ᠬᠤᠸᠠᠳᠧ ᠰᠢᠶᠠᠨ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠥᠩᠭᠡᠨ ᠳᠠᠪᠬᠤᠷᠭ᠎ᠠ ᠶᠢᠨ ᠥᠯᠢᠭᠡᠷ ᠭᠠᠳᠠᠭᠠᠳᠤ ᠦᠢᠯᠡᠰ ᠤᠨ ᠪᠠᠶᠢᠴᠠᠭᠠᠯᠲᠠ ᠶᠢᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠯᠭᠠᠨ ᠬᠤᠷᠢᠶᠠᠯᠲᠠ ᠶᠢ ᠤᠷᠤᠭᠰᠢᠲᠠᠶ ᠦᠩᠭᠡᠷᠡᠪᠡ
ᠨᠡᠶᠢᠲᠡᠯᠡᠭᠰᠡᠨ ᠴᠠᠭ᠄
2024/12/8

    12 ᠰᠠᠷ᠎ᠠ ᠶᠢᠨ 6 ᠤ ᠡᠳᠦᠷ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠥᠪᠡᠷᠲᠡᠭᠡᠨ

ᠵᠠᠰᠠᠬᠤ ᠣᠷᠣᠨ ᠤ ᠲᠠᠰ ᠤᠨ ᠨᠢᠭᠤᠷ ᠳᠠᠪᠬᠤᠷᠭ᠎ᠠ ᠶᠢᠨ ᠬᠥᠷᠥᠰᠥ ᠰᠢᠷᠣᠢ ᠶᠢᠨ ᠭᠠᠳᠠᠷ ᠦᠢᠯᠡᠰ ᠤᠨ

ᠪᠠᠶᠢᠴᠠᠭᠠᠯᠲᠠ ᠶᠢᠨ ᠥᠯᠢᠭᠡᠷ ᠡᠳ᠋ ᠢ ᠲᠥᠪᠯᠡᠷᠡᠭᠦᠯᠦᠨ ᠰᠢᠯᠭᠠᠨ ᠠᠪᠬᠤ ᠬᠤᠷᠠᠯ ᠢ ᠵᠣᠬᠢᠶᠠᠨ ᠪᠠᠶᠢᠭᠤᠯᠤᠨ

ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ︽ᠭᠤᠷᠪᠠ ᠶᠢ ᠲᠦᠭᠡᠮᠡᠯᠵᠢᠭᠦᠯᠬᠦ︾ ᠭᠠᠳᠠᠨᠠᠬᠢ ᠦᠢᠯᠡᠰ ᠤᠨ

ᠪᠠᠶᠢᠴᠠᠭᠠᠯᠲᠠ ᠶᠢᠨ ᠥᠯᠢᠭᠡᠷ ᠠᠪᠬᠤ ᠮᠡᠷᠭᠡᠵᠢᠯ ᠤᠨ ᠲᠤᠰᠬᠠᠶ ᠮᠡᠷᠭᠡᠵᠢᠯᠲᠡᠨ 3᠂ ᠬᠤᠲᠠ ᠶᠢᠨ ᠲᠠᠰ ᠤᠨ 1᠂

ᠰᠢᠶᠠᠨ ᠤ ᠱᠠᠲᠤᠨ ᠤ 1 ᠨᠡᠷᠡᠰ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠮᠠᠨ ᠤ ᠰᠢᠶᠠᠨ ᠤ

ᠬᠠᠷᠢᠭᠤᠴᠠᠵᠤ ᠪᠠᠶᠢᠭ᠎ᠠ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠥᠩᠭᠡᠨ

ᠳᠠᠪᠬᠤᠷᠭ᠎ᠠ ᠶᠢᠨ ᠥᠯᠢᠭᠡᠷ ᠠᠪᠬᠤ ᠭᠠᠳᠠᠭᠠᠳᠤ ᠦᠢᠯᠡᠰ ᠤᠨ ᠪᠠᠶᠢᠴᠠᠭᠠᠯᠲᠠ ᠳᠤ ᠥᠪᠡᠷᠲᠡᠭᠡᠨ ᠵᠠᠰᠠᠬᠤ ᠣᠷᠣᠨ ᠤ

