ᠬᠤᠸᠠᠳᠧ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠬᠠᠷᠢᠯᠴᠠᠨ ᠪᠠᠶᠢᠴᠠᠭᠠᠵᠤ ᠬᠠᠷᠢᠯᠴᠠᠨ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/12/9

   ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ

ᠠᠯᠬᠤᠮ ᠪᠣᠳᠠᠲᠠᠶᠢᠵᠢᠭᠤᠯᠵᠤ᠂ ᠠᠵᠤ ᠦᠢᠯᠡᠳᠪᠦᠷᠢ ᠠᠷᠠᠯᠵᠢᠶᠠᠨ ᠤ ᠠᠵᠢᠯ ᠲᠦᠷᠦᠯ ᠤᠨ ᠠᠶᠤᠯᠭᠦᠢ

ᠦᠢᠯᠡᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠶᠢᠨ ᠲᠥᠯᠥᠭᠡ

ᠶᠤᠮ᠃ ᠣᠶᠢᠷ᠎ᠠ ᠳᠤ᠂ ᠬᠤᠸᠠᠳᠧ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠥᠬᠦ

ᠰᠢᠶᠠᠨ ᠤ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠬᠠᠷᠢᠯᠴᠠᠨ ᠪᠠᠶᠢᠴᠠᠭᠠᠵᠤ

ᠬᠠᠷᠢᠯᠴᠠᠨ ᠰᠤᠷᠤᠯᠴᠠᠬᠤ ᠠᠵᠢᠯᠯᠠᠭ᠎ᠠ ᠥᠷᠨᠢᠭᠦᠯᠪᠡ᠃

1733751854339026948.jpg

    ᠦᠵᠡᠭᠦᠯᠦᠯᠭᠡ ᠶᠢᠨ ᠠᠵᠢᠯᠯᠠᠭ᠎ᠠ ᠳᠤᠮᠳᠠ᠂ ᠠᠵᠤ ᠠᠬᠤᠶᠢᠯᠠᠯ ᠤᠨ ᠲᠥᠷᠥᠯ ᠬᠡᠯᠪᠡᠷᠢ ᠵᠢᠴᠢ ᠬᠡᠪᠴᠢᠶ᠎ᠡ ᠶᠢ

ᠦᠨᠳᠦᠰᠦᠯᠡᠨ᠂ ᠠᠶᠤᠯᠭᠦᠶ ᠦᠢᠯᠡᠳᠪᠦᠷᠢᠯᠡᠯ ᠢ ᠬᠤᠪᠢᠳᠠᠨ ᠬᠠᠮᠢᠶᠠᠷᠴᠤ ᠪᠠᠶᠢᠭ᠎ᠠ ᠭᠤᠤᠯ ᠪᠦᠷᠢᠯᠳᠦᠬᠦᠨ ᠭᠡᠰᠢᠭᠦᠨ

ᠶᠣᠰᠣᠭᠠᠷ᠂ ᠠᠵᠢᠯᠯᠠᠭ᠎ᠠ ᠳᠤ ᠣᠷᠣᠯᠴᠠᠭᠰᠠᠨ 12 ᠠᠵᠤ ᠠᠬᠤᠶᠢᠯᠠᠯ ᠢ 4 ᠳᠤᠭᠤᠶᠢᠯᠠᠩ ᠬᠤᠪᠢᠶᠠᠵᠤ᠂ ᠭᠤᠤᠯᠳᠠᠭᠤ

ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ᠂ ᠠᠵᠢᠯᠯᠠᠬᠤ

ᠲᠤᠬᠠᠶ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ᠂ ᠭᠠᠳᠠᠭᠰᠢ ᠳᠠᠭᠠᠭᠠᠴᠢᠯᠠᠭᠤᠯᠬᠤ ᠠᠮᠤᠷ ᠲᠦᠪᠰᠢᠨ ᠤ

ᠬᠠᠮᠢᠶᠠᠷᠤᠯᠲᠠ᠂ ᠣᠨᠴᠠᠭᠠᠶ ᠠᠵᠢᠯ ᠤᠨ ᠠᠮᠤᠷ ᠲᠦᠪᠰᠢᠨ ᠤ ᠬᠠᠮᠢᠶᠠᠷᠤᠯᠲᠠ᠂ ᠠᠮᠤᠷ ᠲᠦᠪᠰᠢᠨ ᠤ

ᠣᠷᠣᠭᠤᠯᠤᠯᠲᠠ ᠪᠠᠷ ᠭᠤᠤᠯᠳᠠᠯᠭ᠎ᠠ ᠪᠣᠯᠭᠠᠨ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠠᠵᠢᠯ ᠢ ᠥᠷᠨᠢᠭᠦᠯᠵᠦ᠂

ᠠᠵᠤ ᠠᠬᠤᠶᠢᠯᠠᠯ ᠤᠨ ᠬᠤᠭᠤᠷᠣᠨᠳᠣ ᠡᠯ᠎ᠡ ᠲᠥᠷᠥᠯ ᠤᠨ ᠠᠰᠠᠭᠤᠳᠠᠯ ᠤᠨ ᠳᠠᠯᠳᠠ ᠭᠡᠮ ᠢ 107 ᠵᠤᠷᠪᠤᠰ

ᠢᠯᠡᠷᠡᠭᠦᠯᠵᠦ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠠᠰᠠᠭᠤᠳᠠᠯ ᠲᠠᠢ ᠠᠵᠤ ᠠᠬᠤᠶᠢᠯᠠᠯ ᠤᠨ ᠬᠠᠷᠢᠴᠠᠭᠤᠯᠤᠨ

