2024   ᠤᠨ  ᠤ  ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/3/4
1706879318290045479.jpg

1 ᠰᠠᠷ᠎ᠠ ᠶᠢᠨ 31 ᠤ ᠡᠳᠦᠷ᠂ ᠳ᠋ᠢᠶᠣᠣ ᠴᠦᠨ ᠬᠠᠢ ᠬᠤᠸᠠᠳᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ ᠢᠯᠡᠳᠬᠡᠯ ᠬᠢᠪᠡ᠃

ᠾᠧ ᠵᠢᠩ ᠵᠢᠩ ᠰᠡᠭᠦᠳᠡᠷᠯᠡᠪᠡ

ᠲᠥᠯᠥᠭᠡᠯᠡᠭᠴᠢᠳ ᠠ᠋ ᠄

ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ᠎ ᠤᠨ 

ᠮᠡᠳᠡᠭᠦᠯᠦᠯᠲᠡ ᠬᠢᠶ᠎ᠡ᠂ ᠬᠢᠨᠠᠨ ᠶᠠᠷᠢᠯᠴᠠᠬᠤ ᠪᠤᠯᠪᠠ ᠤᠤ᠂

ᠲᠡᠭᠦᠨᠴᠢᠯᠡᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠣᠷᠣᠯᠴᠠᠭᠰᠠᠳ ᠰᠠᠨᠠᠯ ᠢᠶᠠᠨ

ᠳᠤᠷᠠᠳᠬᠤ ᠪᠤᠯᠪᠠ  ᠤᠤ ᠃ 

ᠨᠢᠭᠡ᠂ 2023 ᠣᠨ ᠤ ᠠᠵᠢᠯ ᠤᠨ ᠡᠷᠭᠢᠴᠡᠭᠦᠯᠦᠯ

2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ

ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠭᠤᠷᠪᠠᠨ ᠵᠢᠯ ᠳᠤ ᠰᠢᠨ᠎ᠡ ᠪᠠᠷ

ᠳᠡᠯᠭᠡᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠬᠡᠰᠡᠭ ᠬᠤᠭᠤᠴᠠᠭ᠎ᠠ ᠰᠢᠯᠵᠢᠭᠦᠯᠦᠭᠰᠡᠨ ᠤ

ᠳᠠᠷᠠᠭᠠᠬᠢ ᠠᠵᠤ ᠠᠬᠤᠢ ᠶᠢ ᠰᠡᠷᠭᠦᠭᠡᠨ ᠬᠥᠭᠵᠢᠭᠦᠯᠬᠦ ᠵᠢᠯ ᠮᠥᠨ᠃ ᠨᠢᠭᠡ ᠵᠢᠯ ᠤᠨ ᠲᠤᠷᠰᠢ᠂ ᠰᠢᠶᠠᠨ ᠤ ᠵᠠᠰᠠᠭ ᠤᠨ

ᠣᠷᠳᠣᠨ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ ᠬᠤᠷᠢᠶᠠᠨ ᠤ

ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ

ᠲᠦᠷᠦ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠳᠣᠣᠷ᠎ᠠ᠂ ᠰᠢ ᠶᠢᠨ

ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ  ᠤᠨ ᠥᠪᠥᠷ

ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾  ᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂

ᠰᠡᠳᠬᠢᠯ ᠢᠶᠠᠨ ᠨᠢᠭᠡᠳᠬᠡᠨ ᠬᠠᠮᠲᠤ ᠪᠠᠷ ᠤᠷᠤᠭᠰᠢᠯᠠᠵᠤ᠂ ᠰᠢᠨ᠎ᠡ ᠶᠢ ᠡᠭᠦᠳᠬᠦ ᠶᠢ ᠲᠥᠪ ᠴᠢᠬᠡᠴᠢ ᠪᠠᠷ ᠪᠠᠷᠢᠮᠲᠠᠯᠠᠵᠤ᠂

ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ

ᠪᠡᠶᠡᠯᠡᠭᠦᠯᠪᠡ᠃ 2023 ᠣᠨ ᠳᠤ ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ

ᠦᠷᠳᠡᠭ ᠤᠨ ᠨᠡᠮᠡᠭᠳᠡᠯ ᠤᠨ ᠬᠤᠷᠳᠤᠴᠠ 11.9% ᠎᠎ ᠳ᠋ᠤ  ᠬᠦᠷᠴᠦ᠂ ᠪᠦᠬᠦ ᠬᠤᠳᠠ ᠶᠢᠨ

ᠨᠢᠭᠡᠳᠦᠭᠡᠷ ᠲᠤ ᠣᠷᠣᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ

ᠨᠡᠮᠡᠭᠳᠡᠯ ᠤᠨ ᠬᠤᠷᠳᠤᠴᠠ 37.4% ᠳ᠋ᠤ ᠬᠦᠷᠴᠦ᠂ ᠪᠦᠬᠦ ᠬᠤᠳᠠ ᠶᠢᠨ ᠨᠢᠭᠡᠳᠦᠭᠡᠷ ᠲᠤ ᠣᠷᠣᠪᠠ︔

ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 60.8% ᠬᠦᠷᠴᠦ᠂ ᠪᠥᠬᠦ

ᠬᠤᠲᠠ ᠳᠤ ᠬᠤᠶᠠᠳᠤᠭᠠᠷ ᠲᠤ ᠣᠷᠣᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ

ᠶᠡᠷᠦᠩᠬᠡᠢ ᠲᠤᠭ᠎ᠠ ᠶᠢᠨ ᠨᠡᠮᠡᠭᠳᠡᠯ ᠤᠨ ᠬᠤᠷᠳᠤᠴᠠ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ

ᠨᠡᠮᠡᠭᠳᠡᠯ ᠤᠨ ᠬᠤᠷᠳᠤᠴᠠ 6.5% ᠪᠣᠯᠪᠠ ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ

ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ 5.8% ᠪᠣᠯᠪᠠ ᠂ ᠬᠥᠳᠡᠭᠡ

ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ

ᠬᠤᠷᠳᠤᠴᠠ ᠪᠥᠬᠦ ᠣᠷᠣᠨ ᠤ 17 ᠠᠮᠢ ᠠᠬᠤᠢ ᠶᠢᠨ ᠴᠢᠳᠠᠮᠵᠢᠲᠤ ᠣᠷᠣᠨ ᠤ ᠶᠡᠷᠦᠩᠬᠡᠶᠢᠯᠡᠭᠰᠡᠨ ᠨᠡᠷᠡᠰ ᠤᠨ

ᠵᠢᠭᠰᠠᠭᠠᠯᠲᠠ ᠳᠤ ᠳᠥᠷᠪᠡᠳᠦᠭᠡᠷ ᠲᠤ ᠣᠷᠣᠪᠠ᠃ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ

ᠲᠤᠭ᠎ᠠ ᠦᠷᠭᠦᠯᠵᠢᠯᠡᠨ ᠰᠠᠶᠢᠵᠢᠷᠠᠵᠤ᠂ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ

ᠰᠠᠭᠤᠷᠢ ᠲᠠᠯᠪᠢᠵᠤ ᠥᠭᠴᠡᠢ᠃

︵ᠨᠢᠭᠡ︶ ᠵᠠᠯᠭᠠᠯᠳᠤᠭᠤᠯᠬᠤ ᠠᠵᠢᠯ ᠢ ᠦᠷᠭᠦᠯᠵᠢᠯᠡᠨ ᠬᠦᠴᠦᠯᠡᠨ ᠠᠳᠬᠤᠵᠤ ᠠᠵᠤ ᠦᠢᠯᠡᠰ ᠢ

ᠬᠦᠴᠦᠷᠬᠡᠭᠵᠢᠭᠦᠯᠦᠭᠡᠳ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠬᠥᠭᠵᠢᠯᠲᠡ ᠶᠢᠨ ᠦᠷ᠎ᠡ ᠪᠦᠲᠦᠮᠵᠢ

ᠢᠯᠡᠳᠲᠡ ᠪᠣᠯᠪᠠ

ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ

ᠳᠡᠭᠡᠭᠰᠢᠯᠡᠭᠦᠯᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ

ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ

ᠪᠣᠯᠭᠠᠬᠤ ᠶᠢ ᠪᠠᠷᠢᠮᠲᠠᠯᠠᠵᠤ᠂ ︽ᠳᠥᠷᠪᠡ ᠶᠢ ᠰᠠᠯᠭᠠᠬᠤ ᠦᠭᠡᠢ︾ ᠪᠠᠶᠢᠬᠤ ᠱᠠᠭᠠᠷᠳᠠᠯᠭ᠎ᠠ ᠶᠢ ᠴᠢᠩᠭ᠎ᠠ

ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ

ᠲᠡᠳᠬᠦᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ

ᠪᠠᠲᠤᠯᠠᠬᠤ︾ ᠪᠠ ᠤᠰᠤ ᠤᠮᠳᠠ ᠶᠢᠨ ᠠᠮᠤᠷ ᠲᠦᠪᠰᠢᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂

ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠪᠠ᠃ ᠪᠥᠬᠦ

ᠵᠢᠯ ᠳᠤ 2.13 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠵᠣᠯᠭᠠᠭᠤᠯᠵᠤ᠂ 64 ᠲᠥᠷᠥᠯ ᠵᠦᠢᠯ ᠢ

ᠬᠡᠷᠡᠭᠵᠢᠭᠦᠯᠪᠡ᠃ 12 ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 100 ᠲᠦᠮᠡᠨ ᠲᠥᠭᠦᠷᠢᠭ ᠢ

ᠳᠠᠪᠠᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠳᠤᠮᠳᠠᠴᠢ ᠣᠷᠣᠯᠭ᠎ᠠ 15903 ᠲᠥᠭᠦᠷᠢᠭ ᠲᠤ

ᠬᠦᠷᠴᠦ᠂ ᠠᠳᠠᠯᠢ ᠬᠤᠭᠤᠴᠠᠭᠠᠨ ᠤ ᠬᠢ ᠠᠴᠠ 10.7% ᠪᠠᠷ ᠨᠡᠮᠡᠭᠳᠡᠨ᠂ ︽ᠬᠤᠶᠠᠷ ᠢ ᠥᠨᠳᠥᠷ ᠪᠠᠶᠢᠯᠭᠠᠬᠤ︾

ᠬᠠᠷᠠᠯᠲᠠ ᠶᠢ ᠪᠡᠶᠡᠯᠡᠭᠦᠯᠪᠡ᠃

ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ

 ᠤᠨ ᠶᠠᠰᠤ ᠴᠢᠨᠠᠷ᠎  ᠢ ᠳᠡᠭᠡᠭᠰᠢᠯᠡᠭᠦᠯᠦᠨ ᠦᠷ᠎ᠡ ᠠᠰᠢᠭ  ᠢ ᠨᠡᠮᠡᠭᠳᠡᠭᠦᠯᠦᠨ᠎ᠡ᠃ ᠠᠮᠤ ᠪᠤᠳᠠᠭᠠᠨ ᠤ ᠠᠮᠤᠷ

ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ

ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ

ᠲᠤᠷᠰᠢᠯᠲᠠ ᠶᠢᠨ ᠴᠢᠭ᠋ ᠤᠨ 15.7 ᠲᠦᠮᠡᠨ ᠮᠦ ᠲᠥᠷᠥᠯ ᠵᠦᠢᠯ ᠢ ᠬᠡᠷᠡᠭᠵᠢᠭᠦᠯᠵᠦ᠂ 16.09 ᠲᠦᠮᠡᠨ ᠮᠦ

ᠪᠤᠭᠤᠳᠠᠢ᠂ 25.27 ᠲᠦᠮᠡᠨ ᠮᠦ ᠶᠤᠤᠮᠠᠢ ᠶᠢᠨ ᠲᠥᠮᠥᠰᠥ᠂ 6.41 ᠲᠦᠮᠡᠨ ᠮᠦ᠂ 9.69 ᠲᠦᠮᠡᠨ ᠮᠦ ᠡᠯᠳᠡᠪ

ᠠᠮᠤ ᠳᠠᠷᠢᠵᠤ᠂ ᠠᠮᠤ ᠪᠤᠳᠠᠭᠠᠨ ᠤ ᠲᠠᠷᠢᠮᠠᠯ ᠤᠨ ᠳᠠᠷᠢᠬᠤ ᠲᠠᠯᠠᠪᠠᠶ ᠶᠢ 61 ᠲᠦᠮᠡᠨ ᠮᠦ ᠠᠴᠠ ᠳᠡᠭᠡᠭᠰᠢ

ᠲᠣᠭᠲᠠᠪᠤᠷᠢᠵᠢᠭᠤᠯᠵᠤ᠂ ᠶᠡᠷᠦᠩᠬᠡᠢ ᠤᠨᠠᠯᠲᠠ ᠶᠢ 1.2 ᠳ᠋ᠦᠩᠰᠢᠭᠤᠷ ᠵᠢᠩ ᠳᠤ ᠬᠦᠷᠭᠡᠨ᠎ᠡ᠃ ᠨᠣᠬᠠᠢ ᠶᠢᠨ

ᠬᠤᠰᠢᠭᠤ ᠶᠢᠨ ᠠᠮᠤ ᠪᠤᠳᠠᠭ᠎ᠠ ᠪᠠ ᠲᠡᠵᠢᠭᠡᠯ ᠪᠣᠷᠳᠣᠭᠠᠨ ᠤ ᠰᠢᠨ᠎ᠡ ᠡᠭᠦᠯᠳᠡᠷ ᠢ 12 ᠣᠷᠣᠭᠤᠯᠤᠨ ᠠᠪᠴᠢᠷᠠᠵᠤ᠂

ᠵᠠᠭᠤᠨ ᠮᠦ ᠠᠴᠠ ᠳᠡᠭᠡᠭᠰᠢᠬᠢ ᠵᠢᠱᠢᠶ᠎ᠡ ᠦᠵᠡᠭᠦᠯᠬᠦ ᠣᠷᠣᠨ ᠢ 8 ᠪᠠᠶᠢᠭᠤᠯᠵᠤ᠂ ᠨᠣᠬᠠᠢ ᠶᠢᠨ ᠬᠤᠰᠢᠭᠤ ᠶᠢᠨ

ᠵᠢᠱᠢᠶ᠎ᠡ ᠦᠵᠡᠭᠦᠯᠬᠦ ᠰᠢᠶᠠᠨ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠠᠯᠠᠰᠢᠨ ᠬᠤᠨᠢ ᠶᠢ ᠡᠷᠦᠬᠡ ᠬᠤᠪᠢᠶᠠᠨ

ᠲᠡᠵᠢᠭᠡᠨ ᠦᠷᠡᠵᠢᠭᠦᠯᠬᠦ ᠬᠦᠷᠢᠶᠡᠯᠡᠩ 15᠂ ᠪᠠᠷᠢᠮᠵᠢᠶᠠᠵᠢᠭᠤᠯᠤᠭᠰᠠᠨ ᠡᠭᠦᠯᠳᠡᠷ ᠤᠨ ᠬᠤᠨᠢ ᠶᠢ ᠦᠷᠡᠵᠢᠭᠦᠯᠦᠨ

ᠪᠣᠶᠢᠵᠢᠭᠤᠯᠬᠤ ᠰᠠᠭᠤᠷᠢᠨ 1᠂ ᠲᠦᠮᠡᠨ ᠠᠯᠠᠰᠢᠨ ᠬᠤᠨᠢ ᠶᠢ ᠪᠣᠷᠳᠣᠵᠤ ᠲᠠᠷᠭᠤᠯᠠᠭᠤᠯᠬᠤ ᠰᠠᠭᠤᠷᠢᠨ 1 ᠪᠠᠶᠢᠭᠤᠯᠵᠤ

᠂ ᠪᠥᠬᠦ ᠵᠢᠯ ᠳᠤ 51.57 ᠲᠦᠮᠡᠨ ᠠᠯᠠᠰᠢᠨ ᠬᠤᠨᠢ ᠶᠢ ᠲᠡᠵᠢᠭᠡᠵᠦ᠂ 72.94 ᠲᠦᠮᠡᠨ ᠠᠯᠠᠰᠢᠨ ᠬᠤᠨᠢ ᠶᠢ

ᠲᠡᠵᠢᠭᠡᠵᠦ᠂ ᠴᠤᠭᠯᠠᠷᠠᠯ ᠤᠨ ᠦᠢᠯᠡᠳᠦᠯ ᠠᠯᠬᠤᠮ ᠠᠯᠬᠤᠮ ᠢᠶᠠᠷ ᠢᠯᠡᠷᠡᠵᠦ᠂ ᠠᠯᠠᠰᠢᠨ ᠬᠤᠨᠢᠨ ᠤ ᠠᠵᠤ

ᠦᠢᠯᠡᠰ ᠤᠨ ᠬᠥᠭᠵᠢᠯᠲᠡ ᠶᠢ ︽ᠲᠦᠷᠭᠡᠨ ᠳᠠᠪᠬᠢᠬᠤ ᠵᠠᠮ︾ ᠳᠤ ᠣᠷᠣᠭᠤᠯᠪᠠ᠃ ᠥᠪᠥᠷ ᠮᠣᠩᠭᠤᠯ

ᠰᠢᠨᠵᠢᠶᠠᠩ ᠤᠨ ᠮᠠᠯ ᠠᠵᠤ ᠠᠬᠤᠢ᠂ ᠮᠣᠩᠭᠤᠯ ᠲᠡᠮᠡᠭᠡᠲᠦ ᠸᠠᠩ 2 ᠠᠵᠤ ᠠᠬᠤᠶᠢᠯᠠᠯ ᠥᠪᠡᠷᠲᠡᠭᠡᠨ ᠵᠠᠰᠠᠬᠤ

ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠭᠤᠣᠯᠳᠠᠯᠭ᠎ᠠ ᠲᠠᠢ ᠬᠥᠲᠥᠴᠢ

ᠠᠵᠤ ᠠᠬᠤᠶᠢᠯᠠᠯ ᠢᠶᠠᠷ ᠦᠨᠡᠯᠡᠭᠳᠡᠵᠦ᠂ ᠥᠪᠥᠷ ᠮᠣᠩᠭᠤᠯ ᠳ᠋ᠢᠶᠠᠨ ᠵᠡᠷᠭᠡ 13 ᠠᠵᠤ ᠠᠬᠤᠶᠢᠯᠠᠯ ︽ᠤᠯᠠᠭᠠᠨᠴᠠᠪ︾

 ᠤᠨ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠯᠲᠠ ᠶᠢ ᠭᠥᠷᠳᠡᠵᠦ᠂ ᠴᠡᠪᠡᠷ ᠠᠮᠤ ᠪᠤᠳᠠᠭᠠᠨ ᠤ ᠼᠤᠤ᠂

ᠬᠦᠢᠲᠡᠨ ᠢᠶᠠᠷ ᠰᠢᠬᠠᠬᠤ ᠶᠠᠮᠠ ᠣᠯᠣᠰᠤᠨ ᠤ ᠦᠷ᠎ᠡ ᠶᠢᠨ ᠲᠣᠰᠣ᠂ ᠣᠯᠣᠰᠤᠨ ᠤ ᠲᠣᠰᠣ 2023 ᠣᠨ ᠤ

ᠬᠤᠶᠠᠳᠤᠭᠠᠷ ᠪᠦᠯᠦᠭ ᠤᠨ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠤ

ᠨᠡᠷᠡᠰ ᠤᠨ ᠵᠢᠭᠰᠠᠭᠠᠯᠲᠠ ᠳᠤ ᠣᠷᠣᠪᠠ᠃ ︽ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ

ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠡᠭᠡᠵᠢᠩ

ᠬᠤᠲᠠ ᠶᠢᠨ ᠳ᠋ᠦ᠋ᠩᠴᠧᠩ ᠲᠣᠭᠤᠷᠢᠭ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠲᠥᠪ ᠤᠨ ᠬᠢᠮᠢ ᠶᠢᠨ

ᠭᠧᠷᠮᠠᠨ ᠤ ᠲᠤᠰᠬᠠᠢ ᠣᠷᠳᠣᠨ᠂ ︽ᠤᠤᠯ ᠦᠨᠦᠷ ᠠᠮᠲᠠ ᠶᠢᠨ ᠤᠯᠠᠭᠠᠨᠴᠠᠪ︾ ᠬᠢᠮᠢ ᠶᠢᠨ ᠭᠧᠷᠮᠠᠨ ᠤ ᠣᠨᠴᠠ

ᠭᠠᠷᠤᠯᠲᠠ ᠶᠢᠨ ᠣᠷᠳᠣᠨ ᠢ ᠪᠠᠶᠢᠭᠤᠯᠤᠨ ᠳᠠᠭᠤᠰᠬᠠᠵᠤ ᠠᠵᠢᠯᠯᠠᠭᠤᠯᠤᠨ᠂ ᠳ᠋ᠦᠩ ᠯᠠᠢ ᠱᠦᠨ ᠢᠳᠡᠭᠡᠨ ᠤ

ᠺᠣᠮᠫᠠᠨᠢ ᠲᠠᠢ 3.5 ᠲᠦᠮᠡᠨ ᠠᠯᠠᠰᠢᠨ ᠬᠤᠨᠢᠨ ᠤ ᠵᠠᠬᠢᠶᠠᠯᠠᠭ᠎ᠠ ᠶᠢᠨ ᠬᠠᠭᠤᠳᠠᠰᠤ ᠲᠣᠭᠲᠠᠵᠤ᠂ ᠣᠨᠴᠠᠯᠢᠭᠲᠤ

ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠤᠯᠠᠭᠤᠯᠭ᠎ᠠ 1.05 ᠳ᠋ᠦᠩᠰᠢᠭᠤᠷ ᠲᠥᠭᠦᠷᠢᠭ ᠲᠤ

ᠬᠥᠷᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠠᠬᠢ ︽ᠪᠦᠯᠬᠦᠮ ᠪᠠᠶᠢᠭᠤᠯᠬᠤ ᠮᠠᠶ᠋ᠢᠭ︾ ᠢᠶᠠᠷ

ᠬᠠᠪᠰᠤᠷᠤᠨ ᠲᠡᠳᠬᠦᠬᠦ ᠶᠢ ᠭᠦᠨᠵᠡᠭᠡᠢ ᠠᠬᠢᠭᠤᠯᠵᠤ᠂ ᠪᠣᠷᠳᠣᠭᠤᠷ ᠣᠷᠣᠭᠤᠯᠬᠤ ︽ᠭᠤᠷᠪᠠᠨ ᠰᠢᠨ᠎ᠡ︾ ᠶᠢᠨ ᠢᠵᠢ

ᠪᠦᠷᠢᠳᠦᠭᠦᠯᠬᠦ ᠶᠢ ᠢᠳᠡᠪᠬᠢᠲᠡᠢ ᠪᠠᠷ ᠳᠡᠯᠭᠡᠷᠡᠭᠦᠯᠦᠨ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ

ᠳᠡᠯᠭᠡᠷᠡᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 2 ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ

ᠵᠢᠱᠢᠶ᠎ᠡ ᠦᠵᠡᠭᠦᠯᠬᠦ ᠲᠥᠷᠥᠯ ᠵᠦᠢᠯ ᠢ 6 ᠬᠡᠷᠡᠭᠵᠢᠭᠦᠯᠵᠦ᠂ ᠳᠡᠯᠭᠡᠷᠡᠭᠦᠯᠬᠦ ᠲᠠᠯᠠᠪᠠᠶ ᠨᠢ 2.5 ᠲᠦᠮᠡᠨ ᠮᠦ ᠳᠤ

ᠬᠥᠷᠪᠡ᠃

ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠲᠦᠯᠬᠢᠨ

ᠠᠬᠢᠭᠤᠯᠪᠠ᠃ ᠠᠵᠤ ᠦᠢᠯᠡᠰ ᠤᠨ ᠵᠠᠮ ᠢ ᠪᠦᠲᠦᠭᠡᠨ ᠪᠠᠶᠢᠭᠤᠯᠵᠤ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ 13.