ᠱᠠᠲᠤᠨ ᠤ ᠰᠢᠯᠭᠠᠨ ᠠᠪᠬᠤ ᠠᠵᠢᠯ ᠢ ᠥᠷᠨᠢᠭᠦᠯᠪᠡ᠃

1733751679130094147.jpg

    ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ︽ᠭᠤᠷᠪᠠ ᠶᠢ ᠲᠦᠭᠡᠮᠡᠯᠵᠢᠭᠦᠯᠬᠦ︾ ᠠᠵᠢᠯ ᠤᠨ ᠬᠠᠷᠢᠭᠤ

ᠮᠡᠳᠡᠭᠦᠯᠦᠯᠲᠡ ᠶᠢ ᠰᠣᠨᠣᠰᠬᠤ᠂ ᠬᠠᠮᠢᠶ᠎ᠠ ᠪᠥᠬᠦᠶ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂

ᠲᠤᠬᠠᠶ ᠶᠢᠨ ᠲᠠᠯᠠᠪᠤᠷ ᠲᠤ ᠥᠯᠢᠭᠡᠷ ᠠᠪᠴᠤ ᠬᠢᠨᠠᠨ ᠬᠠᠷᠭᠤᠭᠤᠯᠬᠤ᠂ ᠲᠤᠯᠭᠠᠨ ᠠᠰᠠᠭᠤᠬᠤ ᠶᠠᠷᠢᠯᠴᠠᠭ᠎ᠠ ᠵᠡᠷᠭᠡ

ᠬᠡᠳᠦᠨ ᠲᠠᠯ᠎ᠠ ᠠᠴᠠ ᠰᠢᠯᠭᠠᠨ ᠠᠪᠬᠤ ᠠᠵᠢᠯ ᠢ ᠥᠷᠨᠢᠭᠦᠯᠵᠦ᠂ ᠮᠡᠷᠭᠡᠵᠢᠯ ᠤᠨ ᠳᠠᠭᠠᠭᠤᠯᠤᠭᠴᠢ ᠠᠩᠭᠢ ᠶᠢᠨ

ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠬᠤ᠂ ᠲᠤᠬᠠᠶ ᠶᠢᠨ ᠲᠠᠯᠠᠪᠤᠷ ᠤᠨ ᠶᠠᠰᠤ ᠴᠢᠨᠠᠷ ᠤᠨ ᠡᠵᠡᠮᠳᠡᠯ᠂ ᠥᠯᠢᠭᠡᠷ

ᠠᠪᠬᠤ ᠴᠠᠭ᠂ ᠥᠯᠢᠭᠡᠷ ᠠᠪᠬᠤ ᠴᠠᠭ ᠤᠨ ᠲᠣᠬᠢᠷᠠᠭᠤᠯᠤᠯᠲᠠ᠂ ᠥᠯᠢᠭᠡᠷ ᠡᠳ᠋ ᠴᠤᠭᠯᠠᠭᠤᠯᠬᠤ ᠵᠢᠷᠤᠮᠵᠢᠯᠳᠤ ᠴᠢᠨᠠᠷ᠂

ᠬᠥᠷᠥᠰᠥ ᠰᠢᠷᠣᠶ ᠶᠢᠨ ᠣᠷᠴᠢᠨ ᠲᠣᠭᠤᠷᠢᠨ᠂ ᠭᠠᠵᠠᠷ ᠤᠨ ᠭᠠᠳᠠᠷᠭᠤ ᠶᠢᠨ ᠣᠨᠴᠠᠯᠢᠭ᠂ ᠬᠥᠷᠥᠰᠥ ᠰᠢᠷᠣᠶ ᠶᠢᠨ

ᠠᠰᠢᠭᠯᠠᠯᠲᠠ ᠵᠡᠷᠭᠡ ᠪᠠᠶᠢᠴᠠᠭᠠᠯᠲᠠ ᠶᠢᠨ ᠮᠡᠳᠡᠭᠡ ᠵᠠᠩᠭᠢ ᠶᠢᠨ ᠣᠨᠣᠪᠴᠢᠲᠤ ᠴᠢᠨᠠᠷ ᠵᠢᠴᠢ ᠦᠵᠡᠮᠵᠢ ᠶᠢᠨ ᠬᠡᠷᠡᠯ

