠᠬᠤᠢ ᠶᠢᠨ ᠤᠯᠠᠭᠠᠨ ᠱᠤᠭᠤᠮ ᠪᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠠᠮᠢ

ᠠᠬᠤᠢ ᠶᠢᠨ ᠨᠡᠭᠡᠭᠡᠯᠲᠡ ᠶᠢᠨ ᠬᠠᠮᠢᠶᠠᠷᠤᠯᠲᠠ ᠶᠢᠨ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠳᠦᠷᠢᠮ ᠢ ᠴᠢᠩᠭ᠎ᠠ

ᠨᠠᠶᠢᠳᠠᠪᠤᠷᠢᠵᠢᠭᠤᠯᠤᠨ᠎ᠠ᠃

    ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡ ᠳᠤ ᠰᠢᠨ᠎ᠡ ᠶᠢ ᠡᠭᠦᠳᠦᠨ᠎ᠡ᠃ ᠮᠠᠨ ᠤ ᠰᠢᠶᠠᠨ ᠤ

ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠮᠡᠳᠡᠭᠡ ᠵᠠᠩᠭᠢ ᠶᠢᠨ ᠲᠠᠪᠴᠠᠩ ᠢ ᠲᠠᠰᠤᠷᠠᠯᠲᠠ ᠥᠬᠡᠶ ᠲᠠᠰ

ᠳᠡᠪᠰᠢᠭᠦᠯᠵᠦ᠂ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠲᠤᠭ᠎ᠠ ᠪᠠᠷᠢᠮᠲᠠ ᠶᠢ ᠭᠦᠢᠴᠡᠳ

ᠡᠮᠬᠢᠯᠡᠨ ᠨᠡᠶᠢᠯᠡᠭᠦᠯᠵᠦ ᠪᠣᠳᠠᠲᠠᠶᠢᠵᠢᠭᠤᠯᠵᠤ᠂ ︽ᠡᠮᠦᠨ᠎ᠡ ᠲᠠᠪᠴᠠᠩ ᠨᠢᠭᠡ ᠥᠷᠲᠡᠭᠡ ᠳᠤ ᠭᠥᠯᠢᠶᠡᠨ ᠠᠪᠴᠤ

ᠰᠢᠶ᠋ᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠴᠠᠭ ᠬᠢᠵᠠᠭᠠᠷᠯᠠᠨ ᠭᠦᠶ᠋ᠴᠡᠳᠬᠡᠵᠦ

ᠳᠠᠭᠤᠰᠬᠠᠬᠤ᠂ ᠪᠥᠬᠦ ᠶᠠᠪᠤᠴᠠ ᠳᠤ ᠡᠯᠧᠺᠳ᠋ᠷᠣᠨ ᠦᠵᠡᠭᠳᠡᠵᠤ ᠪᠤᠯᠬᠤ︾ ᠬᠢᠨᠠᠨ ᠵᠥᠪᠰᠢᠶᠡᠷᠡᠬᠦ ᠦᠶ᠋ᠯᠡᠴᠢᠯᠡᠭᠡᠨ ᠤ

ᠵᠠᠭᠪᠤᠷ ᠢ ᠪᠠᠶᠢᠭᠤᠯᠤᠨ᠎ᠠ᠃

    ︽ᠲᠠᠯᠪᠢᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠥᠯᠥ

ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠦᠶ᠋ᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ

ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠥᠷᠨᠢᠭᠦᠯᠵᠦ᠂ ᠴᠢᠨᠠᠷ ᠰᠠᠶᠢᠲᠠᠶ ᠦᠶ᠋ᠯᠡᠴᠢᠯᠡᠭᠡ ᠶᠢ ᠨᠠᠷᠢᠯᠢᠭ ᠣᠨᠣᠴᠠᠲᠠᠶ

ᠪᠠᠶᠢᠯᠭᠠᠬᠤ ᠪᠠ ᠪᠠᠶᠢᠩᠭᠤᠵᠢᠭᠤᠯᠬᠤ ᠶᠢ ᠪᠡᠶᠡᠯᠡᠭᠦᠯᠦᠨ᠎ᠡ᠃ ᠲᠤᠰ ᠲᠣᠪᠴᠢᠶ᠎ᠠ ᠡᠭᠦᠷᠭᠡ ᠴᠢᠳᠠᠪᠬᠢᠲᠤ ᠰᠠᠯᠠᠭ᠎ᠠ

ᠮᠥᠴᠢᠷ ᠯᠦᠭᠡ ᠶᠢᠨ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠠ ᠲᠣᠬᠢᠶᠠᠯ ᠢ ᠠᠮᠵᠢᠵᠤ᠂ ᠮᠠᠨ ᠤ

ᠰᠢᠶᠠᠨ ᠤ ᠠᠵᠤ ᠠᠬᠤᠢ ᠶᠢᠨ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂

ᠦᠨᠡᠨ ᠬᠦ ᠬᠡᠷᠡᠭᠵᠢᠭᠦᠯᠵᠦ ᠪᠣᠯᠬᠤᠶᠢᠴᠠ ᠠᠷᠭ᠎ᠠ ᠪᠤᠳᠤᠯᠭ᠎ᠠ ᠪᠠ ᠠᠷᠭ᠎ᠠ ᠶᠢ ᠲᠣᠭᠲᠠᠭᠠᠵᠤ᠂ ᠠᠵᠤ ᠠᠬᠤᠶᠢᠯᠠᠯ ᠳᠤ

ᠦᠢᠯᠡᠴᠢᠯᠡᠬᠦ ᠬᠥᠭᠵᠢᠯᠲᠡ ᠶᠢᠨ ᠳᠤᠮᠳᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠮᠠᠨ ᠤ ᠰᠢᠶᠠᠨ ᠤ

ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠪᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2