2 ᠺᠢᠯᠣᠮᠧᠲᠷ ᠪᠠᠶᠢᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ 14

ᠬᠡᠷᠡᠭᠵᠢᠭᠦᠯᠵᠦ᠂ ᠬᠠᠭᠤᠷᠠᠢ ᠵᠣᠷᠯᠣᠩ ᠢ 729 ᠥᠭᠡᠷᠡᠴᠢᠯᠡᠪᠡ᠃ 365 ᠮᠦ ᠭᠠᠵᠠᠷ ᠰᠢᠷᠣᠢ ᠶᠢᠨ ᠨᠡᠮᠡᠭᠳᠡᠯ

ᠬᠠᠰᠤᠭᠳᠠᠯ ᠢ ᠬᠤᠯᠪᠣᠭᠳᠠᠭᠤᠯᠤᠨ ᠬᠠᠭᠤᠴᠢᠨ ᠢ ᠨᠤᠷᠠᠭᠠᠵᠤ ᠳᠠᠬᠢᠨ ᠬᠠᠭᠠᠯᠪᠤᠷᠢᠯᠠᠬᠤ ᠶᠢ ᠪᠡᠶᠡᠯᠡᠭᠦᠯᠪᠡ᠃ 3 ᠬᠤᠭ

ᠨᠣᠪᠰᠢ ᠳᠠᠮᠵᠢᠭᠤᠯᠬᠤ ᠦᠷᠳᠡᠭᠡ ᠶᠢ ᠰᠢᠨ᠎ᠡ ᠪᠠᠷ ᠪᠠᠶᠢᠭᠤᠯᠵᠤ᠂ 1 ᠵᠢᠵᠢᠭ ᠬᠡᠯᠪᠡᠷᠢ ᠶᠢᠨ ᠪᠣᠬᠢᠷ ᠤᠰᠤ ᠶᠢ

ᠰᠢᠢᠳᠪᠦᠷᠢᠯᠡᠬᠦ ᠵᠦᠢᠯᠡᠰ ᠢ ᠬᠡᠷᠡᠭᠵᠢᠭᠦᠯᠵᠦ᠂ 6 ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ

ᠰᠢᠲᠠᠭᠠᠬᠤ ᠦᠷᠳᠡᠭᠡ ᠶᠢ ᠪᠠᠶᠢᠭᠤᠯᠵᠤ᠂ 63 ᠵᠠᠰᠠᠭ ᠵᠠᠬᠢᠷᠭᠠᠨ ᠤ ᠲᠣᠰᠬᠤᠨ ᠢ ᠬᠠᠮᠤᠷᠴᠤ᠂ ᠬᠥᠳᠡᠭᠡ ᠲᠣᠰᠬᠤᠨ ᠤ

ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠢᠰᠲ᠋ᠧᠮ ᠤᠨ ᠪᠦᠷᠬᠦᠴᠡ ᠶᠢᠨ ᠨᠤᠷᠮ᠎ᠠ 7326% ᠪᠣᠯᠪᠠ᠃

ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ 3᠂

ᠠᠷᠪᠠᠳᠤᠭᠠᠷ ᠬᠤᠭᠤᠴᠠᠭᠠᠨ ᠤ ᠪᠣᠯᠪᠠᠰᠤᠨ ᠨᠢᠭᠡᠴᠡ 2 ᠶᠢ ᠡᠭᠦᠳᠦᠨ ᠪᠠᠶᠢᠭᠤᠯᠵᠤ᠂ ᠪᠠᠶᠠᠨᠲᠠᠯ᠎ᠠ ᠰᠢᠶᠠᠩ ᠤᠨ

ᠪᠦᠯᠠᠤᠰᠤ ᠲᠣᠰᠬᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠬᠤᠭᠤᠴᠠᠭᠠᠨ ᠤ ᠪᠣᠯᠪᠠᠰᠤᠨ ᠲᠣᠰᠬᠤᠨ

ᠪᠠᠯᠭᠠᠰᠤ ᠶᠢ ᠢᠷᠠᠭᠤ ᠠᠯᠳᠠᠷᠲᠠᠢ ᠪᠠᠷ ᠬᠦᠷᠲᠡᠵᠡᠢ᠃

︵ᠬᠤᠶᠠᠷ︶ ᠬᠡᠯᠪᠡᠷᠢ ᠶᠢ ᠬᠤᠪᠢᠷᠠᠭᠤᠯᠤᠨ ᠪᠦᠲᠦᠴᠡ ᠶᠢ ᠲᠣᠬᠢᠷᠠᠭᠤᠯᠬᠤ ᠶᠢ ᠡᠷᠡᠰ ᠭᠤᠶᠢᠪᠢᠰᠢ ᠦᠭᠡᠢ ᠠᠳᠬᠤᠵᠤ᠂

ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ

ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ

ᠰᠢᠯᠢᠳᠡᠭᠵᠢᠭᠦᠯᠦᠨ ᠲᠡᠰ ᠳᠡᠪᠰᠢᠭᠦᠯᠦᠨ᠎ᠡ᠃ ᠥᠩᠭᠡ ᠦᠵᠡᠮᠵᠢ ᠶᠢᠨ ᠡᠨᠧᠷᠭᠢ ᠶᠢᠨ ᠠᠵᠤ ᠦᠢᠯᠡᠰ ᠬᠢᠭᠡᠳ ᠰᠢᠨ᠎ᠡ

ᠮᠠᠲ᠋ᠧᠷᠢᠶᠠᠯ ᠤᠨ ᠠᠵᠤ ᠦᠢᠯᠡᠰ ᠢ ᠵᠣᠬᠢᠴᠠᠯᠳᠤᠭᠤᠯᠤᠨ ᠬᠥᠭᠵᠢᠭᠦᠯᠵᠦ᠂ ᠳ᠋ᠠ ᠲᠠᠩ ᠤᠨ ᠯᠦᠩ ᠳ᠋ᠧ᠂ ᠰᠢᠨ ᠦ᠋

ᠵᠧᠦ ᠶᠢᠨ 5 ᠰᠠᠭᠤᠷᠢ ᠬᠠᠶᠢᠯᠤᠰᠢ ᠶᠢᠨ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠮᠡᠷᠭᠡᠵᠢᠯ ᠤᠨ

ᠥᠭᠡᠷᠡᠴᠢᠯᠡᠯᠲᠡ ᠶᠢ ᠪᠡᠶᠡᠯᠡᠭᠦᠯᠵᠦ᠂ ᠮᠧᠩᠳᠠ ᠵᠢᠯ ᠳᠤ 65 ᠲᠦᠮᠡᠨ ᠲᠣᠨ ᠸᠠᠨᠠᠳᠢ ᠲᠢᠲ᠋ᠠᠨ ᠤ ᠰᠠᠭᠤᠷᠢ ᠮᠠᠲ᠋ᠧᠷᠢᠶᠠᠯ

ᠦᠢᠯᠡᠳᠪᠦᠷᠢᠯᠡᠬᠦ᠂ 39 ᠲᠦᠮᠡᠨ ᠲᠣᠨ ᠴᠢᠳᠬᠤᠨ ᠦᠢᠯᠡᠳᠬᠦ ᠳᠤ ᠬᠡᠷᠡᠭᠯᠡᠬᠦ ᠰᠢᠷᠡᠮᠦ ᠵᠢᠴᠢ ᠦᠯᠡᠳᠡᠪᠦᠷᠢ ᠬᠡᠢ

ᠦᠯᠡᠳᠡᠪᠦᠷᠢ ᠢᠯᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ

ᠡᠬᠢᠯᠡᠭᠦᠯᠪᠡ᠃ ᠮᠧᠩ ᠨᠧᠩ ᠬᠤᠸᠠ ᠳ᠋ᠧ ᠶᠢᠨ 100 ᠲᠦᠮᠡᠨ ᠺᠢᠯᠣᠸᠠᠲ ᠤᠨ ᠥᠩᠭᠡ ᠦᠵᠡᠮᠵᠢ ᠶᠢᠨ

ᠨᠥᠭᠡᠴᠡ ᠶᠢᠨ ᠲᠥᠷᠥᠯ ᠵᠦᠢᠯ᠂ ᠲᠢᠶᠠᠨ ᠴᠧᠩ ᠤᠨ 3.95 ᠰᠠᠶ᠎ᠠ ᠸᠠᠲ ᠤᠨ ᠲᠠᠷᠬᠠᠯᠲᠠ ᠶᠢᠨ ᠬᠡᠯᠪᠡᠷᠢ ᠶᠢᠨ ᠬᠡᠷᠡᠯ

ᠴᠡᠨᠡᠭ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠪᠥᠬᠦ ᠰᠢᠶᠠᠨ ᠤ ᠥᠩᠭᠡ ᠦᠵᠡᠮᠵᠢ ᠶᠢᠨ ᠶᠡᠷᠦᠩᠬᠡᠢ

ᠮᠠᠰᠢᠨ ᠴᠣᠭᠴᠠᠯᠠᠪᠤᠷᠢ 200 ᠲᠦᠮᠡᠨ ᠺᠢᠯᠣᠸᠠᠲ ᠢ ᠳᠠᠪᠠᠵᠤ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ

ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠲᠦᠷᠭᠡᠳᠪᠡ᠃ ᠰᠢᠶᠦᠶᠢᠩ ᠸᠧᠢ ᠭᠤᠸᠠᠩ ᠳ᠋ᠠ ᠰᠢᠨ᠎ᠡ

ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠥᠪᠥᠷ ᠮᠣᠩᠭᠤᠯ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ

100 ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ ᠣᠷᠣᠪᠠ᠃ ᠰᠢᠨ ᠯᠢᠶᠠᠨ ᠣᠷᠴᠢᠨ ᠲᠣᠭᠤᠷᠢᠨ ᠤ

ᠬᠠᠮᠠᠭᠠᠯᠠᠯᠲᠠ ᠶᠢᠨ ᠺᠣᠮᠫᠠᠨᠢ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ

ᠫᠠᠶᠢᠰᠠ ᠡᠯᠭᠦᠪᠡ᠃ ᠬᠤᠸᠠ ᠴᠧᠨ ᠺᠣᠮᠫᠠᠨᠢ ᠶᠢᠨ ︽ᠤᠯᠠᠭᠠᠨ ᠴᠠᠢ ᠶᠢᠨ ᠲᠠᠯᠠᠰᠲᠤ ᠴᠢᠯᠠᠭᠤ︾ ᠶᠢᠨ

ᠪᠦᠲᠦᠭᠡᠭᠳᠡᠬᠦᠨ ᠢ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠨᠢ ᠮᠢᠺᠷᠣᠪ ᠣᠷᠭᠠᠨᠢᠭ ᠪᠣᠷᠳᠣᠭᠤᠷ ᠤᠨ ᠬᠦᠷᠢᠶᠡᠨ ᠳᠤ

ᠣᠷᠣᠭᠰᠠᠨ ᠪᠥᠭᠡᠳ ᠳᠤᠮᠳᠠᠳᠤ ᠤᠯᠤᠰ ᠤᠨ ᠡᠷᠦᠳᠡᠰᠦ ᠪᠣᠷᠳᠣᠭᠤᠷ ᠤᠨ ᠲᠦᠷᠦᠭᠦᠴᠦᠳ ᠤᠨ ᠬᠤᠷᠠᠯ ᠳᠡᠭᠡᠷ᠎ᠡ

ᠲᠠᠨᠢᠯᠴᠠᠭᠤᠯᠤᠭᠳᠡᠵᠤ᠂ ᠪᠣᠷᠵᠢᠨ ᠴᠢᠯᠠᠭᠤᠯᠢᠭ ᠤᠨ ᠦᠯᠡᠳᠡᠭᠳᠡᠯ ᠬᠦᠳᠡᠷ ᠤᠨ ᠬᠥᠮᠥᠷᠭᠡ ᠶᠢ ᠰᠢᠢᠳᠪᠦᠷᠢᠯᠡᠬᠦ ᠮᠡᠷᠭᠡᠵᠢᠯ

 ᠨᠢ ᠳᠡᠯᠡᠬᠡᠢ ᠶᠢᠨ ᠲᠡᠷᠢᠭᠦᠨ ᠤ ᠬᠢᠷᠢ ᠲᠦᠪᠰᠢᠨ ᠳᠤ ᠭᠦᠷᠦᠭᠰᠡᠨ ᠪᠠᠶᠢᠨ᠎ᠠ᠃

ᠬᠤᠪᠴᠠᠰᠤ ᠬᠤᠨᠠᠷ ᠤᠨ ᠠᠵᠤ ᠦᠢᠯᠡᠰ ᠤᠨ ᠲᠠᠰ ᠳᠡᠪᠰᠢᠪᠡ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ

ᠠᠳᠠᠯ ᠦᠢᠯᠡᠰ ᠴᠣᠭᠴᠠᠯᠠᠬᠤ ᠳᠡᠭᠡᠳᠦ ᠰᠤᠷᠭᠠᠭᠤᠯᠢ ᠵᠡᠷᠭᠡ ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ ᠲᠠᠢ

ᠭᠦᠨᠵᠡᠭᠡᠢ ᠬᠠᠮᠲᠤᠷᠠᠯᠴᠠᠵᠤ᠂ ᠰᠢᠨ᠎ᠡ ᠤᠷᠤᠰᠬᠠᠯ ᠤᠨ ᠴᠠᠭ ᠤᠨ ᠥᠩᠭᠡᠲᠦ ᠬᠤᠨᠢ ︵ᠲᠡᠮᠡᠭᠡ︶ ᠶᠢᠨ ᠨᠣᠯᠤᠥᠷ ᠤᠨ

ᠬᠤᠪᠴᠠᠰᠤ ᠵᠠᠰᠠᠯ ᠤᠨ ᠵᠢᠷᠤᠭ ᠲᠥᠯᠥᠪᠯᠡᠭᠡ ᠶᠢᠨ ᠠᠵᠢᠯ ᠢ ᠲᠣᠭᠲᠠᠭᠤᠨ ᠢᠶᠠᠷ ᠠᠬᠢᠭᠤᠯᠵᠤ᠂ ᠬᠤᠪᠴᠠᠰᠤ

ᠵᠠᠰᠠᠯ ᠤᠨ ᠪᠦᠲᠦᠭᠡᠭᠳᠡᠬᠦᠨ ᠤ ᠥᠷᠢᠰᠦᠯᠳᠦᠬᠦ ᠬᠦᠴᠦᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃ 106

ᠪᠦᠯᠦᠭ ᠤᠳᠠᠭ᠎ᠠ ᠶᠢᠨ ᠬᠤᠪᠴᠠᠰᠤ ᠬᠤᠨᠠᠷ ᠢ ᠰᠢᠯᠭᠠᠨ ᠪᠠᠶᠢᠴᠠᠭᠠᠵᠤ᠂ ᠬᠤᠪᠴᠠᠰᠤᠨ ᠤ ᠦᠢᠯᠡᠳᠬᠦᠨ ᠤ ᠶᠠᠰᠤ

ᠴᠢᠨᠠᠷ ᠢ ᠪᠠᠲᠤᠯᠠᠨ᠎ᠠ᠃ ︽ᠪᠢ ᠬᠤᠸᠠᠳᠧ ᠬᠤᠪᠴᠠᠰᠤ ᠬᠤᠨᠠᠷ ᠣᠷᠣᠯᠠᠨ ᠥᠭᠦᠯᠡᠬᠦ︾ ᠠᠵᠢᠯᠯᠠᠭ᠎ᠠ ᠶᠢ ᠥᠷᠨᠢᠭᠦᠯᠵᠦ᠂

ᠤᠯᠠᠭᠠᠨᠴᠠᠪ ᠤᠨ ︽ᠲᠠᠯ᠎ᠠ ᠨᠤᠲᠤᠭ ᠤᠨ ᠴᠠᠢ ᠲᠡᠮᠡᠭᠡᠨ ᠤ ᠵᠠᠮ︾ ᠤᠨ ᠬᠤᠪᠴᠠᠰᠤ ᠵᠠᠰᠠᠯ ᠤᠨ ᠰᠣᠶᠣᠯ ᠤᠨ

ᠭᠠᠷᠠᠭ ᠢ ᠡᠷᠭᠢᠯᠡᠵᠦ᠂ ᠬᠤᠪᠴᠠᠰᠤ ᠵᠠᠰᠠᠯ ᠤᠨ ᠠᠵᠤ ᠦᠢᠯᠡᠰ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ

ᠳᠡᠭᠡᠭᠰᠢᠯᠡᠭᠦᠯᠪᠡ᠃ ᠬᠤᠪᠴᠠᠰᠤ ᠬᠤᠨᠠᠷ ᠤᠨ ᠬᠦᠷᠢᠶᠡᠯᠡᠩ ᠲᠣᠭᠤᠷᠢᠭ ᠤᠨ ᠬᠤᠨᠢ ︵ᠲᠡᠮᠡᠭᠡ︶ ᠶᠢᠨ ᠨᠣᠯᠤᠥᠷ ᠤᠨ

ᠬᠤᠪᠴᠠᠰᠤᠨ ᠤ ᠠᠵᠤ ᠦᠢᠯᠡᠰ ᠤᠨ ᠰᠦᠷᠦᠭᠵᠢᠯ ᠨᠢ ᠨᠢᠭᠡᠳᠦᠭᠡᠷ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ ᠪᠥᠬᠦ ᠵᠢᠯ ᠤᠨ ᠬᠤᠪᠴᠠᠰᠤ

ᠬᠤᠨᠠᠷ ᠤᠨ ᠭᠠᠷᠤᠯᠲᠠ ᠪᠠᠷᠤᠭ 1400 ᠲᠦᠮᠡᠨ ᠵᠠᠬ᠎ᠠ ᠪᠠᠶᠢᠵᠤ᠂ ᠦᠢᠯᠡᠳᠬᠦᠨ ᠤ ᠥᠷᠲᠡᠭ 11.2 ᠳ᠋ᠦᠩᠰᠢᠭᠤᠷ

ᠲᠥᠭᠦᠷᠢᠭ ᠲᠤ ᠬᠦᠷᠴᠦ᠂ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢᠨ ᠬᠡᠮᠵᠢᠶ᠎ᠡ 2.4 ᠳ᠋ᠦᠩᠰᠢᠭᠤᠷ

ᠲᠥᠭᠦᠷᠢᠭ ᠲᠤ ᠬᠦᠷᠴᠦ᠂ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ

 ᠬᠢ ᠠᠴᠠ 30% ᠪᠠᠷ ᠨᠡᠮᠡᠭᠳᠡᠪᠡ᠃

ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠨᠢ ᠠᠮᠢᠵᠢᠷᠠᠯ ᠤᠨ ᠬᠦᠴᠦᠨ ᠢᠶᠠᠨ ᠢᠯᠡᠷᠡᠭᠦᠯᠪᠡ᠃  ᠳ᠋ᠥᠸᠧ 