ᠵᠢᠷᠤᠭ᠂ ᠬᠤᠯᠢᠮᠠᠭ ᠬᠡᠷᠡᠯ ᠵᠢᠷᠤᠭ᠂ ᠪᠠᠭᠲᠠᠭᠠᠮᠵᠢ ᠨᠢ ᠬᠦᠨᠳᠦ ᠬᠡᠷᠡᠯ ᠵᠢᠷᠤᠭ᠂ ᠤᠰᠤᠨ ᠪᠦᠯᠦᠭᠯᠡᠯ ᠤᠨ ᠬᠡᠷᠡᠯ

ᠵᠢᠷᠤᠭ ᠤᠨ ᠵᠢᠷᠤᠮᠵᠢᠯ ᠤᠨ ᠴᠢᠨᠠᠷᠲᠠᠶ ᠪᠠ ᠥᠯᠢᠭᠡᠷ ᠠᠪᠬᠤ ᠶᠠᠪᠤᠴᠠ ᠶᠢᠨ ᠳᠦᠷᠢᠮᠵᠢᠯᠳᠦ ᠴᠢᠨᠠᠷ ᠢ

ᠭᠤᠤᠯᠳᠠᠯᠭ᠎ᠠ ᠲᠠᠢ ᠬᠢᠨᠠᠨ ᠬᠠᠷᠭᠤᠭᠤᠯᠪᠠ᠃ ᠬᠠᠮᠤᠭ ᠰᠡᠭᠦᠯ ᠳᠤ᠂ ᠥᠩᠭᠡᠨ ᠲᠠᠯ᠎ᠠ ᠶᠢᠨ ᠥᠯᠢᠭᠡᠷ ᠠᠪᠬᠤ ᠴᠡᠭ ᠤᠨ

ᠭᠠᠳᠠᠨᠠᠬᠢ ᠠᠵᠢᠯ ᠤᠨ ᠪᠠᠶᠢᠴᠠᠭᠠᠯᠲᠠ ᠶᠢᠨ ᠥᠯᠢᠭᠡᠷ ᠠᠪᠬᠤ ᠠᠵᠢᠯ ᠳᠤ ᠬᠤᠪᠢ ᠲᠣᠭᠲᠠᠭᠠᠬᠤ ᠶᠢᠨ ᠬᠠᠮᠲᠤ

ᠠᠰᠠᠭᠤᠳᠠᠯ ᠤᠨ ᠨᠠᠷᠢᠨ ᠬᠠᠭᠤᠳᠠᠰᠤ ᠶᠢ ᠪᠣᠶ ᠪᠣᠯᠭᠠᠨ᠎ᠠ᠃ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ

ᠰᠢᠯᠭᠠᠷᠠᠭᠤᠯᠤᠯᠲᠠ ᠪᠠᠷ ᠳᠠᠮᠵᠢᠭᠠᠳ᠂ ᠮᠠᠨ ᠤ ᠰᠢᠶᠠᠨ 94.6 ᠬᠤᠪᠢ ︵ᠰᠢᠯᠢᠳᠡᠭ︶ ᠠᠮᠵᠢᠯᠲᠠ ᠣᠯᠵᠤ᠂ ᠲᠤᠰᠬᠠᠶ

ᠮᠡᠷᠭᠡᠵᠢᠯᠲᠡᠨ ᠤ ᠳᠤᠭᠤᠶᠢᠯᠠᠩ ᠮᠠᠨ ᠤ ᠰᠢᠶᠠᠨ ᠤ ᠭᠠᠳᠠᠷ ᠳᠠᠪᠬᠤᠷᠭ᠎ᠠ ᠶᠢᠨ ᠥᠯᠢᠭᠡᠷ ᠠᠪᠬᠤ ᠴᠡᠭ ᠤᠨ ᠭᠠᠳᠠᠨᠠᠬᠢ

ᠠᠵᠢᠯ ᠤᠨ ᠪᠠᠶᠢᠴᠠᠭᠠᠯᠲᠠ ᠶᠢᠨ ᠥᠯᠢᠭᠡᠷ ᠠᠪᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠯᠭᠠᠨ

ᠠᠪᠬᠤ ᠶᠢ ᠥᠩᠭᠡᠷᠡᠭᠦᠯᠪᠡ ᠭᠡᠵᠦ ᠰᠠᠨᠠᠯ ᠨᠢᠭᠡᠲᠡᠶ ᠦᠵᠡᠪᠡ᠃

    ᠣᠶᠢᠯᠠᠭᠠᠭᠰᠠᠨ ᠢᠶᠠᠷ᠂ ᠬᠤᠸᠠᠳᠧ ᠰᠢᠶᠠᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ

ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠭᠠᠳᠠᠷ ᠳᠠᠪᠬᠤᠷᠭ᠎ᠠ ᠶᠢᠨ ᠥᠯᠢᠭᠡᠷ ᠠᠪᠬᠤ ᠴᠡᠭ ᠤᠨ ᠥᠯᠢᠭᠡᠷ ᠠᠪᠬᠤ

ᠠᠵᠢᠯ ᠢ 2024 ᠣᠨ ᠤ 4 ᠰᠠᠷ᠎ᠠ ᠶᠢᠨ 16 ᠤ ᠡᠳᠦᠷ ᠠᠴᠠ ᠡᠬᠢᠯᠡᠭᠦᠯᠦᠭᠰᠡᠨ ᠠᠴᠠ ᠨᠠᠰᠢ᠂ ᠨᠢᠭᠡᠨᠲᠡ 1288

ᠥᠩᠭᠡᠨ ᠳᠠᠪᠬᠤᠷᠭ᠎ᠠ ᠶᠢᠨ ᠥᠯᠢᠭᠡᠷ ᠠᠪᠬᠤ ᠴᠡᠭ ᠤᠨ ᠭᠠᠳᠠᠨᠠᠬᠢ ᠠᠵᠢᠯ ᠤᠨ ᠪᠠᠶᠢᠴᠠᠭᠠᠯᠲᠠ᠂ ᠲᠤᠬᠠᠶ ᠶᠢᠨ

ᠲᠠᠯᠠᠪᠤᠷ ᠤᠨ ᠶᠠᠰᠤ ᠴᠢᠨᠠᠷ ᠤᠨ ᠡᠵᠡᠮᠳᠡᠯ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠶ ᠶᠢᠨ

ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠠᠪᠴᠠᠩ ᠤᠨ ᠳᠣᠲᠣᠷᠠᠬᠢ ᠠᠵᠢᠯ ᠤᠨ ᠥᠪᠡᠷ ᠤᠨ ᠪᠠᠶᠢᠴᠠᠭᠠᠯᠲᠠ ᠪᠠ

ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠪ᠊᠃

    ᠳᠠᠷᠠᠭᠠᠴᠢ ᠶᠢᠨ ᠠᠯᠬᠤᠮ ᠳᠤ᠂ ᠬᠤᠸᠠᠳᠧ ᠰᠢᠶᠠᠨ ᠦᠷᠭᠦᠯᠵᠢᠯᠡᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ

ᠳᠤᠷᠠᠳᠤᠭᠰᠠᠨ ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠶᠣᠰᠣᠭᠠᠷ᠂ ᠦᠩᠭᠡᠨ ᠲᠠᠯ᠎ᠠ ᠶᠢᠨ

ᠬᠥᠷᠥᠰᠥ ᠰᠢᠷᠣᠢ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠢᠨᠠᠭᠰᠢᠳᠠ ᠲᠡᠭᠦᠯᠳᠡᠷᠵᠢᠭᠦᠯᠵᠦ᠂ ᠦᠷ᠎ᠡ

ᠪᠦᠲᠦᠭᠡᠯ ᠤᠨ ᠨᠠᠶᠢᠷᠠᠭᠤᠯᠤᠨ ᠵᠣᠬᠢᠶᠠᠬᠤ ᠳᠤ ᠭᠦᠢᠴᠡᠳ ᠪᠡᠯᠡᠳᠬᠡᠯ ᠬᠢᠬᠦ ᠪᠣᠯᠤᠨ᠎ᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2