ᠠᠰᠠᠭᠤᠳᠠᠯ ᠢ ᠴᠡᠭᠴᠡᠯᠡᠨ ᠰᠠᠶᠢᠵᠢᠷᠠᠭᠤᠯᠪᠠ᠃ ᠬᠠᠷᠢᠯᠴᠠᠨ ᠰᠤᠷᠤᠯᠴᠠᠵᠤ ᠬᠠᠷᠢᠯᠴᠠᠨ ᠬᠠᠪᠰᠤᠷᠴᠤ ᠳᠡᠭᠡᠭᠰᠢᠯᠡᠭᠦᠯᠬᠦ ᠶᠢ

ᠠᠬᠢᠭᠤᠯᠬᠤ᠂ ᠬᠠᠷᠢᠯᠴᠠᠨ ᠪᠠᠶᠢᠴᠠᠭᠠᠵᠤ ᠬᠠᠷᠢᠯᠴᠠᠨ ᠠᠵᠢᠭᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ

ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠬᠠᠷᠢᠯᠴᠠᠨ ᠪᠠᠶᠢᠴᠠᠭᠠᠬᠤ ᠳᠤᠮᠳᠠ ᠲᠤᠷᠰᠢᠯᠭ᠎ᠠ ᠪᠠᠨ

ᠰᠣᠯᠢᠯᠴᠠᠵᠤ᠂ ᠰᠠᠶᠢᠨ ᠲᠠᠢ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠠᠮᠤᠷ

ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠬᠠᠮᠲᠤᠪᠠᠷ ᠳᠡᠭᠡᠭᠰᠢᠯᠡᠭᠦᠯᠦᠨ᠎ᠡ᠃ ᠡᠭᠦᠨ ᠤ ᠬᠠᠮᠲᠤ ᠡᠯ᠎ᠡ ᠠᠵᠤ

ᠠᠬᠤᠶᠢᠯᠠᠯ ᠤᠨ ᠬᠤᠭᠤᠷᠣᠨᠳᠣᠬᠢ ᠰᠢᠯᠢᠳᠡᠭ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠣᠶᠢᠯᠠᠭᠠᠭᠳᠠᠬᠤᠨ

ᠪᠣᠯᠤᠨ ᠲᠤᠷᠰᠢᠯᠭ᠎ᠠ ᠳᠤ ᠬᠥᠭᠦᠷᠭᠡ ᠲᠠᠯᠪᠢᠵᠤ ᠥᠭᠪᠡ᠃

    ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ

ᠬᠤᠭᠤᠷᠣᠨᠳᠣ ᠠᠮᠤᠷ ᠲᠦᠪᠰᠢᠨ ᠤ ᠬᠠᠷᠢᠯᠴᠠᠨ ᠬᠥᠳᠡᠯᠦᠯᠴᠡᠬᠦ ᠲᠠᠪᠴᠠᠩ ᠪᠠᠶᠢᠭᠤᠯᠵᠤ᠂ ᠬᠠᠮᠢᠶᠠᠷᠤᠯᠲᠠ ᠶᠢᠨ

ᠠᠵᠢᠯᠲᠠᠨ ᠢ ︽ᠭᠠᠳᠠᠭᠰᠢ ᠭᠠᠷᠴᠤ︾᠂ ᠲᠡᠷᠢᠭᠦᠨ ᠤ ᠬᠠᠮᠢᠶᠠᠷᠤᠯᠲᠠ ᠶᠢᠨ ᠲᠤᠷᠰᠢᠯᠭ᠎ᠠ ᠶᠢ ︽ᠣᠷᠣᠭᠤᠯᠤᠨ ᠠᠪᠴᠢᠷᠠᠵᠤ︾

᠂ ᠠᠮᠤᠷ ᠲᠦᠪᠰᠢᠨ ᠤ ᠣᠨᠣᠯᠵᠢᠬᠤᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠤᠨ

ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠨᠡᠮᠡᠭᠳᠡᠭᠦᠯᠵᠦ᠂ ᠡᠯ᠎ᠡ ᠠᠵᠤ ᠠᠬᠤᠶᠢᠯᠠᠯ ᠤᠨ ᠬᠠᠮᠢᠶᠠᠷᠤᠯᠲᠠ ᠶᠢᠨ

ᠠᠵᠢᠯᠲᠠᠨ ᠨᠥᠭᠦᠭᠡ ᠲᠠᠯ᠎ᠠ ᠶᠢᠨ ᠬᠠᠮᠢᠶᠠᠷᠤᠯᠲᠠ ᠶᠢᠨ ᠳᠠᠪᠠᠭᠤᠯᠢᠭ ᠢ ᠬᠠᠷᠢᠯᠴᠠᠨ ᠰᠤᠷᠤᠯᠴᠠᠵᠤ᠂ ᠳᠠᠯᠳᠠ ᠬᠡᠮ ᠢ

ᠪᠠᠶᠢᠴᠠᠭᠠᠨ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠭᠰᠠᠨ ᠪᠥᠭᠡᠳ ᠯᠠᠪᠯᠠᠯᠲᠠ ᠪᠣᠯᠭᠠᠨ

ᠳᠡᠯᠭᠡᠷᠡᠭᠦᠯᠦᠰᠢᠲᠡᠢ ᠲᠤᠷᠰᠢᠯᠭ᠎ᠠ ᠶᠢᠨ ᠬᠢᠯᠠᠰ ᠴᠡᠭ ᠢ ᠢᠯᠡᠷᠡᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ

ᠴᠢᠳᠠᠪᠤᠷᠢ ᠪᠠ ᠬᠢᠷᠢ ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠳᠤ ᠢᠳᠡᠪᠬᠢᠲᠡᠶ ᠠᠬᠢᠭᠤᠯᠬᠤ

ᠦᠢᠯᠡᠳᠦᠯ ᠦᠵᠡᠭᠦᠯᠪᠡ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2