ᠮᠧᠩ ᠳ᠋ᠧ᠂ ᠢ ᠲᠦᠩ᠂ ᠬᠤᠸ ᠪᠠᠩ ᠪᠠᠷᠠᠭᠠᠨ ᠤ ᠭᠦᠢᠯᠭᠡᠭᠡᠨ ᠤ ᠺᠣᠮᠫᠠᠨᠢ ᠶᠢᠨ ᠦᠢᠯᠡᠴᠢᠯᠡᠭᠡᠨ ᠤ ᠲᠠᠰ

ᠳᠡᠪᠰᠢᠬᠦ ᠶᠢ ᠳᠡᠮᠵᠢᠵᠦ᠂ ᠬᠠᠶᠢᠯᠤᠰᠢ ᠶᠢᠨ ᠠᠵᠤ ᠠᠬᠤᠶᠢᠯᠠᠯ ᠯᠤᠭ᠎ᠠ ᠭᠦᠨᠵᠡᠭᠡᠢ ᠠᠭᠤᠰᠤᠯᠴᠠᠨ᠂ ᠲᠡᠷᠭᠡ ᠦᠭᠡᠢ ᠪᠠᠷ

ᠳᠠᠭᠠᠭᠠᠴᠢᠯᠠᠨ ᠲᠡᠭᠡᠭᠡᠪᠦᠷᠢᠯᠡᠬᠦ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ

ᠳᠡᠭᠡᠭᠰᠢᠯᠡᠭᠦᠯᠦᠨ᠎ᠡ᠃ ᠼᠤᠤ ᠹᠧᠢ ᠳ᠋ᠢᠶᠠᠨ ᠭᠠᠷᠠᠮ ᠤᠨ ᠬᠤᠸᠠᠳᠧ ᠶᠢᠨ ᠳᠣᠲᠣᠭᠠᠳᠤ ᠬᠠᠭᠤᠷᠠᠢ ᠶᠢᠨ ᠭᠠᠷᠠᠮ ᠢ

ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠤᠯᠠᠭᠠᠨᠴᠠᠪ ᠬᠤᠲᠠ ᠪᠠ ᠡᠷᠬᠢᠨ ᠲᠣᠭᠤᠷᠢᠨ ᠤ ᠭᠠᠵᠠᠷ ᠣᠷᠣᠨ ᠳᠤ

ᠬᠠᠭᠤᠷᠠᠢ ᠪᠠ ᠲᠡᠯᠡᠶ ᠶᠢᠨ ᠲᠡᠭᠡᠭᠡᠪᠦᠷᠢ ᠶᠢᠨ ᠰᠢᠨ᠎ᠡ ᠵᠠᠮ ᠢ ᠨᠡᠪᠲᠡᠷᠡᠭᠦᠯᠪᠡ᠃ ᠪᠦᠬᠦ ᠵᠢᠯ ᠳᠤ ᠭᠠᠳᠠᠭᠠᠳᠤ ᠠᠴᠠ

ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠦᠳᠡᠷ ᠬᠢᠭᠡᠳ ᠬᠠᠶᠢᠯᠤᠰᠢ ᠶᠢᠨ ᠦᠢᠯᠡᠳᠬᠦᠨ 1.2 ᠲᠦᠮᠡᠨ

ᠲᠣᠨ ᠳᠤ ᠬᠦᠷᠴᠦ᠂ 1.1 ᠳ᠋ᠦᠩᠰᠢᠭᠤᠷ ᠲᠥᠭᠦᠷᠢᠭ ᠤᠨ ᠭᠠᠳᠠᠭᠠᠳᠤ ᠭᠤᠪᠢᠭᠤᠯᠭ᠎ᠠ ᠣᠯᠪᠠ᠃ ᠬᠥᠳᠡᠭᠡ

ᠲᠣᠰᠬᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂

ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠦᠷᠳᠡᠭᠡ ᠴᠡᠭ ᠢ 51 ᠪᠠᠶᠢᠭᠤᠯᠵᠤ᠂ ᠵᠠᠰᠠᠭ

ᠵᠠᠬᠢᠷᠭᠠᠨ ᠤ ᠲᠣᠰᠬᠤᠨ ᠤ ᠦᠢᠯᠡᠴᠢᠯᠡᠭᠡᠨ ᠤ ᠪᠦᠷᠬᠦᠴᠡ ᠶᠢᠨ ᠨᠤᠷᠮ᠎ᠠ ᠶᠢ 82% ᠠᠴᠠ ᠳᠡᠭᠡᠭᠰᠢ 

ᠬᠡᠮᠵᠢᠶᠡᠨ ᠳᠤ ᠬᠦᠷᠭᠡᠵᠦ᠂ ᠬᠥᠳᠡᠭᠡ ᠲᠣᠰᠬᠤᠨ ᠤ ᠲᠦᠷᠭᠡᠨ ᠬᠦᠷᠭᠡᠯᠲᠡ ᠶᠢᠨ ᠬᠡᠮᠵᠢᠶ᠎ᠡ ᠶᠢ 81

ᠲᠦᠮᠡᠨ ᠬᠤᠪᠢ ᠳᠤ ᠬᠦᠷᠭᠡᠵᠦ᠂ ︽ᠠᠵᠤ ᠦᠢᠯᠡᠳᠪᠦᠷᠢ ᠶᠢᠨ ᠦᠢᠯᠡᠳᠬᠦᠨ ᠢ ᠬᠥᠳᠡᠭᠡ ᠪᠠᠭᠤᠯᠭᠠᠬᠤ︾᠂

︽ᠲᠠᠷᠢᠶᠠᠯᠠᠩ ᠤᠨ ᠪᠦᠲᠦᠭᠡᠭᠳᠡᠬᠦᠨ ᠢ ᠬᠤᠳᠠ ᠳᠤ ᠣᠷᠣᠭᠤᠯᠬᠤ︾᠂ ︽ᠡᠴᠦᠰ ᠤᠨ ᠨᠢᠭᠡ ᠺᠢᠯᠣᠮᠧᠲᠷ︾ ᠤᠨ ᠬᠤᠣᠰ

ᠴᠢᠭᠯᠡᠯ ᠤᠨ ᠭᠦᠢᠯᠭᠡᠭᠡᠨ ᠤ ᠵᠠᠮ ᠢ ᠨᠡᠪᠲᠡᠷᠡᠭᠦᠯᠪᠡ᠃

︵ᠭᠤᠷᠪᠠ︶ ᠥᠭᠡᠷᠡᠴᠢᠯᠡᠯᠲᠡ ᠶᠢ ᠤᠷᠲᠤ ᠬᠤᠭᠤᠴᠠᠭ᠎ᠠ ᠪᠠᠷ ᠠᠳᠬᠤᠨ ᠦᠢᠯᠡᠴᠢᠯᠡᠭᠡ ᠪᠠᠨ ᠴᠢᠩᠭᠠᠳᠬᠠᠵᠤ᠂

ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠪᠠ

ᠬᠠᠷᠢᠴᠠᠩᠭᠤᠢ ᠪᠠᠷ ᠲᠥᠪᠯᠡᠷᠡᠭᠦᠯᠦᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠰᠢᠨ᠎ᠡ

ᠦᠷ᠎ᠡ ᠪᠦᠲᠦᠮᠵᠢ ᠣᠯᠵᠤ᠂ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠥᠭᠡᠷᠡᠴᠢᠯᠡᠯᠲᠡ ᠶᠢ

ᠪᠦᠬᠦ ᠲᠠᠯ᠎ᠠ ᠪᠠᠷ ᠪᠡᠶᠡᠯᠡᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ ᠵᠢᠷᠤᠮᠵᠢᠭᠤᠯᠤᠯᠲᠠ

ᠳᠥᠭᠦᠮᠵᠢᠯᠲᠡ ᠶᠢ ᠪᠥᠬᠦ ᠲᠠᠯ᠎ᠠ ᠪᠠᠷ ᠠᠬᠢᠭᠤᠯᠵᠤ᠂ ︽ᠪᠥᠬᠦ ᠣᠷᠣᠨ ᠤ ᠨᠡᠶᠢᠳᠡᠮ ᠭᠦᠢᠴᠡᠳᠬᠡᠬᠦ︾ ᠵᠦᠢᠯᠡᠰ ᠢ

ᠭᠥᠯᠢᠶᠡᠨ ᠠᠪᠴᠤ ᠰᠢᠯᠵᠢᠭᠦᠯᠦᠨ ᠭᠦᠢᠴᠡᠳᠬᠡᠬᠦ ᠨᠣᠷᠮ᠎ᠠ᠂ ᠬᠢᠨᠠᠨ ᠵᠥᠪᠰᠢᠶᠡᠷᠡᠵᠦ ᠭᠦᠢᠴᠡᠳᠬᠡᠨ ᠳᠠᠭᠤᠰᠬᠠᠭᠰᠠᠨ

ᠨᠣᠷᠮ᠎ᠠ 100% ᠳᠤ ᠬᠦᠷᠴᠦ᠂ ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ ᠭᠦᠢᠴᠡᠳᠬᠡᠬᠦ ᠵᠦᠢᠯᠡᠰ ᠤᠨ

ᠪᠦᠷᠬᠦᠴᠡ ᠶᠢᠨ ᠨᠣᠷᠮ᠎ᠠ 89.97% ᠳᠤ ᠬᠦᠷᠴᠦ᠂ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ

ᠦᠢᠯᠡᠴᠢᠯᠡᠭᠡᠨ ᠤ ᠥᠷᠲᠡᠭᠡ ᠴᠢᠭ᠋ ᠤᠨ ᠪᠦᠷᠬᠦᠴᠡ ᠶᠢᠨ ᠨᠣᠷᠮ᠎ᠠ 100% ᠳᠤ ᠬᠥᠷᠪᠡ᠃ ︽ᠬᠤᠶᠠᠷ ᠰᠢᠯᠢᠳᠡᠭ︾

 ᠤᠨ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠵᠢᠯ ᠶᠠᠪᠤᠳᠠᠯ ᠡᠷᠬᠢᠯᠡᠬᠦ ᠵᠠᠩᠭᠢᠯᠠᠭ᠎ᠠ ᠶᠢ 30%᠂

ᠮᠠᠲ᠋ᠧᠷᠢᠶᠠᠯ ᠢ 16.7%᠂ ᠴᠠᠭ ᠤᠨ ᠬᠢᠵᠠᠭᠠᠷ ᠢ 57.9% ᠪᠠᠷ ᠪᠠᠭᠠᠰᠬᠠᠪᠠ᠃ ᠠᠵᠤ ᠠᠬᠤᠶᠢᠯᠠᠯ ᠤᠨ

ᠦᠢᠯᠡᠴᠢᠯᠡᠭᠡᠨ ᠤ ᠲᠤᠰᠬᠠᠢ ᠣᠷᠣᠨ ᠢ ᠰᠢᠨ᠎ᠡ ᠪᠠᠷ ᠪᠠᠶᠢᠭᠤᠯᠵᠤ᠂ ︽ᠶᠣᠰᠣ ᠮᠣᠷᠠᠯ ᠢᠶᠠᠷ ᠪᠠᠶᠢᠭᠤᠯᠤᠭᠰᠠᠨ ᠠᠯᠪᠠᠨ

ᠭᠡᠷ︾ ᠤᠨ ᠦᠢᠯᠡᠴᠢᠯᠡᠭᠡᠨ ᠤ ᠲᠤᠰᠬᠠᠢ ᠠᠩᠭᠢ ᠶᠢ ᠪᠠᠶᠢᠭᠤᠯᠤᠨ᠂ ︽ᠨᠢᠭᠡ ᠬᠡᠷᠡᠭ ᠲᠤ ᠨᠢᠭᠡ ᠬᠥᠮᠥᠨ᠂ ᠲᠤᠰᠬᠠᠢ

ᠬᠥᠮᠥᠨ ᠳᠠᠭᠠᠵᠤ ᠭᠦᠢᠴᠡᠳᠬᠡᠬᠦ︾ ᠦᠢᠯᠡᠴᠢᠯᠡᠭᠡ ᠶᠢ ᠬᠡᠷᠡᠭᠵᠢᠭᠦᠯᠵᠦ᠂ ᠠᠵᠤ ᠠᠬᠤᠶᠢᠯᠠᠯ ᠳᠤ ᠴᠢᠨᠠᠷ ᠰᠠᠶᠢᠲᠠᠢ

ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ ︽ᠳᠠᠭᠠᠳᠬᠠᠯ ᠤᠨ ᠵᠢᠭᠡᠯᠡᠯᠭᠡ ᠶᠢ

ᠳᠡᠮᠵᠢᠬᠦ︾᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ

ᠰᠢᠰᠲ᠋ᠧᠮᠵᠢ ᠶᠢᠨ ᠦᠢᠯᠡᠳᠦᠯ ᠢ ᠪᠠᠳᠠᠷᠠᠭᠤᠯᠵᠤ᠂ ᠨᠡᠶᠢᠲᠡ 5250 ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ

ᠪᠠᠷᠤᠭ 12 ᠳ᠋ᠦᠩᠰᠢᠭᠤᠷ ᠲᠥᠭᠦᠷᠢᠭ ᠤᠨ ᠪᠡᠯᠡ ᠬᠤᠷᠠᠮᠳᠤᠭᠤᠯᠪᠠ᠃ ᠭᠠᠶᠢᠯᠢ ᠶᠢ ᠪᠤᠴᠠᠭᠠᠬᠤ ᠭᠠᠶᠢᠯᠢ ᠶᠢ

ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠶᠢᠯᠢ ᠶᠢ

ᠪᠤᠴᠠᠭᠠᠬᠤ ᠭᠠᠶᠢᠯᠢ ᠶᠢ ᠬᠥᠩᠭᠡᠯᠡᠵᠦ ᠰᠦᠢᠳᠬᠡᠯ ᠢ 1.18 ᠳ᠋ᠦᠩᠰᠢᠭᠤᠷ ᠲᠥᠭᠦᠷᠢᠭ ᠪᠠᠭᠤᠷᠠᠭᠤᠯᠪᠠ᠃ ᠥᠪᠡᠷᠲᠡᠭᠡᠨ

ᠵᠠᠰᠠᠬᠤ ᠣᠷᠣᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠦᠨᠡᠯᠡᠨ ᠵᠢᠱᠢᠵᠦ ᠴᠡᠭᠴᠡᠯᠡᠨ ᠰᠠᠶᠢᠵᠢᠷᠠᠭᠤᠯᠬᠤ ᠶᠢ

ᠠᠬᠢᠭᠤᠯᠵᠤ᠂ ︽ᠮᠢᠩᠭᠠᠨ ᠵᠦᠢᠯ ᠤᠨ ᠠᠮᠠᠯᠠᠯᠲᠠ︾ ᠶᠢᠨ 40 ᠵᠦᠢᠯ ᠤᠨ ᠨᠠᠷᠢᠨ ᠲᠠᠩᠰᠠ ᠶᠢᠨ ᠡᠭᠦᠷᠭᠡ ᠶᠢ

ᠪᠦᠬᠦᠨ ᠢ ᠪᠡᠶᠡᠯᠡᠭᠦᠯᠪᠡ᠃ ︽ᠲᠥᠷᠥᠯ ᠵᠦᠢᠯ ᠤᠨ ᠬᠠᠮᠢᠶᠠᠷᠤᠭᠴᠢ︾ ᠶᠢᠨ ᠦᠢᠯᠡᠴᠢᠯᠡᠭᠡ ᠶᠢ ᠬᠡᠷᠡᠭᠵᠢᠭᠦᠯᠵᠦ᠂

ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠵᠦ᠂ 12 ᠴᠢᠬᠤᠯᠠ ᠶᠡᠭᠡ ᠲᠥᠷᠥᠯ ᠵᠦᠢᠯ ᠳᠤ

31.45 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ

150.47% ᠳᠤ ᠬᠥᠷᠪᠡ᠃ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠶᠠᠰᠤ ᠴᠢᠨᠠᠷ ᠢ ᠳᠡᠭᠡᠭᠰᠢᠯᠡᠭᠦᠯᠦᠨ

ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠬᠦ ᠶᠢ ᠥᠨᠳᠥᠷ ᠪᠠᠶᠢᠷᠢᠨ ᠳᠤ ᠲᠠᠯᠪᠢᠵᠤ᠂ 65 ᠲᠥᠷᠥᠯ ᠵᠦᠢᠯ ᠳᠤ

ᠰᠢᠨ᠎ᠡ ᠪᠠᠷ ᠭᠡᠷ᠎ᠡ ᠲᠣᠭᠲᠠᠵᠤ᠂ ᠣᠷᠣᠨ ᠤ ᠭᠠᠳᠠᠨ᠎ᠠ 24.88 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ

ᠪᠣᠳᠠᠲᠠᠶᠢᠵᠢᠭᠤᠯᠵᠤ᠂ ᠪᠡᠶᠡᠯᠡᠭᠦᠯᠦᠭᠰᠡᠨ ᠨᠣᠷᠮ᠎ᠠ 226% ᠳᠤ ᠬᠥᠷᠪᠡ᠃ ᠠᠵᠤ ᠦᠢᠯᠡᠰ ᠤᠨ ᠬᠦᠷᠢᠶᠡᠯᠡᠩ ᠤᠨ

ᠡᠨᠧᠷᠭᠢ ᠶᠢᠨ ᠲᠠᠰ ᠪᠠ ᠶᠠᠰᠤ ᠴᠢᠨᠠᠷ ᠦᠷ᠎ᠡ ᠠᠰᠢᠭ ᠢ ᠲᠦᠷᠭᠡᠳᠬᠡᠨ ᠳᠡᠭᠡᠭᠰᠢᠯᠡᠭᠦᠯᠵᠦ᠂ ᠠᠵᠤ ᠦᠢᠯᠡᠰ ᠤᠨ

ᠬᠦᠷᠢᠶᠡᠯᠡᠩ ᠤᠨ ᠵᠠᠮ ᠢ 11.298 ᠺᠢᠯᠣᠮᠧᠲᠷ ᠳᠡᠪᠢᠰᠴᠦ᠂ ᠳ᠋ᠧ ᠢ ᠶᠢᠨ 500 ᠺᠢᠯᠣᠸᠠᠲ ᠤᠨ ᠴᠠᠬᠢᠯᠭᠠᠨ

ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠪᠠᠶᠢᠭᠤᠯᠤᠨ ᠳᠠᠭᠤᠰᠬᠠᠵᠤ᠂ ᠪᠣᠷᠣᠭᠠᠨ ᠤ ᠪᠣᠬᠢᠷᠲᠤᠯ ᠢ

ᠰᠠᠯᠭᠠᠬᠤ ᠵᠢᠴᠢ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠬᠤᠭᠤᠯᠠᠢ ᠶᠢᠨ ᠲᠣᠣᠷ ᠢ ᠲᠠᠰ ᠳᠡᠪᠰᠢᠭᠦᠯᠦᠨ

ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ 12 ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠬᠦ

ᠤᠰᠤᠨ ᠤ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠨ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠶᠢ

100% ᠳᠤ ᠬᠦᠷᠦᠭᠦᠯᠦᠨ᠎ᠡ᠃ ︽ᠲᠠᠪᠤᠨ ᠶᠡᠭᠡ ᠡᠬᠢᠯᠡᠯᠲᠡ︾ ᠶᠢᠨ ᠠᠵᠢᠯᠯᠠᠭ᠎ᠠ ᠶᠢ ᠭᠦᠨᠵᠡᠭᠡᠢ ᠲᠦᠯᠬᠢᠨ

ᠠᠬᠢᠭᠤᠯᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠢ ᠶᠢ 204 ᠮᠦ ᠰᠢᠩᠭᠡᠭᠡᠵᠦ᠂ ᠡᠳ᠋ ᠤᠨ

ᠵᠠᠰᠠᠭ ᠤᠨ ᠳᠠᠷᠤᠭᠳᠠᠵᠤ ᠪᠠᠶᠢᠭ᠎ᠠ ᠪᠡᠯᠡ ᠮᠥᠩᠭᠦ ᠶᠢ 21.2 ᠲᠦᠮᠡᠨ ᠲᠥᠭᠦᠷᠢᠭ ᠰᠢᠨ᠎ᠡ ᠪᠠᠷ ᠪᠤᠴᠠᠭᠠᠨ ᠲᠤᠰᠢᠶᠠᠵᠤ᠂

ᠨᠡᠭᠡᠭᠡᠨ ᠬᠥᠭᠵᠢᠭᠦᠯᠬᠦ ᠣᠷᠣᠨ ᠤ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠢ ᠶᠡᠭᠡ ᠪᠠᠷ ᠡᠬᠢᠯᠡᠯᠲᠡ ᠲᠠᠢ

ᠡᠴᠦᠰ ᠲᠤᠨᠢ ᠬᠦᠴᠦᠨ ᠦᠭᠡᠢ ᠪᠣᠯᠭᠠᠬᠤ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠪᠡ᠃

︵ᠳᠥᠷᠪᠡ︶ ᠳᠤᠲᠠᠭᠳᠠᠯ ᠢ ᠨᠥᠬᠦᠪᠦᠷᠢᠯᠡᠵᠦ ᠰᠠᠭᠤᠷᠢ ᠶᠢ ᠪᠠᠲᠤᠳᠬᠠᠬᠤ ᠶᠢ ᠴᠥᠬᠦᠷᠡᠰᠢ ᠦᠭᠡᠢ

ᠪᠠᠷᠢᠮᠲᠠᠯᠠᠵᠤ᠂ ᠬᠤᠲᠠ ᠪᠠᠯᠭᠠᠰᠤᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ

ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢ ᠦᠷᠭᠦᠯᠵᠢᠯᠡᠨ ᠪᠠᠬᠢᠵᠢᠭᠦᠯᠵᠦ᠂ ᠢᠯᠴᠢ ᠬᠠᠩᠭᠠᠬᠤ᠂ ᠤᠰᠤ

ᠬᠠᠩᠭᠠᠬᠤ᠂ ᠤᠰᠤ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ 80.2 ᠺᠢᠯᠣᠮᠧᠲᠷ ᠪᠡᠶᠡᠯᠡᠭᠦᠯᠵᠦ᠂

ᠬᠤᠲᠠ ᠶᠢᠨ ᠲᠣᠭᠤᠷᠢᠭ ᠤᠨ ᠵᠢᠵᠢᠭ ᠵᠡᠭᠡᠯᠢ ᠵᠢᠵᠢᠭ ᠭᠤᠳᠤᠮᠵᠢ ᠶᠢ 6 ᠺᠢᠯᠣᠮᠧᠲᠷ ᠥᠭᠡᠷᠡᠴᠢᠯᠡᠵᠦ᠂ 6 ᠣᠯᠠᠨ

ᠨᠡᠶᠢᠲᠡ ᠶᠢᠨ ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠵᠤ᠂ 75 ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ

ᠱᠣᠩ ᠢ ᠰᠢᠨ᠎ᠡ ᠪᠠᠷ ᠨᠡᠮᠡᠭᠳᠡᠭᠦᠯᠦᠨ᠂ 8.47 ᠺᠢᠯᠣᠮᠧᠲᠷ ᠡᠮᠦᠨ᠎ᠡ ᠦᠶᠡᠷ ᠢ ᠰᠡᠷᠭᠡᠶᠢᠯᠡᠬᠦ ᠭᠤᠤ ᠶᠢ ᠵᠠᠰᠠᠵᠤ᠂

ᠭᠠᠯᠲᠤ ᠲᠡᠷᠭᠡᠨ ᠥᠷᠲᠡᠭᠡᠨ ᠤ ᠪᠠᠶᠢᠷᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠴᠠᠩᠱᠦ᠋ᠨ ᠪᠠᠯᠭᠠᠰᠤ ᠶᠢᠨ

ᠪᠣᠷᠣᠭᠠᠨ ᠤ ᠪᠣᠬᠢᠷᠲᠤᠯ ᠢ ᠰᠠᠯᠭᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠬᠤᠲᠠ ᠬᠥᠳᠡᠭᠡ ᠶᠢᠨ ᠨᠢᠭᠡ

ᠴᠣᠭᠴᠠᠵᠢᠭᠰᠠᠨ ᠤᠤᠭᠤᠬᠤ ᠤᠰᠤᠨ ᠤ ᠠᠮᠤᠷ ᠲᠦᠪᠰᠢᠨ ᠤ ᠴᠢᠨᠠᠷ ᠢ ᠳᠡᠭᠡᠭᠰᠢᠯᠡᠭᠦᠯᠬᠦ ᠲᠥᠷᠥᠯ ᠵᠦᠢᠯ ᠢ

ᠯᠠᠪᠳᠠᠭᠤᠨ ᠢᠶᠠᠷ ᠠᠬᠢᠭᠤᠯᠤᠨ᠎ᠠ᠃ ᠠᠷᠠᠳ ᠲᠤ ᠠᠰᠢᠭ ᠬᠦᠷᠲᠡᠭᠡᠬᠦ ᠨᠠᠷᠢᠯᠢᠭ ᠣᠨᠣᠴᠠᠲᠠᠢ ᠪᠠᠷ ᠬᠦᠴᠦᠯᠡᠬᠦ ᠳᠤ

ᠠᠩᠬᠠᠷᠤᠯ ᠢᠶᠠᠨ ᠲᠥᠪᠯᠡᠷᠡᠭᠦᠯᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 100 ᠢᠵᠢ

ᠥᠭᠡᠷᠡᠴᠢᠯᠡᠨ ᠪᠠᠶᠢᠭᠤᠯᠵᠤ᠂ ᠲᠠᠢ ᠳ᠋ᠧ ᠯᠦᠩ ᠠᠮᠢᠳᠤᠷᠠᠯ ᠤᠨ ᠬᠡᠲᠦ ᠳᠡᠯᠭᠡᠭᠦᠷ᠂ ᠾᠦᠢ ᠮᠢᠨ ᠶᠤᠸᠠᠨ

ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠤᠨ ᠡᠵᠡᠩᠨᠡᠵᠦ᠂ ᠥᠪᠡᠷᠲᠡᠭᠡᠨ ᠵᠠᠰᠠᠬᠤ ᠣᠷᠣᠨ ᠤ

ᠪᠣᠯᠪᠠᠰᠤᠨ ᠰᠢᠶᠠᠨ ᠤ ᠬᠤᠲᠠ ᠶᠢ ᠦᠷᠭᠦᠯᠵᠢᠯᠡᠨ ᠪᠦᠲᠦᠭᠡᠨ ᠪᠠᠶᠢᠭᠤᠯᠵᠤ᠂ ᠬᠤᠲᠠ ᠪᠠᠯᠭᠠᠰᠤᠨ ᠤ ᠰᠠᠭᠤᠭᠠᠯᠢ

ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠲᠠᠩᠱᠠᠨ ᠬᠤᠳᠠ ᠶᠢᠨ

ᠼᠤᠤ ᠹᠧᠢ ᠳ᠋ᠢᠶᠠᠨ ᠲᠣᠭᠤᠷᠢᠭ ᠲᠠᠢ ᠨᠥᠬᠦᠷᠰᠡᠭ ᠢᠶᠠᠷ ᠬᠠᠮᠲᠤᠷᠠᠨ ᠠᠵᠢᠯᠯᠠᠬᠤ ᠬᠤᠳᠠ ᠶᠢ ᠪᠠᠶᠢᠭᠤᠯᠵᠤ᠂ ᠠᠵᠤ

ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠨᠥᠬᠦᠷᠯᠡᠯ ᠤᠨ ᠬᠥᠭᠦᠷᠭᠡ ᠶᠢ ᠪᠠᠶᠢᠭᠤᠯᠪᠠ᠃ ︽ᠬᠤᠸᠠᠳᠧ

ᠰᠢᠶᠠᠨ ᠤ ᠣᠶᠤᠨᠲᠤ ᠬᠤᠲᠠ ᠶᠢᠨ ᠬᠥᠭᠵᠢᠯᠲᠡ ᠶᠢᠨ ᠲᠥᠯᠦᠪᠵᠢᠭᠦᠯᠭᠡ ︵2024 ︱2028 ᠣᠨ︶︾ ᠶᠢ

ᠨᠠᠶᠢᠷᠠᠭᠤᠯᠤᠨ ᠵᠣᠬᠢᠶᠠᠵᠤ ᠳᠠᠭᠤᠰᠬᠠᠨ᠂ ᠣᠶᠤᠨᠲᠤ ᠬᠦᠷᠢᠶᠡᠯᠡᠩ ᠲᠣᠭᠤᠷᠢᠭ᠂ ᠣᠶᠤᠨᠲᠤ ᠬᠤᠲᠠ ᠶᠢᠨ

ᠵᠢᠯᠤᠭᠤᠳᠬᠤ ᠲᠥᠪ ᠢ ᠪᠠᠶᠢᠭᠤᠯᠤᠨ᠎ᠠ᠃ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ ᠨᠢ ᠪᠥᠬᠦ ᠬᠤᠲᠠ ᠶᠢᠨ

ᠬᠤᠰᠢᠭᠤ ᠰᠢᠶᠠᠨ ᠤ ᠱᠠᠲᠤᠨ ᠤ ᠴᠣᠷ ᠤᠨ ᠭᠠᠭᠴᠠ ︽ᠰᠢᠲᠠᠭᠠᠯᠭ᠎ᠠ ᠶᠢᠨ ᠲᠣᠰᠣᠨ ᠤ ᠲᠣᠰᠣ ᠨᠡᠮᠡᠬᠦ ᠮᠠᠰᠢᠨ︾ ᠤ

ᠬᠡᠮᠵᠢᠯᠲᠡ ᠶᠢᠨ ᠰᠢᠯᠭᠠᠨ ᠲᠣᠭᠲᠠᠭᠠᠬᠤ ᠬᠢᠷᠢ ᠬᠡᠮ ᠲᠠᠢ ᠨᠢᠭᠡᠴᠡ ᠪᠣᠯᠤᠭᠰᠠᠨ ᠪᠠᠶᠢᠨ᠎ᠠ᠃ ᠣᠷᠴᠢᠨ ᠲᠣᠭᠤᠷᠢᠨ ᠤ

ᠡᠷᠡᠭᠦᠯ ᠬᠠᠮᠠᠭᠠᠯᠠᠯ ᠤᠨ ᠭᠠᠳᠠᠭᠰᠢ ᠳᠠᠭᠠᠭᠠᠴᠢᠯᠠᠭᠤᠯᠬᠤ ᠶᠢ ᠴᠡᠪᠡᠷᠯᠡᠬᠦ ᠠᠵᠢᠯ ᠢ ᠬᠡᠷᠡᠭᠵᠢᠭᠦᠯᠵᠦ᠂ ᠵᠢᠵᠢᠭ

ᠲᠣᠭᠤᠷᠢᠭ ᠤᠨ ᠲᠤᠰᠬᠠᠢ ᠠᠳᠠᠯ ᠠᠬᠤᠢ ᠶᠢᠨ ᠦᠢᠯᠡᠴᠢᠯᠡᠭᠡᠨ ᠤ ᠪᠦᠷᠬᠦᠴᠡ ᠶᠢ 85% ᠳᠤ ᠬᠦᠷᠦᠭᠦᠯᠵᠦ᠂ ᠬᠤᠲᠠ

ᠪᠠᠯᠭᠠᠰᠤ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠪᠡ᠃

︵ᠲᠠᠪᠤ︶ ᠬᠠᠮᠠᠭᠠᠯᠠᠬᠤ ᠶᠢ ᠴᠢᠩᠭ᠎ᠠ ᠠᠳᠬᠤᠵᠤ᠂ ᠵᠠᠰᠠᠬᠤ ᠶᠢ ᠴᠢᠬᠤᠯᠠᠴᠢᠯᠠᠵᠤ᠂ ᠤᠮᠠᠷᠠᠲᠤ ᠶᠢᠨ ᠴᠢᠬᠤᠯᠠ ᠠᠮᠢ

ᠠᠬᠤᠢ ᠶᠢᠨ ᠠᠮᠤᠷ ᠲᠦᠪᠰᠢᠨ ᠤ ᠬᠠᠯᠬᠠᠪᠴᠢ ᠡᠳᠦᠷ ᠢᠷᠡᠬᠦᠶ᠎ᠡ ᠪᠠᠬᠢᠵᠢᠪᠡ

ᠬᠠᠮᠠᠭᠠᠯᠠᠯᠲᠠ ᠵᠠᠰᠠᠯᠲᠠ ᠶᠢᠨ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠨ᠂ 1.02 ᠲᠦᠮᠡᠨ ᠡᠷᠦᠬᠡ ᠶᠢᠨ

ᠨᠡᠭᠦᠷᠡᠰᠦ ᠶᠢ ᠴᠠᠬᠢᠯᠭᠠᠨ ᠢ ᠴᠡᠪᠡᠷ ᠳᠤᠯᠠᠭᠠᠯᠠᠭ᠎ᠠ ᠪᠣᠯᠭᠠᠨ ᠥᠭᠡᠷᠡᠴᠢᠯᠡᠵᠦ᠂ ᠬᠤᠲᠠ ᠲᠣᠭᠤᠷᠢᠭ ᠤᠨ ᠪᠠᠷᠢᠯᠭ᠎ᠠ ᠶᠢᠨ

ᠲᠠᠯᠠᠪᠠᠶ ᠶᠢ 10.4 ᠲᠦᠮᠡᠨ ᠲᠡᠭᠰᠢ ᠳᠥᠷᠪᠡᠯᠵᠢᠨ ᠮᠧᠲᠷ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂

65 ᠲᠣᠨ ᠠᠭᠤᠷᠰᠢᠭᠤᠯᠬᠤ/ᠴᠠᠭ ᠤᠨ ᠨᠡᠭᠦᠷᠡᠰᠦ ᠰᠢᠲᠠᠭᠠᠬᠤ 2 ᠰᠠᠭᠤᠷᠢ ᠭᠦᠸᠧᠯᠦ ᠶᠢᠨ ᠬᠡᠲᠦ ᠳᠣᠣᠷ᠎ᠠ

ᠭᠠᠳᠠᠭᠰᠢᠯᠠᠭᠤᠯᠤᠯᠲᠠ ᠶᠢ ᠥᠭᠡᠷᠡᠴᠢᠯᠡᠨ᠂ ︽ᠠᠷᠪᠠᠨ ᠳᠥᠷᠪᠡᠨ ᠡᠪᠦᠯ︾ ᠤᠨ ᠣᠷᠴᠢᠨ ᠲᠣᠭᠤᠷᠢᠨ ᠤ ᠶᠠᠰᠤ

ᠴᠢᠨᠠᠷ ᠢ ᠪᠠᠲᠤᠯᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ

ᠡᠳᠦᠷ ᠤᠨ ᠲᠤᠭ᠎ᠠ ᠶᠢᠨ ᠬᠠᠷᠢᠴᠠᠯ ᠢ 96.6% ᠳᠤ ᠬᠦᠷᠦᠭᠦᠯᠪᠡ᠃ ᠭᠠᠵᠠᠷ ᠳᠣᠣᠷᠠᠬᠢ ᠤᠰᠤᠨ ᠤ ᠡᠬᠢ

ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠲᠣᠬᠢᠷᠠᠭᠤᠯᠤᠨ

ᠰᠢᠯᠢᠳᠡᠭᠵᠢᠭᠦᠯᠵᠦ᠂ ᠤᠰᠤ ᠶᠡᠭᠡ ᠬᠤᠷᠣᠭᠳᠠᠭᠤᠯᠬᠤ ᠢᠳᠡᠰᠢᠨ ᠨᠣᠭᠤᠭ᠎ᠠ ᠶᠢᠨ ᠳᠠᠷᠢᠬᠤ ᠲᠠᠯᠠᠪᠠᠶ ᠶᠢ 1.05

ᠲᠦᠮᠡᠨ ᠮᠦ ᠪᠠᠭᠠᠰᠬᠠᠨ᠎ᠠ᠃ ᠬᠤᠳᠳᠤᠭ ᠤᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂

ᠳᠥᠷᠪᠡᠨ ᠱᠠᠲᠤᠨ ᠤ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ

ᠲᠣᠭᠲᠠᠴᠠ ᠶᠢ ᠪᠠᠶᠢᠭᠤᠯᠤᠨ᠂ ᠴᠣᠣᠶᠠᠩ ᠪᠠᠯᠭᠠᠰᠤ ᠶᠢᠨ ᠰᠢᠨ ᠷᠦᠩ ᠲᠣᠰᠬᠤᠨ ᠤ ᠤᠰᠤ ᠶᠢ 2200 ᠮᠦ ᠭᠠᠩ

ᠬᠠᠭᠰᠠᠷᠠᠭᠠᠨ ᠲᠠᠢ ᠪᠣᠯᠭᠠᠨ ᠥᠭᠡᠷᠡᠴᠢᠯᠡᠵᠦ᠂ 18 ᠮᠠᠰᠢᠨ ᠵᠣᠭᠰᠤᠭᠠᠬᠤ ᠴᠠᠬᠢᠯᠭᠠᠨ ᠬᠤᠳᠳᠤᠭ ᠢ ᠪᠢᠲᠡᠭᠦᠮᠵᠢᠯᠡᠨ

ᠵᠣᠭᠰᠣᠭᠠᠵᠤ᠂ ᠲᠣᠭᠲᠠᠭᠠᠯ ᠠᠴᠠ ᠵᠥᠷᠢᠴᠡᠨ ᠤᠰᠤ ᠲᠠᠲᠠᠵᠤ ᠭᠠᠳᠠᠭᠰᠢᠯᠠᠭᠤᠯᠬᠤ᠂ ᠭᠤᠣᠯ ᠤᠨ ᠵᠠᠮ ᠠᠴᠠ ᠡᠯᠡᠰᠦ

ᠠᠪᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠭᠲᠠᠭᠠᠯ

 ᠠᠴᠠ ᠵᠥᠷᠢᠴᠡᠨ 125 ᠲᠠᠷᠢᠶᠠᠯᠠᠩ ᠤᠨ ᠤᠰᠤᠯᠠᠯᠲᠠ ᠶᠢᠨ ᠴᠥᠭᠦᠷᠥᠮ ᠪᠠᠶᠢᠭᠤᠯᠵᠤ᠂ ᠬᠡᠲᠦᠷᠡᠲᠡᠯ᠎ᠡ ᠮᠠᠯᠲᠠᠭᠰᠠᠨ

ᠣᠷᠣᠨ ᠤ ᠭᠠᠵᠠᠷ ᠳᠣᠣᠷᠠᠬᠢ ᠤᠰᠤᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠶᠢ ᠪᠡᠶᠡᠯᠡᠭᠦᠯᠪᠡ᠃ ᠪᠠᠢ ᠲᠦ᠋

ᠪᠥᠸᠧ ᠽᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ᠂ ᠨᠢᠦ ᠵᠢᠶᠠ ᠹᠠᠩ ᠾᠧ ᠭᠤᠣᠯ ᠤᠨ ᠭᠤᠣᠯ ᠤᠨ

ᠵᠠᠮ ᠢ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠴᠠᠭᠠᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ

ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠲᠠᠷᠢᠶᠠᠯᠠᠩ ᠤᠨ ︽ᠣᠯᠠᠨ ᠡᠬᠢᠲᠦ ᠪᠣᠬᠢᠷᠲᠤᠯ︾ ᠢ ᠰᠡᠷᠭᠡᠶᠢᠯᠡᠨ

ᠵᠠᠰᠠᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠨ ᠡᠮ᠂ ᠬᠢᠮᠢ ᠶᠢᠨ ᠪᠣᠷᠳᠣᠭᠤᠷ ᠤᠨ ᠬᠡᠷᠡᠭᠯᠡᠯᠲᠡ ᠶᠢᠨ ᠨᠣᠷᠮ᠎ᠠ ᠶᠢ

ᠠᠳᠠᠯᠢ ᠬᠤᠭᠤᠴᠠᠭᠠᠨ ᠤ ᠬᠢ ᠠᠴᠠ ᠵᠡᠷᠭᠡᠪᠡᠷ ᠪᠠᠭᠤᠷᠠᠭᠤᠯᠵᠤ᠂ ᠬᠠᠶᠠᠭᠳᠠᠮᠠᠯ ᠬᠠᠭᠤᠴᠢᠨ ᠰᠦᠯᠢᠶᠥᠦ

ᠪᠦᠷᠬᠦᠪᠴᠢ ᠶᠢᠨ ᠪᠤᠴᠠᠭᠠᠨ ᠬᠤᠷᠢᠶᠠᠬᠤ ᠨᠣᠷᠮ᠎ᠠ ᠶᠢ 85.04% ᠳᠤ ᠬᠦᠷᠭᠡᠪᠡ᠃ ᠬᠥᠷᠥᠰᠥ ᠰᠢᠷᠣᠢ᠂ ᠭᠠᠵᠠᠷ

ᠳᠣᠣᠷᠠᠬᠢ ᠤᠰᠤᠨ ᠤ ᠣᠷᠴᠢᠨ ᠲᠣᠭᠤᠷᠢᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ᠂ ᠠᠶᠤᠯᠲᠠᠢ

ᠬᠠᠶᠠᠭᠳᠠᠮᠠᠯ ᠪᠣᠳᠠᠰ ᠢ ᠠᠶᠤᠯ ᠦᠭᠡᠢ ᠪᠠᠷ ᠰᠢᠢᠳᠪᠦᠷᠢᠯᠡᠬᠦ ᠨᠣᠷᠮ᠎ᠠ ᠶᠢ 100% ᠳᠤ ᠬᠦᠷᠦᠭᠦᠯᠦᠨ᠎ᠡ᠃ ᠬᠤᠯᠠᠨ

ᠰᠢᠷᠭ᠎ᠠ ᠳᠠᠭᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ 6.53 ᠲᠦᠮᠡᠨ

ᠮᠦ ᠡᠯᠡᠰᠦᠷᠬᠡᠭᠵᠢᠯ ᠢ ᠵᠠᠰᠠᠬᠤ ᠶᠢ ᠪᠡᠶᠡᠯᠡᠭᠦᠯᠵᠦ᠂ 19.6 ᠲᠦᠮᠡᠨ ᠮᠦ ᠠᠮᠢ ᠠᠬᠤᠢ ᠶᠢᠨ ᠪᠦᠲᠦᠭᠡᠨ

ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ 190 ᠲᠦᠮᠡᠨ ᠮᠦ ᠨᠤᠲᠤᠭ ᠪᠡᠯᠴᠢᠭᠡᠷ ᠤᠨ ᠬᠤᠷᠣᠬᠠᠢ ᠶᠢᠨ

ᠬᠥᠨᠥᠭᠡᠯ ᠵᠢᠴᠢ ᠬᠤᠯᠤᠭᠠᠨ᠎ᠠ ᠶᠢᠨ ᠬᠥᠨᠥᠭᠡᠯ ᠢ ᠬᠢᠨᠠᠨ ᠬᠡᠮᠵᠢᠵᠦ᠂ 54.1 ᠲᠦᠮᠡᠨ ᠮᠦ ᠰᠡᠷᠭᠡᠶᠢᠯᠡᠨ ᠵᠠᠰᠠᠪᠠ᠃

ᠬᠠᠤᠯᠢ ᠶᠢ ᠵᠥᠷᠢᠴᠡᠨ ᠭᠠᠵᠠᠷ ᠡᠵᠡᠯᠡᠭᠰᠡᠨ᠂ ᠳᠤᠷ᠎ᠠ ᠪᠠᠷ ᠢᠶᠠᠨ ᠨᠡᠭᠡᠭᠡᠨ ᠮᠠᠯᠲᠠᠭᠰᠠᠨ ᠬᠠᠤᠯᠢ ᠶᠢ ᠵᠥᠷᠢᠴᠡᠭᠰᠡᠨ 8

ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠡᠵᠡᠨ ᠦᠭᠡᠢ ᠡᠯᠡᠰᠦᠨ ᠨᠦᠬᠡ᠂ ᠰᠢᠭᠠᠷᠤ ᠶᠢᠨ ᠣᠪᠣᠭ᠎ᠠ ᠶᠢ 1.245

ᠲᠡᠭᠰᠢ ᠳᠥᠷᠪᠡᠯᠵᠢᠨ ᠺᠢᠯᠣᠮᠧᠲᠷ ᠵᠠᠰᠠᠪᠠ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ

ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ

ᠴᠡᠭᠴᠡᠯᠡᠨ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠰᠢᠨᠵᠢᠯᠡᠬᠦ ᠤᠬᠠᠭᠠᠨ

ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠲᠥᠪ ᠨᠢ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠮᠢ

ᠠᠬᠤᠢ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯ ᠤᠨ ᠲᠡᠷᠢᠭᠦᠨ ᠤ ᠨᠢᠭᠡᠴᠡ ᠶᠢ ᠢᠷᠠᠭᠤ ᠠᠯᠳᠠᠷᠲᠠᠢ ᠪᠠᠷ

ᠭᠥᠷᠳᠡᠵᠦ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ 2023 ᠣᠨ ᠤ ᠲᠡᠷᠢᠭᠦᠨ ᠤ ᠤᠯᠤᠰ ᠤᠨ ᠲᠠᠰ ᠤᠨ

ᠲᠥᠪ ᠤᠨ ᠬᠡᠮᠵᠢᠨ ᠮᠡᠳᠡᠭᠦᠯᠬᠦ ᠴᠡᠭ ᠢᠶᠠᠷ ᠦᠨᠡᠯᠡᠭᠳᠡᠪᠡ

︵ᠵᠢᠷᠭᠤᠭ᠎ᠠ︶ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠪᠣᠳᠠᠲᠤ

ᠶᠠᠪᠤᠳᠠᠯ ᠪᠦᠲᠦᠭᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ

ᠨᠡᠶᠢᠭᠡᠮ ᠤᠨ ᠦᠢᠯᠡᠰ ᠥᠷᠨᠢᠩᠭᠦᠢ ᠪᠠᠷ ᠬᠥᠭᠵᠢᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ

ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠮ ᠡᠮᠨᠡᠯᠭᠡ ᠶᠢᠨ ᠬᠤᠯᠪᠣᠭᠠᠲᠤ ᠴᠣᠭᠴᠠ ᠶᠢ 2 ᠪᠠᠶᠢᠭᠤᠯᠵᠤ᠂

ᠪᠠᠷᠢᠮᠵᠢᠶᠠᠵᠢᠭᠤᠯᠤᠭᠰᠠᠨ ᠡᠷᠡᠭᠦᠯ ᠬᠠᠮᠠᠭᠠᠯᠠᠯ ᠤᠨ ᠬᠤᠷᠢᠶ᠎ᠠ ᠶᠢ 6 ᠪᠠᠶᠢᠭᠤᠯᠵᠤ᠂ ᠨᠢᠯᠬ᠎ᠠ ᠬᠡᠦᠬᠡᠳ ᠢ 110

ᠨᠠᠶᠢᠳᠠᠯᠭ᠎ᠠ ᠶᠢᠨ ᠪᠠᠶᠢᠷᠢ ᠶᠢ ᠰᠢᠨ᠎ᠡ ᠪᠠᠷ ᠨᠡᠮᠡᠭᠳᠡᠭᠦᠯᠵᠦ᠂ ᠡᠮᠡᠭᠲᠡᠶᠢᠴᠦᠳ ᠤᠨ ︽ᠬᠤᠶᠠᠷ ᠥᠮᠡᠨ︾ ᠤ ᠰᠢᠭᠰᠢᠨ

ᠪᠠᠶᠢᠴᠠᠭᠠᠯᠲᠠ ᠶᠢ 7500 ᠪᠡᠶᠡᠯᠡᠭᠦᠯᠪᠡ᠃ ᠪᠠᠶᠠᠨᠲᠠᠯ᠎ᠠ ᠡᠷᠡᠭᠦᠯ ᠬᠠᠮᠠᠭᠠᠯᠠᠯ ᠤᠨ ᠬᠤᠷᠢᠶ᠎ᠠ ᠪᠣᠯ ᠪᠥᠬᠦ ᠬᠤᠲᠠ ᠶᠢᠨ

ᠴᠣᠷ ᠤᠨ ᠭᠠᠭᠴᠠ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠯᠢᠳᠡᠭ ᠦᠢᠯᠡᠴᠢᠯᠡᠭᠡᠨ ᠤ

ᠦᠨᠳᠦᠰᠦᠨ ᠱᠠᠲᠤᠨ ᠤ ᠪᠠᠩᠬᠢ ᠶᠢᠨ ᠲᠠᠨᠢᠯᠴᠠᠭᠤᠯᠬᠤ ᠪᠠᠷᠢᠮᠵᠢᠶ᠎ᠠ ᠶᠢ ᠦᠨᠡᠯᠡᠨ ᠵᠢᠱᠢᠵᠦ ᠰᠢᠯᠭᠠᠨ ᠠᠪᠬᠤ ᠶᠢ

ᠥᠩᠭᠡᠷᠡᠭᠡᠭᠰᠡᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠣᠯᠣᠨ᠎ᠠ᠃ ᠰᠢᠶᠠᠨ ᠤ ᠠᠷᠠᠳ ᠤᠨ

ᠡᠮᠨᠡᠯᠭᠡ ᠶᠢᠨ ᠬᠤᠷᠢᠶᠠᠨ ᠤ ᠴᠡᠭᠡᠵᠢ ᠡᠪᠡᠳᠬᠦ ᠶᠢᠨ ᠲᠥᠪ ᠤᠨ ᠤᠯᠤᠰ ᠤᠨ ᠦᠨᠡᠯᠡᠨ ᠵᠢᠱᠢᠵᠦ ᠰᠢᠯᠭᠠᠨ ᠠᠪᠬᠤ ᠶᠢ

ᠥᠪᠡᠷᠲᠡᠭᠡᠨ ᠵᠠᠰᠠᠬᠤ ᠣᠷᠣᠨ ᠤ ᠡᠷᠡᠭᠦᠯ ᠡᠩᠬᠡ ᠰᠢᠶᠠᠨ ᠤ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠪᠠ

ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠢ ᠪᠦᠬᠦ ᠲᠠᠯ᠎ᠠ ᠪᠠᠷ ᠬᠥᠭᠵᠢᠭᠦᠯᠵᠦ᠂ ᠡᠯ᠎ᠡ ᠱᠠᠲᠤᠨ ᠤ ᠪᠠᠭᠰᠢ ᠶᠢ

809 ᠪᠣᠯᠪᠠᠰᠤᠷᠠᠭᠤᠯᠵᠤ᠂ ᠬᠠᠨᠳᠤᠯᠭᠠᠲᠤ ᠪᠠᠭᠰᠢ ᠶᠢᠨ ᠮᠡᠷᠭᠡᠵᠢᠯ ᠤᠨ ᠰᠤᠷᠤᠭᠴᠢ ᠶᠢ 15 ᠡᠯᠰᠡᠵᠦ᠂ ᠪᠠᠭᠰᠢ ᠶᠢᠨ

ᠬᠦᠴᠦᠨ ᠢ ᠤᠯᠠᠮ ᠨᠢᠭᠡ ᠠᠯᠬᠤᠮ ᠴᠢᠩᠭᠠᠳᠬᠠᠪᠠ᠃ ᠲᠠᠪᠤᠳᠤᠭᠠᠷ ᠬᠡᠦᠬᠡᠳ ᠤᠨ ᠴᠡᠴᠡᠷᠯᠢᠭ ᠤᠨ ᠪᠦᠲᠦᠭᠡᠨ

ᠪᠠᠶᠢᠭᠤᠯᠤᠯᠲᠠ ᠶᠢ ᠳᠠᠭᠤᠰᠬᠠᠵᠤ᠂ ᠵᠢᠷᠭᠤᠳᠤᠭᠠᠷ ᠬᠡᠦᠬᠡᠳ ᠤᠨ ᠴᠡᠴᠡᠷᠯᠢᠭ ᠢ ᠡᠬᠢᠯᠡᠨ ᠪᠠᠶᠢᠭᠤᠯᠵᠤ᠂ ᠲᠦᠭᠡᠮᠡᠯ

ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ ᠨᠢᠭᠡ ᠴᠣᠭᠴᠠᠵᠢᠭᠤᠯᠤᠨ

ᠰᠤᠷᠭᠠᠭᠤᠯᠢ ᠡᠷᠭᠢᠯᠡᠬᠦ ᠰᠡᠳᠬᠢᠮᠵᠢ ᠶᠢ ᠪᠠᠷᠢᠮᠲᠠᠯᠠᠨ᠂ ︽ᠰᠤᠷᠭᠠᠭᠤᠯᠢ ᠪᠠᠨ ᠬᠦᠴᠦᠷᠬᠡᠭᠵᠢᠭᠦᠯᠵᠦ ᠪᠠᠭᠤᠷᠠᠢ ᠪᠠᠨ

ᠳᠠᠶᠢᠴᠢᠯᠠᠬᠤ︾ ᠰᠤᠷᠭᠠᠭᠤᠯᠢ ᠡᠷᠭᠢᠯᠡᠬᠦ ᠵᠠᠭᠪᠤᠷ ᠢ ᠪᠠᠶᠢᠭᠤᠯᠵᠤ᠂ ᠬᠤᠲᠠ ᠶᠢᠨ ᠱᠠᠲᠤᠨ ᠤ ︽ᠬᠤᠶᠠᠷ ᠢ ᠪᠠᠭᠠᠰᠬᠠᠬᠤ

︾ ᠵᠢᠱᠢᠶ᠎ᠡ ᠦᠵᠡᠭᠦᠯᠬᠦ ᠰᠤᠷᠭᠠᠭᠤᠯᠢ 2 ᠶᠢ ᠡᠭᠦᠳᠦᠨ ᠪᠠᠶᠢᠭᠤᠯᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ

ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠲᠣᠭᠲᠠᠴᠠ ᠶᠢ ᠨᠠᠩ ᠲᠡᠭᠦᠯᠳᠡᠷᠵᠢᠭᠦᠯᠵᠦ᠂ ᠠᠯᠪᠠᠨ ᠵᠢᠷᠤᠮ ᠤᠨ ᠰᠤᠷᠭᠠᠨ

ᠬᠥᠮᠦᠵᠢᠯ ᠢ ᠪᠠᠬᠢᠵᠢᠭᠦᠯᠦᠭᠰᠡᠨ ᠨᠣᠷᠮ᠎ᠠ ᠶᠢ 100% ᠳᠤ ᠬᠦᠷᠭᠡᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ

ᠨᠠᠩ ᠰᠢᠯᠢᠳᠡᠭ ᠪᠥᠭᠡᠳ ᠲᠡᠩᠴᠡᠭᠦᠷᠢᠲᠡᠢ ᠪᠣᠯᠭᠠᠨ᠎ᠠ᠃ ︽ᠠᠵᠢᠯᠯᠠᠵᠤ ᠰᠤᠷᠤᠯᠴᠠᠬᠤ ᠶᠢ ᠨᠢᠭᠡ ᠴᠣᠭᠴᠠᠵᠢᠭᠤᠯᠬᠤ᠂

ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ︾ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ

ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠬᠢᠭᠡᠳ ᠰᠢᠶᠠᠨ ᠤ

ᠬᠡᠪᠴᠢᠶᠡᠨ ᠤ 4 ᠠᠵᠤ ᠠᠬᠤᠶᠢᠯᠠᠯ ᠬᠠᠮᠲᠤᠷᠠᠨ ︽ᠠᠵᠤ ᠠᠬᠤᠶᠢᠯᠠᠯ ᠤᠨ ᠰᠢᠨ᠎ᠡ ᠮᠠᠶ᠋ᠢᠭ ᠤᠨ ᠱᠠᠪᠢ ᠣᠷᠣᠬᠤ

ᠳᠦᠷᠢᠮ︾ ᠤᠨ ᠰᠤᠷᠭᠠᠨ ᠬᠥᠮᠦᠵᠢᠯ ᠢ ᠡᠷᠬᠢᠯᠡᠪᠡ ᠃ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ 

ᠪᠦᠲᠦᠭᠡᠨᠪᠠᠶᠢᠭᠤᠯᠤᠯᠲᠠ᠃ ᠨᠢᠭᠡᠳᠦᠭᠡᠷ ᠳᠤᠮᠳᠠᠳᠤ ᠰᠤᠷᠭᠠᠭᠤᠯᠢ᠂ ᠂ ᠬᠤᠶᠠᠳᠤᠭᠠᠷ ᠳᠤᠮᠳᠠᠳᠤ

ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠪᠠᠷ

ᠦᠨᠡᠯᠡᠭᠳᠡᠪᠡ᠃ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠨᠢ ︽ᠥᠪᠡᠷᠲᠡᠭᠡᠨ ᠵᠠᠰᠠᠬᠤ ᠣᠷᠣᠨ ᠤ ᠮᠠᠰᠢᠨ

ᠬᠥᠮᠥᠨ ᠤ ᠰᠤᠳᠤᠯᠭᠠᠨ ᠤ ᠰᠠᠭᠤᠷᠢᠨ ᠭᠠᠵᠠᠷ︾  ᠢᠶᠠᠷ ᠦᠨᠡᠯᠡᠭᠳᠡᠪᠡ᠃ ᠰᠢᠶᠠᠨ ᠤ ᠰᠤᠷᠭᠠᠨ ᠬᠥᠮᠦᠵᠢᠯ ᠤᠨ

ᠦᠢᠯᠡᠰ ᠤᠨ ᠬᠥᠭᠵᠢᠯᠲᠡ ᠶᠢᠨ ᠲᠥᠪ ᠤᠨ ᠠᠯᠤᠰ ᠠᠴᠠ ᠵᠢᠭᠠᠨ ᠰᠤᠷᠭᠠᠬᠤ ᠥᠷᠲᠡᠭᠡ ᠬᠤᠶᠠᠷ ᠵᠢᠯ ᠳᠠᠷᠠᠭᠠᠯᠠᠨ

ᠪᠥᠬᠦ ᠤᠯᠤᠰ ᠤᠨ ︽ᠰᠢᠯᠢᠳᠡᠭ ᠵᠢᠭᠠᠨ ᠰᠤᠷᠭᠠᠬᠤ ᠥᠷᠲᠡᠭᠡ︾ ᠶᠢᠨ ᠢᠷᠠᠭᠤ ᠠᠯᠳᠠᠷ ᠢ ᠭᠥᠷᠳᠡᠪᠡ᠃ ᠪᠡᠶ᠎ᠡ ᠶᠢᠨ

ᠲᠠᠮᠢᠷ ᠤᠨ ᠦᠢᠯᠡᠰ ᠦᠷᠭᠦᠯᠵᠢᠯᠡᠨ ᠰᠠᠶᠢᠵᠢᠷᠠᠵᠤ᠂ ᠰᠢᠩᠭᠡᠯᠢᠭ ᠮᠠᠶ᠋ᠢᠭ ᠤᠨ ᠬᠥᠯ ᠪᠥᠮᠪᠦᠭᠡ ᠶᠢᠨ ᠲᠠᠯᠠᠪᠠᠢ᠂ ᠰᠠᠭᠰᠤᠨ

ᠪᠥᠮᠪᠦᠭᠡ ᠶᠢᠨ ᠲᠠᠯᠠᠪᠠᠢ ᠶᠢ 6 ᠪᠠᠶᠢᠭᠤᠯᠵᠤ᠂ ᠰᠢᠶᠠᠨ ᠤ ᠬᠡᠪᠴᠢᠶᠡᠨ ᠤ ︽ᠬᠥᠯ ᠪᠥᠮᠪᠦᠭᠡ ᠶᠢᠨ 

ᠵᠢᠱ᠌ᠢᠶᠡᠴᠢ ᠰᠢᠶᠠᠨ︾ ᠤ ᠴᠣᠯᠠ ᠶᠢ ᠬᠦᠷᠲᠡᠵᠦ᠂ ᠰᠢᠶᠠᠨ ᠤ ᠬᠥᠯ ᠪᠥᠮᠪᠦᠭᠡ ᠶᠢᠨ ᠨᠡᠶᠢᠭᠡᠮᠯᠢᠭ

ᠪᠦᠬᠦ ᠤᠯᠤᠰ ᠤᠨ ᠰᠢᠶᠠᠨ ᠤ ᠬᠡᠪᠴᠢᠶᠡᠨ ᠤ ᠬᠥᠯ ᠪᠥᠮᠪᠦᠭᠡ ᠶᠢᠨ ᠤᠷᠤᠯᠳᠤᠭᠠᠨ ᠤ ᠠᠵᠢᠯᠯᠠᠭ᠎ᠠ ᠶᠢᠨ ᠰᠢᠶᠠᠨ ᠤ

ᠱᠠᠲᠤᠨ ᠤ ᠰᠢᠯᠢᠳᠡᠭ ᠭᠦᠢᠴᠡᠳᠬᠡᠬᠦ ᠨᠢᠭᠡᠴᠢ ᠪᠠᠷ ᠰᠣᠩᠭᠤᠭᠳᠠᠪᠠ᠃ ᠰᠢᠶᠠᠨ ᠤ ᠨᠠᠰᠤᠲᠠᠶᠢᠴᠤᠳ ᠤᠨ ᠪᠡᠶ᠎ᠡ ᠶᠢᠨ

ᠲᠠᠮᠢᠷ ᠤᠨ ᠨᠡᠶᠢᠭᠡᠮᠯᠢᠭ ᠤᠨ ᠤᠬᠠᠭᠤᠯᠭ᠎ᠠ ᠶᠢᠨ ᠠᠵᠢᠯ ᠳᠠᠬᠢᠨᠲᠠ ᠰᠢᠯᠢᠳᠡᠭ ᠠᠮᠵᠢᠯᠲᠠ ᠣᠯᠵᠤ᠂ ᠤᠯᠠᠨ ᠮᠡᠳᠡᠭᠡᠯᠡᠯ ᠢ

ᠤᠯᠤᠰ᠂ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ

ᠳᠠᠮᠵᠢᠭᠤᠯᠤᠨ ᠲᠠᠷᠬᠠᠭᠠᠪᠠ᠃ ᠠᠷᠠᠳ ᠲᠤ ᠠᠰᠢᠭ ᠬᠦᠷᠲᠡᠭᠡᠬᠦ ᠨᠡᠶᠢᠭᠡᠮ ᠲᠣᠭᠤᠷᠢᠭ ᠤᠨ ᠠᠵᠢᠯᠴᠢᠨ ᠤ ᠡᠪᠯᠡᠯ ᠤᠨ

ᠭᠡᠷ ᠤᠨ ᠭᠠᠳᠠᠨᠠᠬᠢ ᠬᠥᠳᠡᠯᠮᠦᠷᠢᠴᠢᠳ ᠤᠨ ᠦᠢᠯᠡᠴᠢᠯᠡᠭᠡᠨ ᠤ ᠥᠷᠲᠡᠭᠡ ᠴᠡᠭ ᠢ ᠪᠥᠬᠦ ᠤᠯᠤᠰ ᠤᠨ ᠠᠵᠢᠯᠴᠢᠨ ᠤ

ᠶᠡᠷᠦᠩᠬᠡᠢ ᠡᠪᠯᠡᠯ ᠠᠴᠠ 2023 ᠣᠨ ᠤ ︽ᠬᠠᠮᠤᠭ ᠤᠨ ᠭᠤᠶᠣ ᠥᠷᠲᠡᠭᠡ︾ ᠪᠠᠷ ᠦᠨᠡᠯᠡᠵᠡᠢ᠃ ᠰᠣᠶᠣᠯ

ᠵᠤᠭᠠᠴᠠᠯ ᠤᠨ ᠦᠢᠯᠡᠰ ᠴᠡᠴᠡᠭᠯᠡᠨ ᠬᠥᠭᠵᠢᠵᠦ᠂ ᠪᠠᠷᠢᠮᠵᠢᠶᠠᠵᠢᠭᠰᠠᠨ ᠤᠯᠠᠭᠠᠨᠮᠥ᠋ᠴᠢᠷ ᠤᠨ ᠪᠣᠯᠪᠠᠰᠤᠷᠠᠯ ᠤᠨ ᠶᠡᠭᠡ

ᠲᠢᠩᠬᠢᠮ ᠢ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠰᠡᠳᠦᠪᠲᠦ

ᠴᠡᠴᠡᠷᠯᠢᠭ ᠢ ᠵᠢᠩᠬᠢᠨᠢ ᠪᠠᠷ ᠡᠬᠢᠯᠡᠭᠦᠯᠪᠡ᠃ ᠢᠦᠢ ᠮᠢᠨ ᠤ ᠪᠠᠭᠤᠷᠢ ᠶᠢᠨ ᠰᠦᠷᠦᠭᠵᠢᠯ ᠢ ᠥᠪᠡᠷᠲᠡᠭᠡᠨ ᠵᠠᠰᠠᠬᠤ

ᠣᠷᠣᠨ ᠤ ᠵᠢᠷᠭᠤᠳᠤᠭᠠᠷ ᠪᠦᠯᠦᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠠᠷ

︽ᠨᠠᠰᠤᠲᠠᠨ ᠢᠶᠠᠨ ᠠᠴᠢᠯᠠᠬᠤ ᠰᠡᠳᠬᠢᠯᠭᠡ· ᠨᠠᠮ ᠢᠶᠠᠨ ᠲᠠᠭᠠᠬᠤ︾ ᠤᠷᠠᠨ ᠰᠠᠶᠢᠬᠠᠨ ᠤ ᠲᠣᠭᠯᠠᠯᠲᠠ ᠶᠢᠨ ᠰᠢᠷᠢᠰ

ᠠᠵᠢᠯᠯᠠᠭ᠎ᠠ ᠶᠢ ᠡᠷᠬᠢᠯᠡᠵᠦ᠂ ᠡᠯ᠎ᠡ ᠲᠦᠷᠦᠯ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 160

ᠭᠠᠷᠤᠢ ᠲᠠᠯᠠᠪᠠᠢ ︵ᠤᠳᠠᠭ᠎ᠠ︶ ᠥᠷᠨᠢᠭᠦᠯᠵᠦ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠲᠤᠶᠢᠯ ᠤᠨ

ᠶᠡᠭᠡ ᠪᠠᠷ ᠪᠠᠶᠠᠯᠢᠭᠵᠢᠭᠤᠯᠪᠠ᠃

ᠠᠷᠠᠳ ᠤᠨ ᠠᠮᠢᠳᠤᠷᠠᠯ ᠤᠨ ᠪᠤᠶᠠᠨ ᠬᠡᠰᠢᠭ ᠲᠠᠰᠤᠷᠠᠯᠲᠠ ᠦᠭᠡᠢ ᠳᠡᠭᠡᠭᠰᠢᠯᠡᠪᠡ᠃ ᠠᠷᠠᠳ ᠲᠦᠮᠡᠨ ᠢᠶᠠᠷ ᠭᠤᠣᠯ

ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢᠨ

ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡᠩ ᠤᠨ ᠣᠯᠠᠨ

ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 64.5% ᠶᠢ ᠡᠵᠡᠯᠡᠪᠡ᠃ ᠬᠥᠳᠡᠭᠡ ᠲᠣᠰᠬᠤᠨ ᠤ ᠨᠠᠰᠤᠵᠢᠯ ᠤᠨ

ᠠᠰᠠᠷᠠᠮᠵᠢ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠠᠷᠠᠳ ᠤᠨ ᠠᠮᠢᠳᠤᠷᠠᠯ ᠤᠨ 6 ᠵᠦᠢᠯ ᠤᠨ ᠪᠣᠳᠠᠲᠤ

ᠶᠠᠪᠤᠳᠠᠯ ᠤᠨ ᠠᠳᠠᠯ ᠦᠢᠯᠡᠰ ᠴᠣᠭᠴᠠᠯᠠᠬᠤ ᠠᠵᠢᠯ ᠣᠯᠭᠤᠯᠲᠠ ᠦᠷᠭᠦᠯᠵᠢᠯᠡᠨ ᠰᠠᠶᠢᠵᠢᠷᠠᠵᠤ᠂ ᠠᠳᠠᠯ ᠦᠢᠯᠡᠰ

ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ 760 ᠲᠦᠮᠡᠨ ᠲᠥᠭᠦᠷᠢᠭ ᠲᠠᠷᠬᠠᠭᠠᠵᠤ᠂ ᠨᠡᠶᠢᠲᠡ ᠶᠢᠨ ᠠᠰᠠᠷᠠᠮᠵᠢ ᠶᠢᠨ

ᠴᠢᠨᠠᠷᠲᠠᠢ ᠠᠵᠢᠯ ᠤᠨ ᠪᠠᠶᠢᠷᠢ ᠳᠤ 506 ᠬᠥᠮᠥᠨ ᠢ ᠲᠥᠪᠬᠢᠨᠡᠭᠦᠯᠵᠦ᠂ ᠬᠤᠲᠠ ᠪᠠᠯᠭᠠᠰᠤᠨ ᠳᠤ 1892

ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠨᠢᠭᠡ ᠴᠦ ᠠᠵᠢᠯ ᠣᠯᠣᠭᠰᠠᠨ ᠦᠭᠡᠢ ᠭᠡᠷ ᠪᠦᠯᠢ ᠶᠢ

ᠬᠥᠳᠡᠯᠦᠩᠭᠦᠢ ᠪᠠᠷ ᠴᠡᠪᠡᠷᠯᠡᠬᠦ ᠶᠢ ᠪᠡᠶᠡᠯᠡᠭᠦᠯᠪᠡ᠃ ᠡᠮ ᠡᠮᠨᠡᠯᠭᠡ᠂ ᠠᠵᠢᠯ ᠠᠯᠳᠠᠯᠲᠠ ᠵᠡᠷᠭᠡ ᠨᠡᠶᠢᠭᠡᠮ ᠤᠨ

ᠳᠠᠭᠠᠳᠬᠠᠯ ᠤᠨ ᠳᠠᠭᠠᠳᠬᠠᠯ ᠳᠤ ᠣᠷᠣᠬᠤ ᠶᠣᠰᠣᠲᠠᠢ ᠶᠢ ᠨᠢ ᠴᠥᠮ ᠪᠠᠲᠤᠯᠠᠬᠤ ᠶᠢ ᠪᠡᠶᠡᠯᠡᠭᠦᠯᠵᠦ᠂ ᠨᠠᠰᠤᠵᠢᠯ ᠤᠨ

ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠤᠷᠮ᠎ᠠ 98.2% ᠲᠤ ᠬᠦᠷᠪᠡ᠃ ᠨᠡᠶᠢᠭᠡᠮ ᠤᠨ ᠠᠪᠤᠷᠠᠨ

ᠲᠤᠰᠠᠯᠠᠬᠤ ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠪᠤᠷᠠᠨ

ᠲᠤᠰᠠᠯᠠᠬᠤ ᠮᠥᠩᠭᠦ 100 ᠲᠦᠮᠡᠨ ᠲᠥᠭᠦᠷᠢᠭ᠂ 2.4 ᠲᠦᠮᠡᠨ ᠲᠣᠨ ᠬᠠᠯᠠᠭᠤᠨ ᠨᠡᠭᠦᠷᠡᠰᠦ ᠶᠢ ᠲᠠᠷᠬᠠᠭᠠᠪᠠ᠃

ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠣᠷᠣᠰᠢᠭᠤᠯᠭ᠎ᠠ ᠶᠢᠨ ᠭᠠᠵᠠᠷ ᠦᠨᠡᠯᠡᠨ

ᠵᠢᠱᠢᠵᠦ ᠰᠢᠯᠭᠠᠨ ᠠᠪᠬᠤ ᠠᠵᠢᠯ ᠢ ᠳᠠᠭᠤᠰᠬᠠᠪᠠ᠃ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠨᠠᠰᠤᠵᠢᠯ ᠤᠨ

ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠶᠠᠨ ᠤ ᠱᠠᠲᠤᠨ ᠤ

ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 1᠂ ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ

ᠦᠢᠯᠡᠴᠢᠯᠡᠭᠡᠨ ᠤ ᠲᠥᠪ ᠢ 20 ᠪᠠᠶᠢᠭᠤᠯᠵᠤ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ

ᠵᠢᠷᠭᠠᠯ ᠤᠨ ᠬᠦᠷᠢᠶᠡᠯᠡᠩ ᠢ 4 ᠥᠭᠡᠷᠡᠴᠢᠯᠡᠨ ᠳᠡᠭᠡᠭᠰᠢᠯᠡᠭᠦᠯᠵᠦ᠂ ︽ᠳᠤᠯᠤᠭ᠎ᠠ ᠶᠢ ᠲᠤᠰᠠᠯᠠᠬᠤ︾ ᠨᠠᠰᠤᠵᠢᠯ ᠤᠨ

ᠠᠰᠠᠷᠠᠮᠵᠢ ᠶᠢᠨ ᠦᠢᠯᠡᠴᠢᠯᠡᠭᠡ ᠶᠢ ᠰᠢᠨ᠎ᠡ ᠶᠢ ᠡᠭᠦᠳᠦᠨ ᠭᠠᠷᠭᠠᠵᠤ᠂ ᠬᠤᠸᠠᠳᠧ ᠰᠢᠶᠠᠨ ᠳᠤ ᠬᠠᠮᠲᠤᠷᠠᠨ ᠪᠠᠶᠢᠭᠤᠯᠬᠤ

︵ᠪᠦᠬᠦ ᠤᠯᠤᠰ︶ ᠵᠠᠭᠤᠨ ᠡᠷᠦᠬᠡ ᠶᠢᠨ ᠠᠴᠢᠯᠠᠯ ᠤᠨ ᠰᠣᠶᠣᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠪᠦᠬᠦ

ᠤᠯᠤᠰ ᠤᠨ ᠢᠳᠡᠷ ᠥᠲᠡᠯᠦᠭᠡ ᠨᠠᠰᠤᠨ ᠤ ᠬᠡᠷᠡᠭᠯᠡᠭᠡᠨ ᠤ ᠲᠣᠣᠷ ᠤᠨ ᠠᠵᠤ ᠦᠢᠯᠡᠰ ᠤᠨ ᠰᠠᠭᠤᠷᠢᠨ ᠭᠠᠵᠠᠷ ᠢ

ᠣᠯᠭᠤᠪᠠ᠃

ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠪᠡ᠃ ᠦᠨᠳᠦᠰᠦᠲᠡᠨ ᠤ ᠪᠦᠯᠬᠦᠮᠳᠡᠯ

ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠰᠤᠳᠤᠯᠭᠠᠨ ᠤ ᠲᠥᠪ᠂

ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠪᠠ ᠰᠤᠷᠭᠠᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠢ

ᠪᠠᠶᠢᠭᠤᠯᠤᠨ ᠪᠠᠬᠢᠵᠢᠭᠦᠯᠵᠦ᠂ 5 ᠨᠢᠭᠡᠴᠡ᠂ 4 ᠬᠤᠪᠢ ᠬᠥᠮᠥᠨ ᠬᠤᠲᠠ ᠶᠢᠨ ᠲᠠᠰ ᠤᠨ ᠦᠨᠳᠦᠰᠦᠲᠡᠨ ᠤ

ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠠ ᠲᠡᠷᠢᠭᠦᠨ ᠤ ᠬᠤᠪᠢ ᠬᠥᠮᠥᠨ ᠢᠶᠠᠷ ᠦᠨᠡᠯᠡᠭᠳᠡᠵᠦ᠂ ᠪᠥᠬᠦ

ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠪᠠᠷ

ᠡᠭᠦᠳᠦᠨ ᠪᠠᠶᠢᠭᠤᠯᠪᠠ᠃ ᠠᠶᠤᠯᠭᠦᠢ ᠦᠢᠯᠡᠳᠪᠦᠷᠢᠯᠡᠯ ᠤᠨ ︽ᠠᠷᠪᠠᠨ ᠲᠠᠪᠤᠨ ᠵᠤᠷᠪᠤᠰ ᠬᠠᠲᠠᠭᠤ ᠠᠷᠭ᠎ᠠ ᠬᠡᠮᠵᠢᠶ᠎ᠡ︾

 ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ︽ᠬᠤᠶᠠᠷ ᠢ

ᠪᠠᠷᠢᠮᠲᠠᠯᠠᠬᠤ︾ ᠠᠵᠢᠯ ᠤᠨ ᠲᠣᠭᠲᠠᠴᠠ ᠶᠢ ᠰᠢᠨ᠎ᠡ ᠪᠠᠷ ᠡᠭᠦᠳᠦᠨ ᠭᠠᠷᠭᠠᠵᠤ᠂ ᠪᠦᠬᠦ ᠵᠢᠯ ᠤᠨ ᠦᠢᠯᠡᠳᠪᠦᠷᠢᠯᠡᠯ ᠤᠨ

ᠠᠶᠤᠯᠭᠦᠢ ᠶᠢᠨ ᠡ᠊ᠨᠳᠡᠯ ᠠᠳᠠᠯᠢ ᠬᠤᠭᠤᠴᠠᠭᠠᠨ ᠤ ᠬᠢ ᠠᠴᠠ 50% ᠪᠠᠷ ᠪᠠᠭᠤᠷᠠᠪᠠ᠃ ᠡᠳ᠋ ᠤᠨ ᠵᠠᠰᠠᠭ ᠮᠥᠩᠭᠦᠨ

ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠬᠦᠴᠦᠯᠡᠨ ᠰᠠᠶᠢᠲᠤᠷ ᠠᠳᠬᠤᠵᠤ᠂ ᠪᠦᠬᠦ ᠵᠢᠯ ᠳᠤ 3.

1955 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠪᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ

ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠭᠦᠨᠵᠡᠭᠡᠢ ᠲᠦᠯᠬᠢᠨ ᠠᠬᠢᠭᠤᠯᠵᠤ᠂ ᠵᠠᠬᠢᠳᠠᠯ

ᠰᠣᠷᠪᠤᠯᠵᠢᠯᠠᠭ᠎ᠠ ᠶᠢᠨ ᠵᠥᠷᠢᠴᠡᠯ ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠨ᠂ ᠦᠨᠳᠦᠰᠦᠨ ᠱᠠᠲᠤᠨ ᠤ ᠨᠡᠶᠢᠭᠡᠮ ᠤᠨ

ᠲᠤᠤᠷᠴᠢᠯᠠᠭᠰᠠᠨ ᠵᠠᠰᠠᠯᠲᠠ ᠳᠤ ᠪᠣᠳᠠᠲᠤ ᠦᠷ᠎ᠡ ᠪᠦᠲᠦᠮᠵᠢ ᠣᠯᠵᠤ᠂ ᠤᠯᠠᠨ ᠲᠦᠮᠡᠨ ᠤ ᠠᠮᠤᠷ ᠲᠦᠪᠰᠢᠨ ᠤ

ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ︽ᠬᠤᠣᠰ ᠳᠡᠭᠡᠭᠰᠢᠯᠡᠯᠲᠡ︾ ᠲᠠᠢ ᠪᠣᠯᠭᠠᠪᠠ᠃

︵ᠳᠣᠯᠤᠭ᠎ᠠ︶ ᠴᠢᠩᠭ᠎ᠠ ᠪᠣᠳᠠᠲᠠᠢ ᠪᠠᠷ ᠠᠵᠢᠯ ᠤᠨ ᠰᠤᠷᠲᠠᠯ ᠢᠶᠠᠨ ᠬᠤᠪᠢᠷᠠᠭᠤᠯᠵᠤ ᠳᠦᠷᠢ ᠲᠥᠷᠬᠦ ᠶᠢ ᠪᠣᠶ

ᠪᠣᠯᠭᠠᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠪᠠ ᠃ 

ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ

ᠶᠠᠪᠤᠳᠠᠯ ᠢ ᠢᠮᠠᠭᠲᠠ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠨᠡᠶᠢᠭᠡᠮ ᠵᠢᠷᠤᠮ ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ

ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ︽ᠦᠵᠡᠯ ᠰᠠᠨᠠᠭ᠎ᠠ ᠶᠢ ᠰᠤᠷᠤᠯᠴᠠᠬᠤ᠂

ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ ︾ ᠶᠡᠷᠦᠩᠬᠡᠢ

ᠱᠠᠭᠠᠷᠳᠠᠯᠭ᠎ᠠ ᠶᠢ ᠪᠠᠲᠤ ᠡᠵᠡᠮᠳᠡᠵᠦ᠂ ᠬᠠᠷᠠᠯᠲᠠ ᠡᠭᠦᠷᠭᠡ ᠪᠠᠨ ᠲᠣᠭᠲᠠᠭᠠᠵᠤ᠂ ᠭᠦᠨᠵᠡᠭᠡᠢ ᠰᠤᠷᠤᠯᠴᠠᠨ ᠨᠠᠷᠢᠨ

ᠬᠢᠨᠠᠮᠠᠭᠠᠢ ᠪᠠᠷᠢᠮᠲᠠᠯᠠᠨ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠤᠬᠠᠮᠰᠠᠷ ᠠᠴᠠ ᠪᠠᠨ ᠰᠢ ᠶᠢᠨ ᠫᠢᠩ  ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠪᠦᠬᠦᠢ ᠠᠮᠢᠰᠬᠤᠯ ᠡᠳᠦᠷ ᠢᠷᠡᠬᠦᠶ᠎ᠡ ᠵᠤᠵᠠᠭᠠᠳᠪᠠ᠃

ᠬᠠᠤᠯᠢ ᠪᠠᠷ ᠵᠠᠰᠠᠬᠤ ᠰᠡᠳᠬᠢᠬᠦᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ᠂

ᠵᠥᠷᠢᠴᠡᠯ ᠢ ᠠᠷᠢᠯᠭᠠᠬᠤ ᠶᠢ ᠢᠮᠠᠭᠲᠠ ᠪᠠᠷᠢᠮᠲᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ ᠤᠯᠠᠮ

ᠨᠢᠭᠡ ᠠᠯᠬᠤᠮ ᠳᠡᠭᠡᠭᠰᠢᠯᠡᠭᠦᠯᠪᠡ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ

ᠬᠢᠨᠠᠮᠠᠭᠠᠢ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ

ᠬᠡᠷᠡᠭᠵᠢᠭᠦᠯᠵᠦ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠢᠩᠭ᠎ᠠ ᠠᠩᠬᠠᠷᠴᠤ᠂

ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ

ᠲᠡᠮᠡᠴᠡᠯ ᠢ ᠭᠦᠨᠵᠡᠭᠡᠢ ᠲᠦᠯᠬᠢᠨ ᠠᠬᠢᠭᠤᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ

ᠪᠠᠶᠢᠭᠤᠯᠭ᠎ᠠ ᠶᠢᠨ ᠬᠢᠨᠠᠯᠲᠠ ᠶᠢ ᠴᠢᠩᠭᠠᠳᠬᠠᠵᠤ᠂ ᠬᠢᠨᠠᠨ ᠪᠤᠳᠤᠬᠤ ᠬᠢᠨᠠᠯᠲᠠ ᠶᠢᠨ ᠡᠷᠴᠢᠮ ᠢ ᠴᠢ᠊ ᠨᠡᠶᠢᠭᠡᠮ ᠵᠢᠷᠤᠮ ᠤᠨ

ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠵᠤ᠂ ᠦᠢᠯᠡᠳᠦᠯᠭᠡ ᠶᠢ ᠵᠢᠯᠤᠭᠤᠳᠴᠤ᠂

ᠠᠵᠢᠯ ᠢᠶᠠᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠡᠷᠴᠢ ᠵᠣᠷᠢᠭ ᠲᠡᠭᠦᠯᠳᠡᠷ ᠠᠵᠢᠯ ᠬᠢᠵᠦ ᠦᠢᠯᠡᠰ

ᠪᠣᠰᠬᠠᠬᠤ ᠠᠭ᠋ᠩᠭᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂

ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ

ᠤᠬᠠᠮᠰᠠᠷ ᠠᠴᠠ ᠪᠠᠨ ᠬᠦᠯᠢᠶᠡᠵᠦ᠂ ᠬᠤᠳᠠ ᠶᠢᠨ ᠲᠣᠭᠤᠷᠢᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ

ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ

ᠳᠤᠷᠠᠳᠤᠯᠭ᠎ᠠ ᠳᠤ ᠬᠠᠷᠢᠭᠤᠯᠲᠠ ᠥᠭᠴᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ

ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ ᠤᠨ ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂

︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠤᠲᠠᠰᠤ ᠪᠠᠷ ᠲᠤᠰᠬᠠᠭᠰᠠᠨ 5400 ᠭᠠᠷᠤᠢ

ᠠᠰᠠᠭᠤᠳᠠᠯ ᠢ ᠰᠢᠢᠳᠪᠦᠷᠢᠯᠡᠪᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ

ᠪᠠᠶᠢᠴᠠᠭᠠᠯᠲᠠ ᠶᠢᠨ ᠠᠵᠢᠯ ᠢ ᠭᠦᠨᠵᠡᠭᠡᠢ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠬᠤ᠂ ᠬᠢᠨᠠᠨ

ᠪᠤᠳᠤᠬᠤ ᠵᠡᠷᠭᠡ ᠡᠯ᠎ᠡ ᠲᠥᠷᠥᠯ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠪᠥᠬᠦ

ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠴᠡᠷᠢᠭ ᠠᠴᠠ ᠬᠠᠯᠠᠭᠳᠠᠭᠰᠠᠳ᠂ ᠬᠤᠶᠠᠷ ᠢ ᠬᠦᠷᠢᠶᠡᠯᠡᠨ ᠬᠠᠷᠠᠭᠠᠯᠵᠠᠬᠤ᠂

ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂

ᠠᠷᠠᠳ ᠤᠨ ᠠᠭᠠᠷ ᠤᠨ ᠰᠡᠷᠭᠡᠶᠢᠯᠡᠯᠲᠡ᠂ ᠠᠮᠤ ᠪᠤᠳᠠᠭ᠎ᠠ ᠬᠠᠩᠭᠠᠨ ᠪᠣᠷᠣᠯᠠᠭᠤᠯᠬᠤ᠂ ᠭᠠᠵᠠᠷ ᠬᠥᠳᠡᠯᠦᠯᠲᠡ ᠠᠴᠠ

ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠠᠭ ᠠᠭᠤᠷ᠂ ᠬᠢᠨᠠᠨ ᠪᠤᠳᠤᠬᠤ

ᠪᠦᠷᠢᠳᠬᠡᠯ᠂ ᠰᠢᠶᠠᠨ ᠤ ᠣᠶᠢᠯᠠᠯᠭ᠎ᠠ ᠶᠢᠨ ᠲᠠᠩᠰᠠ ᠡᠪᠬᠡᠮᠡᠯ᠂ ᠡᠮᠡᠭᠲᠡᠶᠢᠴᠦᠳ ᠬᠡᠦᠬᠡᠳ᠂ ᠵᠡᠮᠳᠡᠭᠴᠦᠳ ᠢ ᠬᠠᠪᠰᠤᠷᠤᠨ

ᠵᠡᠮᠳᠡᠭᠴᠦᠳ ᠢ ᠬᠠᠪᠰᠤᠷᠬᠤ᠂ ᠨᠠᠰᠤᠲᠠᠨ ᠢᠶᠠᠨ ᠬᠠᠶᠢᠷᠠᠯᠠᠵᠤ ᠨᠠᠰᠤᠲᠠᠨ ᠢᠶᠠᠨ ᠬᠦᠨᠳᠦᠯᠡᠬᠦ᠂ ᠤᠯᠠᠨ ᠲᠦᠮᠡᠨ ᠤ

ᠪᠦᠯᠬᠦᠮ ᠤᠨ ᠠᠵᠢᠯ ᠦᠢᠯᠡᠰ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠵᠤ ᠲᠠᠰᠤᠷᠠᠯᠳᠠ

ᠦᠭᠡᠢ ᠰᠢᠨ᠎ᠡ ᠦᠷ᠎ᠡ ᠪᠦᠲᠦᠮᠵᠢ ᠣᠯᠪᠠ᠃

ᠲᠥᠯᠥᠭᠡᠯᠡᠭᠴᠢᠳ ᠠ᠋! ᠨᠢᠭᠡ ᠵᠢᠯ ᠤᠨ ᠲᠤᠷᠰᠢ᠂ ᠠᠶᠠᠨ ᠵᠠᠮ ᠳᠤ ᠬᠦᠴᠢᠷ ᠪᠡᠷᠬᠡᠰᠢᠶᠡᠯ ᠢᠶᠠᠷ ᠳᠦᠭᠦᠷᠴᠦ᠂

ᠲᠡᠮᠡᠴᠡᠯ ᠤᠨ ᠦᠷ᠎ᠡ ᠪᠦᠲᠦᠭᠡᠯ ᠶᠡᠷᠦ ᠪᠤᠰᠤ ᠶᠢᠨ ᠶᠤᠮ᠃ ᠡᠳᠡᠭᠡᠷ ᠠᠮᠵᠢᠯᠲᠠ ᠪᠦᠲᠦᠮᠵᠢ ᠶᠢ ᠣᠯᠣᠭᠰᠠᠨ ᠤ

ᠦᠨᠳᠦᠰᠦ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠤᠭ ᠮᠠᠨᠳᠤᠭᠤᠯᠤᠨ

ᠴᠢᠭᠯᠡᠯ ᠢ ᠲᠣᠭᠲᠠᠭᠠᠵᠤ᠂ ᠵᠠᠯᠠᠭᠤᠷ ᠢ ᠡᠵᠡᠮᠳᠡᠨ ᠠᠶᠠᠯᠠᠯ ᠢ ᠳᠠᠭᠠᠭᠤᠯᠤᠭᠰᠠᠨ ᠳᠤ ᠪᠠᠶᠢᠨ᠎ᠠ᠂ ᠳᠡᠭᠡᠳᠦ ᠱᠠᠲᠤᠨ ᠤ

ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶ᠎ᠠ ᠵᠥᠪ ᠣᠨᠣᠪᠴᠢᠲᠠᠢ ᠤᠳᠤᠷᠢᠳᠴᠤ᠂

ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠳᠤ ᠪᠠᠶᠢᠨ᠎ᠠ᠂ ᠰᠢᠶᠠᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ

ᠡᠲᠡᠭᠡᠳ ᠤᠨ ᠬᠢᠨ ᠪᠦᠲᠦᠮᠵᠢᠲᠡᠢ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠳᠤ ᠪᠠᠶᠢᠨ᠎ᠠ᠂ ᠪᠦᠬᠦ ᠰᠢᠶᠠᠨ ᠤ

ᠥᠷᠭᠡᠨ ᠤᠯᠠᠨ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠡᠰᠪᠦᠷᠢ

ᠬᠠᠲᠠᠭᠤᠵᠢᠯᠲᠠᠢ ᠪᠠᠷ ᠲᠡᠮᠡᠴᠡᠭᠰᠡᠨ ᠳᠤ ᠪᠠᠶᠢᠨ᠎ᠠ᠃ ᠡ᠊ᠨᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ

ᠡᠮᠦᠨ᠎ᠡ ᠠᠴᠠ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠵᠢᠯ ᠲᠦᠷᠦᠯ᠂ ᠡᠯ᠎ᠡ

ᠹᠷᠣᠨᠲ ᠲᠤ ᠰᠢᠷᠭᠠᠭᠤ ᠬᠠᠲᠠᠭᠤᠵᠢᠯᠲᠠᠢ ᠪᠠᠷ ᠲᠡᠮᠡᠴᠡᠵᠦ ᠪᠠᠶᠢᠭ᠎ᠠ ᠪᠦᠲᠦᠭᠡᠨ ᠪᠠᠶᠢᠭᠤᠯᠤᠭᠴᠢᠳ᠂ ᠬᠤᠪᠢ ᠨᠡᠮᠡᠷᠢ

ᠦᠵᠡᠭᠦᠯᠦᠭᠴᠢᠳ᠂ ᠬᠤᠸᠠᠳᠧ ᠰᠢᠶᠠᠨ ᠤ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ

ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ

ᠬᠦᠨᠳᠦᠳᠬᠡᠯ ᠢᠶᠠᠨ ᠳᠡᠪᠰᠢᠭᠦᠯᠦᠶ᠎ᠡ!

ᠠᠮᠵᠢᠯᠲᠠ ᠪᠠᠨ ᠨᠤᠲᠠᠯᠠᠬᠤ ᠶᠢᠨ ᠵᠡᠷᠭᠡᠴᠡᠭᠡᠪᠡᠷ ᠪᠢᠳᠡ ᠪᠠᠰᠠ ᠠᠵᠢᠯ ᠤᠨ ᠳᠤᠮᠳᠠ ᠪᠠᠰᠠ ᠴᠥᠭᠡᠨ ᠪᠤᠰᠤ ᠬᠦᠴᠢᠷᠳᠡᠯ

ᠪᠠ ᠥᠷᠢᠰᠦᠯᠳᠦᠭᠡᠨ ᠳᠤ ᠲᠤᠯᠭᠠᠷᠠᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠵᠤ ᠪᠠᠶᠢᠨ᠎ᠠ᠃ ᠨᠢᠭᠡ ᠳᠤ ᠳᠣᠲᠣᠭᠠᠳᠤ

ᠭᠠᠳᠠᠭᠠᠳᠤ ᠶᠢᠨ ᠣᠷᠴᠢᠨ ᠠᠬᠤᠢ ᠶᠢᠨ ᠨᠥᠯᠥᠭᠡᠯᠡᠯ ᠠᠴᠠ ᠪᠣᠯᠵᠤ᠂ ᠠᠵᠤ ᠠᠬᠤᠢ ᠶᠢᠨ ᠦᠷᠭᠦᠯᠵᠢᠯᠡᠨ

ᠲᠣᠭᠲᠠᠭᠤᠨ ᠢᠶᠠᠷ ᠰᠠᠶᠢᠵᠢᠷᠠᠬᠤ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠵᠤ᠂ ᠲᠣᠭᠲᠠᠭᠤᠨ ᠢᠶᠠᠷ ᠨᠡᠮᠡᠭᠳᠡᠭᠦᠯᠬᠦ

ᠶᠠᠪᠤᠳᠠᠯ ᠮᠥᠨ ᠯᠡ ᠨᠡᠯᠢᠶᠡᠳ ᠶᠡᠭᠡ ᠳᠠᠷᠤᠯᠲᠠ ᠳᠤ ᠲᠤᠯᠭᠠᠷᠠᠵᠤ ᠪᠠᠶᠢᠨ᠎ᠠ ᠃ ᠬᠤᠶᠠᠷ ᠲᠤ ᠠᠵᠤ ᠠᠬᠤᠢ ᠶᠢᠨ

ᠶᠡᠷᠦᠩᠬᠡᠢ ᠬᠡᠮᠵᠢᠶ᠎ᠡ ᠶᠡᠭᠡ ᠪᠢᠰᠢ᠂ ᠭᠤᠣᠯᠯᠠᠬᠤ ᠠᠵᠤ ᠦᠢᠯᠡᠰ ᠤᠨ ᠬᠡᠯᠬᠢᠶ᠎ᠡ ᠣᠬᠤᠷ᠂ ᠳᠡᠭᠡᠳᠦ ᠳᠣᠣᠷᠠᠳᠤ

ᠤᠷᠤᠰᠬᠠᠯ ᠤᠨ ᠠᠵᠤ ᠦᠢᠯᠡᠰ ᠤᠨ ᠲᠤᠯᠭᠠᠭᠤᠷᠢᠯᠠᠯ ᠳᠤᠲᠠᠭᠳᠠᠵᠤ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ

ᠰᠢᠨ᠎ᠡ ᠶᠢ ᠡᠭᠦᠳᠬᠦ ᠴᠢᠳᠠᠪᠤᠷᠢ ᠨᠡᠯᠢᠶᠡᠳ ᠪᠠᠭᠤᠷᠠᠢ ᠪᠠᠶᠢᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ

ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ ᠃ ᠭᠤᠷᠪᠠ ᠳᠤ ᠡᠳ᠋ ᠤᠨ ᠵᠠᠰᠠᠭ ᠤᠨ ᠣᠷᠣᠯᠭ᠎ᠠ

ᠵᠠᠷᠤᠯᠭ᠎ᠠ ᠶᠢᠨ ᠵᠥᠷᠢᠴᠡᠯ ᠲᠣᠪᠣᠶᠢᠮ᠎ᠠ ᠪᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ

ᠡᠭᠦᠷᠭᠡ ᠪᠡᠷᠬᠡ ᠬᠠᠲᠠᠭᠤᠵᠢᠯᠲᠠᠢ ᠪᠠᠶᠢᠵᠤ᠂ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ

ᠰᠠᠶᠢᠵᠢᠷᠠᠯᠲᠠ ᠶᠢ ᠳᠡᠮᠵᠢᠬᠦ ᠳᠤ ᠦᠷᠭᠦᠯᠵᠢᠯᠡᠨ ᠬᠡᠷᠡᠭᠯᠡᠬᠦ ᠡᠳ᠋ ᠤᠨ ᠬᠦᠴᠦᠨ ᠬᠦᠷᠦᠯᠴᠡᠬᠦ ᠦᠭᠡᠢ ᠪᠠᠶᠢᠨ᠎ᠠ ᠃ 

ᠳᠥᠷᠪᠡ ᠳᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠮᠥᠨᠬᠦ ᠰᠢᠯᠢᠳᠡᠭᠵᠢᠭᠦᠯᠬᠦ ᠴᠢᠬᠤᠯᠠᠲᠠᠢ ᠪᠠᠶᠢᠵᠤ᠂

ᠡᠯᠧᠮᠧᠨ᠋ᠲ ᠤᠨ ᠪᠠᠲᠤᠯᠠᠭ᠎ᠠ ᠪᠠᠰᠠ ᠲᠡᠶᠢᠮᠦ ᠬᠦᠴᠦᠲᠡᠢ ᠪᠢᠰᠢ᠂ ᠲᠦᠷᠦᠯ ᠵᠦᠢᠯ ᠢ ᠣᠷᠣᠭᠤᠯᠤᠨ ᠠᠪᠴᠢᠷᠠᠬᠤ ᠳᠤ

ᠬᠦᠴᠢᠷ᠂ ᠨᠠᠶᠢᠳᠠᠪᠤᠷᠢᠵᠢᠭᠤᠯᠬᠤ ᠳᠤ ᠤᠳᠠᠭᠠᠨ ᠪᠠᠶᠢᠬᠤ ᠠᠰᠠᠭᠤᠳᠠᠯ ᠪᠠᠰᠠ ᠨᠡᠯᠢᠶᠡᠳ ᠲᠣᠪᠣᠶᠢᠮ᠎ᠠ ᠪᠠᠶᠢᠨ᠎ᠠ ᠃ 

ᠲᠠᠪᠤ ᠳᠤ᠂ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ᠂

ᠨᠡᠶᠢᠭᠡᠮ ᠤᠨ ᠵᠠᠰᠠᠯᠲᠠ ᠶᠢᠨ ᠳᠤᠮᠳᠠ ᠪᠠᠰᠠ ᠵᠠᠷᠢᠮ ᠠᠶᠤᠯ ᠲᠦᠭᠰᠢᠭᠦᠷᠢ ᠶᠢᠨ ᠭᠡᠮ ᠰᠣᠭᠤᠭ ᠣᠷᠣᠰᠢᠵᠤ᠂ ᠵᠠᠷᠢᠮ

ᠠᠷᠠᠳ ᠤᠯᠠᠨ ᠤ ᠠᠩᠬᠠᠷᠴᠤ ᠪᠠᠶᠢᠭ᠎ᠠ ᠬᠠᠯᠠᠮᠰᠢᠯ ᠴᠡᠭ᠂ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ

ᠪᠠᠶᠢᠨ᠎ᠠ ᠃ ᠵᠢᠷᠭᠤᠭ᠎ᠠ ᠳᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠪᠠᠰᠠ

ᠭᠦᠢᠴᠡᠳ ᠨᠠᠶᠢᠳᠠᠪᠤᠷᠢᠵᠢᠭᠤᠯᠤᠭᠠᠳᠤᠢ ᠪᠠᠶᠢᠵᠤ᠂ ᠴᠥᠭᠡᠨ ᠲᠣᠭᠠᠨ ᠤ ᠺᠠᠳ᠋ᠷ ᠤᠨ ᠬᠠᠷᠢᠭᠤᠴᠠᠯᠭ᠎ᠠ ᠶᠢᠨ ᠤᠬᠠᠮᠰᠠᠷ᠂

ᠦᠢᠯᠡᠴᠢᠯᠡᠭᠡᠨ ᠤ ᠴᠢᠳᠠᠪᠤᠷᠢ ᠶᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠬᠤ ᠵᠡᠷᠭᠡ ᠪᠣᠯᠣᠨ᠎ᠠ᠃

ᠡᠭᠦᠨ ᠢ ᠪᠢᠳᠡ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠰᠠᠭᠤᠳᠠᠯ ᠳᠤ ᠰᠢᠭᠤᠳ ᠬᠠᠨᠳᠤᠵᠤ᠂

ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠬᠦ ᠬᠡᠷᠡᠭᠲᠡᠢ᠃

ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ

2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ

ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ

ᠲᠥᠯᠦᠪᠵᠢᠭᠦᠯᠭᠡ ᠶᠢ ᠭᠦᠨᠵᠡᠭᠡᠢ ᠬᠡᠷᠡᠭᠵᠢᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠵᠢᠯ ᠮᠥᠨ᠂ ᠪᠠᠰᠠ ᠴᠤ ᠬᠤᠸᠠᠳᠧ

ᠰᠢᠶᠠᠨ ᠤ ᠠᠵᠠ ᠲᠣᠬᠢᠶᠠᠯ ᠢ ᠠᠮᠵᠢᠵᠤ᠂ ᠥᠷᠢᠰᠦᠯᠳᠦᠭᠡᠨ ᠢ ᠤᠭᠲᠤᠬᠤ ᠴᠢᠬᠤᠯᠠ ᠵᠢᠯ ᠮᠥᠨ᠂ ᠡᠨᠡ ᠵᠢᠯ ᠤᠨ

ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠵᠠᠰᠠᠭ ᠤᠨ

ᠣᠷᠳᠣᠨ ᠤ ᠠᠵᠢᠯ ᠨᠢ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ

ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ

ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ

ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂

ᠲᠥᠪ ᠤᠨ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠣᠨ ᠰᠢᠶᠠᠨ ᠤ ᠨᠠᠮ ᠤᠨ ᠬᠤᠷᠢᠶᠠᠨ ᠤ ᠰᠢᠷᠢᠰ

ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ

ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂

ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ

ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ  ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠬᠦᠴᠦ ᠪᠠᠨ

ᠲᠥᠪᠯᠡᠷᠡᠭᠦᠯᠦᠨ ︽ᠬᠤᠶᠠᠷ ᠶᠡᠭᠡ ᠶᠠᠪᠤᠳᠠᠯ︾  ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾  ᠢ ᠭᠦᠨᠵᠡᠭᠡᠢ

ᠬᠡᠷᠡᠭᠵᠢᠭᠦᠯᠵᠦ᠂ ︽ᠭᠤᠷᠪᠠᠨ ᠭᠤᠷᠪᠠ︾ ᠶᠢᠨ ᠬᠥᠭᠵᠢᠯᠲᠡ ᠶᠢᠨ ᠵᠠᠮ ᠢᠶᠠᠷ ︽ᠰᠢᠨ᠎ᠡ ᠵᠠᠮ ᠢ ᠨᠡᠭᠡᠭᠡᠵᠦ᠂ ᠳᠤᠮᠳᠠ

ᠤᠷᠤᠰᠬᠠᠯ ᠳᠤ ᠣᠷᠣᠬᠤ︾ ᠶᠢ ᠦᠷᠭᠦᠯᠵᠢᠯᠡᠨ ᠠᠬᠢᠭᠤᠯᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ

ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠨᠡᠩ ᠤᠯᠠᠨ ᠶᠣᠰᠣ ᠰᠤᠷᠲᠠᠬᠤᠨ ᠤ

ᠬᠤᠪᠢ ᠨᠡᠮᠡᠷᠢ ᠦᠵᠡᠭᠦᠯᠬᠦ ᠬᠡᠷᠡᠭᠲᠡᠢ᠃

ᠪᠥᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄

ᠦᠢᠯᠡᠳᠪᠦᠷᠢᠯᠡᠯ ᠤᠨ ᠪᠥᠬᠦ ᠥᠷᠲᠡᠭ ︵GDP︶ ᠤᠨ ᠨᠡᠮᠡᠭᠳᠡᠯ ᠤᠨ ᠬᠤᠷᠳᠤᠴᠠ 6.45% ᠳᠤ ᠬᠥᠷᠪᠡ︔

ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 8.

00% ᠪᠣᠯᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 15.00%

ᠪᠣᠯᠪᠠ︔ ᠨᠡᠶᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠶᠢᠨ ᠨᠡᠮᠡᠭᠳᠡᠯ ᠤᠨ

ᠬᠤᠷᠳᠤᠴᠠ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ 6.00%

ᠪᠣᠯᠪᠠ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ

ᠣᠷᠣᠯᠭ᠎ᠠ ᠶᠢᠨ ᠨᠡᠮᠡᠭᠳᠡᠯ ᠤᠨ ᠬᠤᠷᠳᠤᠴᠠ 6.20% ᠪᠣᠯᠪᠠ ᠬᠥᠳᠡᠭᠡ ᠲᠣᠰᠬᠤᠨ ᠤ ᠰᠠᠭᠤᠭᠠᠯᠢ ᠠᠷᠠᠳ ᠤᠨ

ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ 10.50% ᠠᠮᠢ

ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠡᠨᠧᠷᠭᠢ ᠠᠷᠪᠢᠯᠠᠵᠤ

ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠪᠡ᠃

ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ ᠪᠢᠳᠡ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ

ᠰᠠᠶᠢᠲᠤᠷ ᠬᠢᠨ᠎ᠡ᠃

︵ᠨᠢᠭᠡ︶ ᠲᠦᠷᠦ ᠶᠢᠨ ᠪᠣᠳᠣᠯᠭ᠎ᠠ ᠶᠢ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ ᠢ ᠴᠢᠬᠤᠯᠠᠴᠢᠯᠠᠵᠤ᠂

ᠬᠥᠭᠵᠢᠯᠲᠡ ᠶᠢᠨ ᠲᠠᠯᠳᠠ ᠬᠦᠴᠦᠨ ᠢ ᠬᠥᠭᠵᠢᠭᠡᠬᠦ ᠲᠠᠯ᠎ᠠ ᠪᠠᠷ ᠰᠢᠨ᠎ᠡ ᠬᠥᠳᠡᠯᠭᠡᠭᠴᠢ ᠡᠨᠧᠷᠭᠢ ᠶᠢ ᠬᠤᠷᠠᠮᠳᠤᠭᠤᠯᠪᠠ 

᠃ 

ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠶᠢ ᠲᠥᠷᠥ ᠶᠢᠨ ᠪᠣᠳᠣᠯᠭ᠎ᠠ ᠶᠢ

ᠨᠠᠶᠢᠳᠠᠪᠤᠷᠢᠵᠢᠭᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠲᠥᠪ ᠤᠨ ᠣᠷᠣᠨ ᠲᠤᠭ᠎ᠠ ᠶᠢᠨ ᠠᠯᠪᠠᠨ ᠭᠡᠷ᠂

ᠪᠡᠭᠡᠵᠢᠩ ᠤᠨ ᠳ᠋ᠦ᠋ᠩᠴᠸᠡᠭ ᠲᠣᠭᠤᠷᠢᠭ ᠪᠣᠯᠣᠨ ᠥᠪᠡᠷᠲᠡᠭᠡᠨ ᠵᠠᠰᠠᠬᠤ ᠣᠷᠣᠨ ᠤ 16 ᠲᠢᠩᠬᠢᠮ ᠲᠣᠪᠴᠢᠶ᠎ᠠ ᠶᠢᠨ

ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠡᠬᠢ ᠪᠠᠶᠠᠯᠢᠭ ᠢ ᠭᠦᠢᠴᠡᠳ ᠠᠰᠢᠭᠯᠠᠵᠤ᠂

ᠤᠯᠤᠰ᠂ ᠥᠪᠡᠷᠲᠡᠭᠡᠨ ᠵᠠᠰᠠᠬᠤ ᠣᠷᠣᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ

ᠰᠢᠪᠲᠤᠯᠬᠤ ᠳᠠᠶᠢᠯᠠᠯᠳᠤᠭᠠᠨ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ᠂ ᠲᠡᠮᠦᠷ

ᠬᠠᠶᠢᠯᠤᠰᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠵᠡᠷᠭᠡ ᠠᠯᠢ ᠣᠯᠠᠨ ᠳᠡᠮᠵᠢᠯᠭᠡ ᠶᠢᠨ ᠲᠥᠷᠥ ᠶᠢᠨ

ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠤᠯᠤᠰ ᠤᠨ ᠡᠳ᠋ ᠤᠨ ᠵᠠᠰᠠᠭ᠂ ᠪᠣᠬᠢᠷᠲᠤᠯ ᠦᠭᠡᠢ

ᠴᠠᠬᠢᠯᠭᠠᠨ ᠤ ᠠᠷᠠᠯᠵᠢᠶ᠎ᠠ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠵᠡᠷᠭᠡ ᠡᠯ᠎ᠡ ᠵᠦᠢᠯ ᠤᠨ

ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠪᠥᠭᠡᠳ ᠰᠠᠶᠢᠲᠤᠷ ᠬᠡᠷᠡᠭᠯᠡᠵᠦ᠂ ︽ᠢᠯᠡᠭᠦᠬᠡᠨ ᠲᠡᠮᠡᠴᠡᠨ

ᠣᠯᠵᠤ᠂ ᠲᠦᠷᠭᠡᠨ ᠨᠠᠶᠢᠳᠠᠪᠤᠷᠢᠵᠢᠭᠤᠯᠵᠤ᠂ ᠡᠷᠲᠡ ᠦᠷ᠎ᠡ ᠪᠦᠲᠦᠮᠵᠢ ᠣᠯᠬᠤ︾ ᠶᠢ ᠪᠥᠬᠦ ᠬᠦᠴᠦᠨ ᠢᠶᠠᠷ ᠢᠶᠠᠨ

ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ ︽

ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠤᠬᠠᠢ ᠳᠤᠮᠳᠠᠳᠤ

ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠵᠢᠴᠢ ︽

ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠳᠡᠮᠵᠢᠬᠦ 25 ᠵᠦᠢᠯ ᠤᠨ ᠠᠷᠭ᠎ᠠ ᠬᠡᠮᠵᠢᠶ᠎ᠡ︾ ᠶᠢ ᠪᠥᠬᠦ

ᠲᠠᠯ᠎ᠠ ᠪᠠᠷ ᠲᠤᠤᠱᠯᠠᠭᠤᠯᠵᠤ᠂ ᠤᠯᠤᠰ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ

ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ

ᠵᠢᠯᠤᠭᠤᠳᠴᠤ ᠪᠠᠶᠢᠭᠠᠳ ᠳᠤᠮᠳᠠ ᠵᠢᠵᠢᠭ ᠪᠢᠴᠢᠯ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠳᠡᠮᠵᠢᠬᠦ

ᠡᠷᠴᠢᠮ ᠢ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠲᠦᠷᠭᠡᠳᠬᠡᠨ ᠪᠠᠳᠠᠷᠠᠭᠤᠯᠵᠤ᠂ ᠵᠠᠬ᠎ᠠ

ᠳᠡᠯᠭᠡᠭᠦᠷ ᠤᠨ ᠭᠤᠣᠯ ᠴᠣᠭᠴᠠ ᠶᠢᠨ ᠬᠦᠭᠵᠢᠵᠯ ᠂ ᠰᠢᠨᠵᠢᠯᠡᠬᠦ ᠤᠬᠠᠭᠠᠨ ᠮᠡᠷᠭᠡᠵᠢᠯ ᠤᠨ

ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠤᠨ ᠠᠵᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ  ᠶᠢ

ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ

ᠲᠣᠮᠢᠯᠠᠭᠰᠠᠨ ᠪᠦᠯᠬᠦᠮ ᠤᠨ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠬᠦᠴᠦᠨ ᠢ ᠰᠠᠶᠢᠲᠤᠷ

ᠠᠰᠢᠭᠯᠠᠵᠤ᠂ ᠲᠠᠷᠢᠶᠠᠯᠠᠩ ᠮᠠᠯ ᠠᠵᠤ ᠠᠬᠤᠢ᠂ ᠰᠢᠨ᠎ᠡ ᠡᠨᠧᠷᠭᠢ᠂ ᠬᠤᠪᠴᠠᠰᠤ ᠬᠤᠨᠠᠷ ᠡᠳ᠋ᠰᠢᠭᠦᠯᠬᠦ ᠵᠡᠷᠭᠡ

ᠭᠤᠣᠯᠳᠠᠯᠭ᠎ᠠ  ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠸᠠ ᠴᠧᠨ ᠰᠢᠨᠵᠢᠯᠡᠬᠦ ᠤᠬᠠᠭᠠᠨ

ᠮᠡᠷᠭᠡᠵᠢᠯ᠂ ᠰᠢᠨ ᠺᠧ ᠲᠡᠮᠡᠭᠡᠨ ᠨᠣᠯᠤᠥᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠭᠤᠯᠠᠨ ᠤ ᠰᠠᠪᠠ

ᠬᠡᠷᠡᠭᠰᠡᠯ ᠵᠡᠷᠭᠡ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠳᠡᠮᠵᠢᠵᠦ᠂ ᠡᠯ᠎ᠡ ᠲᠥᠷᠥᠯ ᠤᠨ ᠰᠢᠨᠵᠢᠯᠡᠬᠦ

ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ ᠰᠤᠳᠤᠯᠤᠨ ᠨᠡᠭᠡᠭᠡᠬᠦ ᠲᠤᠷᠰᠢᠯᠲᠠ ᠶᠢᠨ ᠲᠠᠰᠤᠭ ᠢ

ᠰᠠᠶᠢᠲᠤᠷ ᠠᠰᠢᠭᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ

ᠴᠢᠩᠭᠠᠷᠠᠭᠤᠯᠵᠤ᠂ ᠲᠥᠮᠥᠰᠥ ᠶᠢ ᠬᠤᠳᠠᠯᠳᠤᠭᠠᠴᠢᠯᠠᠨ ᠡᠭᠦᠯᠳᠡᠷ ᠪᠣᠶᠢᠵᠢᠭᠤᠯᠬᠤ᠂ ᠴᠢᠨᠠᠷ ᠰᠠᠶᠢᠲᠠᠢ ᠠᠯᠠᠰᠢᠨ

ᠬᠤᠨᠢᠨ ᠤ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ᠂ ᠬᠤᠪᠴᠠᠰᠤ ᠬᠤᠨᠠᠷ ᠵᠢᠷᠤᠵᠤ ᠲᠥᠯᠥᠪᠯᠡᠬᠦ ᠪᠠ ᠤᠩᠭᠠᠷᠢᠯ

ᠢᠯᠲᠠᠰᠤ ᠶᠢ ᠰᠤᠳᠤᠯᠤᠨ ᠨᠡᠭᠡᠭᠡᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠵᠦ

᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠳᠣᠬᠢᠴᠢᠯᠠᠭᠰᠠᠨ ᠠᠵᠤ ᠦᠢᠯᠡᠰ ᠤᠨ

ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠤᠨ᠎ᠠ᠃ ︽ᠵᠠᠰᠠᠭ ᠤᠨ ᠣᠷᠳᠣᠨ ᠲᠠᠪᠴᠠᠩ

ᠪᠠᠶᠢᠭᠤᠯᠵᠤ᠂ ᠠᠵᠤ ᠠᠬᠤᠶᠢᠯᠠᠯ ᠬᠠᠮᠲᠤᠷᠠᠨ ᠳᠠᠭᠤᠯᠠᠬᠤ︾ ᠪᠠᠷ ᠳᠠᠮᠵᠢᠭᠤᠯᠤᠨ᠂ ᠠᠵᠤ ᠠᠬᠤᠶᠢᠯᠠᠯ ᠢ ᠬᠠᠪᠰᠤᠷᠤᠨ

ᠡᠬᠢ ᠪᠠᠶᠠᠯᠢᠭ ᠢ ᠬᠤᠷᠠᠮᠳᠤᠭᠤᠯᠤᠨ᠂ ᠲᠠᠪᠴᠠᠩ ᠪᠠᠶᠢᠭᠤᠯᠵᠤ᠂ ᠵᠠᠬ᠎ᠠ ᠳᠡᠯᠭᠡᠭᠦᠷ ᠢ ᠥᠷᠭᠡᠳᠬᠡᠨ᠂

ᠬᠠᠮᠲᠤᠷᠠᠯᠴᠠᠭ᠎ᠠ ᠶᠢ ᠡᠷᠢᠵᠦ᠂ ᠠᠵᠤ ᠠᠬᠤᠶᠢᠯᠠᠯ ᠳᠤ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ

ᠬᠥᠭᠦᠷᠭᠡ ᠪᠠᠶᠢᠭᠤᠯᠤᠨ ᠥᠭᠴᠦ᠂ ᠠᠵᠤ ᠦᠢᠯᠡᠰ ᠤᠨ ︽ᠬᠡᠷᠡᠮ ᠡᠪᠳᠡᠬᠦ︾ ᠪᠠᠷ ᠰᠢᠨᠵᠢᠯᠡᠬᠦ ᠤᠬᠠᠭᠠᠨ

ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠶᠢ ᠳᠠᠶᠢᠴᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ

ᠴᠢᠳᠠᠪᠤᠷᠢ ᠶᠢᠨ ᠬᠥᠭᠵᠢᠯᠲᠡ ᠶᠢ ᠪᠡᠶᠡᠯᠡᠭᠦᠯᠦᠨ᠎ᠡ᠃

︵ᠬᠤᠶᠠᠷ︶ ᠵᠦᠢᠯᠡᠰ ᠢ ᠠᠳᠬᠤᠵᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ

ᠥᠷᠭᠡᠳᠬᠡᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ

ᠴᠠᠭ ᠮᠥᠴᠡ ᠶᠢ ᠠᠮᠵᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠥᠭᠡᠴᠡ ᠶᠢ ᠠᠮᠵᠢᠨ ᠠᠳᠬᠤᠨ᠎ᠠ᠃

︽ᠠᠵᠢᠯ ᠡᠬᠢᠯᠡᠭᠦᠯᠦᠭᠡᠳᠦᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠳᠬᠤᠬᠤ᠂ ᠨᠢᠭᠡᠨᠲᠡ

ᠠᠵᠢᠯ ᠡᠬᠢᠯᠡᠭᠦᠯᠦᠭᠰᠡᠨ ᠲᠥᠷᠥᠯ ᠵᠦᠢᠯ ᠢ ᠨᠢᠭᠡᠳᠦᠯᠲᠡᠢ ᠳᠤ ᠠᠳᠬᠤᠬᠤ᠂ ᠨᠢᠭᠡᠳᠦᠯᠲᠡᠢ ᠳᠤ ᠣᠷᠣᠭᠤᠯᠤᠭᠰᠠᠨ

ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠴᠢᠩᠭ᠎ᠠ ᠠᠳᠬᠤᠬᠤ᠂ ᠪᠠᠷᠢᠯᠭ᠎ᠠ ᠳᠠᠭᠤᠰᠤᠭᠰᠠᠨ ᠲᠥᠷᠥᠯ

ᠵᠦᠢᠯ ᠤᠨ ᠦᠷ᠎ᠡ ᠪᠦᠲᠦᠮᠵᠢ ᠳᠤ ᠬᠦᠷᠬᠦ ᠶᠢ ᠠᠳᠬᠤᠬᠤ︾ ᠠᠵᠢᠯ ᠤᠨ ᠰᠡᠳᠬᠢᠮᠵᠢ ᠶᠢᠨ ᠶᠣᠰᠣᠭᠠᠷ᠂ ︽ᠲᠥᠷᠥᠯ

ᠵᠦᠢᠯ ᠤᠨ ᠬᠠᠮᠢᠶᠠᠷᠤᠭᠴᠢ︾ ︽ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ︾ ᠲᠣᠭᠲᠠᠴᠠ ᠶᠢ ᠪᠥᠬᠦ

ᠲᠠᠯ᠎ᠠ ᠪᠠᠷ ᠬᠡᠷᠡᠭᠵᠢᠭᠦᠯᠵᠦ᠂ ᠪᠡᠯᠡ ᠮᠥᠩᠭᠦ᠂ ᠭᠠᠵᠠᠷ ᠰᠢᠷᠣᠢ᠂ ᠡᠨᠧᠷᠭᠢ ᠬᠡᠷᠡᠭᠯᠡᠬᠦ ᠵᠡᠷᠭᠡ ᠬᠦᠴᠦᠨ ᠵᠦᠢᠯ ᠤᠨ

ᠪᠠᠲᠤᠯᠠᠭ᠎ᠠ ᠶᠢ ᠴᠢᠩᠭᠠᠷᠠᠭᠤᠯᠤᠨ᠂ 12 ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ

ᠯᠠᠪᠳᠠᠭᠤᠨ ᠪᠠᠲᠤᠲᠠᠢ ᠠᠬᠢᠭᠤᠯᠵᠤ᠂ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠯ᠎ᠡ ᠵᠦᠢᠯ ᠤᠨ ᠭᠠᠷᠳᠠᠮ ᠢ

ᠪᠦᠬᠦᠨ ᠢ ᠭᠦᠢᠴᠡᠳᠬᠡᠵᠦ ᠳᠠᠭᠤᠰᠬᠠᠬᠤ ᠶᠢ ᠦᠨᠡᠨᠬᠦ ᠪᠠᠲᠤᠯᠠᠵᠤ᠂ ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ

ᠨᠣᠷᠮ᠎ᠠ ᠶᠢ 65% ᠳᠤ ᠬᠦᠷᠦᠭᠦᠯᠵᠦ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ

ᠡᠬᠢᠯᠡᠭᠦᠯᠦᠨ᠎ᠡ᠃ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢᠨ

ᠣᠷᠣᠭᠤᠯᠤᠯᠲᠠ ᠶᠢᠨ ᠬᠠᠨᠳᠤᠰᠢ ᠶᠢ ᠣᠨᠣᠪᠴᠢᠲᠠᠶ ᠡᠵᠡᠮᠰᠢᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ

ᠨᠤᠲᠠᠯᠠᠯᠲᠠ ᠪᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠳᠡᠭᠡᠭᠰᠢ ᠮᠡᠳᠡᠭᠦᠯᠬᠦ ᠲᠥᠷᠥᠯ ᠵᠦᠢᠯ ᠢ

ᠲᠥᠰᠥᠪᠯᠡᠬᠦ᠂ ᠨᠥᠭᠡᠴᠡᠯᠡᠬᠦ᠂ ᠪᠣᠭᠤᠳᠠᠯᠯᠠᠬᠤ ᠶᠢ ᠰᠠᠶᠢᠲᠤᠷ ᠬᠢᠵᠦ᠂ ᠨᠠᠩ ᠣᠯᠠᠨ ᠤᠯᠤᠰ ᠤᠨ ᠵᠢᠭᠡᠯᠡᠯᠭᠡ᠂

ᠲᠥᠰᠥᠪ ᠤᠨ ᠳᠣᠲᠣᠷᠠᠬᠢ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠷᠮᠠᠶᠢᠨ

ᠣᠯᠵᠤ᠂ ᠨᠠᠩ ᠣᠯᠠᠨ ᠴᠢᠨᠠᠷ ᠰᠠᠶᠢᠲᠠᠢ ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠪᠠ

ᠬᠤᠲᠠ ᠶᠢᠨ ᠳᠡᠮᠵᠢᠵᠦ ᠪᠠᠶᠢᠭ᠎ᠠ ᠨᠥᠭᠡᠴᠡᠯᠡᠬᠦ ᠲᠥᠷᠥᠯ ᠵᠦᠢᠯ ᠤᠨ ᠬᠥᠮᠥᠷᠭᠡ ᠳᠤ ᠬᠠᠮᠤᠭ ᠤᠨ ᠶᠡᠭᠡ ᠬᠡᠮᠵᠢᠶ᠎ᠡ ᠪᠠᠷ

ᠣᠷᠣᠭᠤᠯᠵᠤ᠂ ᠲᠥᠷᠥᠯ ᠵᠦᠢᠯ ᠢ ᠮᠡᠳᠡᠭᠦᠯᠵᠦ ᠳᠡᠶᠢᠯᠬᠦ᠂ ᠪᠡᠯᠡ ᠮᠥᠩᠭᠦ ᠣᠯᠬᠤ ᠶᠢ ᠦᠨᠡᠨᠬᠦ ᠪᠠᠲᠤᠯᠠᠵᠤ᠂ ᠠᠵᠤ

ᠦᠢᠯᠡᠰ ᠤᠨ ᠬᠥᠭᠵᠢᠯᠲᠡ ᠶᠢᠨ ᠰᠠᠭᠤᠷᠢ ᠶᠢ ᠬᠦᠴᠦᠯᠡᠨ ᠪᠠᠬᠢᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠡᠯᠭᠦᠬᠦ

ᠬᠦᠴᠦᠨ ᠢ ᠴᠢᠩᠭᠠᠷᠠᠭᠤᠯᠤᠨ᠎ᠠ᠃

ᠲᠦᠭ ᠲᠦᠮᠡᠨ ᠴᠡᠷᠢᠭ ᠮᠣᠷᠢ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠶᠢ ᠶᠡᠬᠡᠪᠡᠷ ᠠᠳᠬᠤᠪᠠ᠃

ᠠᠷᠠᠯᠵᠢᠶᠠᠴᠢᠨ ᠤᠷᠢᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠷᠠᠯᠵᠢᠶᠠᠴᠢᠨ ᠤᠷᠢᠬᠤ ᠠᠷᠭ᠎ᠠ

ᠮᠠᠶ᠋ᠢᠭ ᠤᠨ ᠰᠢᠨ᠎ᠡ ᠶᠢ ᠡᠭᠦᠳᠴᠦ᠂ ᠠᠷᠠᠯᠵᠢᠶᠠᠴᠢᠨ ᠤᠷᠢᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠬᠤᠨ

ᠭᠠᠯᠠᠭᠤ ᠴᠢᠳᠠᠪᠤᠷᠢᠲᠠᠨ᠂ ᠬᠤᠳᠠᠯᠳᠤᠭᠠᠴᠢᠳ ᠤᠨ ᠡᠪᠯᠡᠯ ᠵᠡᠷᠭᠡ ᠡᠬᠢ ᠪᠠᠶᠠᠯᠢᠭ ᠢ ᠭᠦᠢᠴᠡᠳ ᠬᠡᠷᠡᠭᠯᠡᠵᠦ᠂ ᠪᠥᠬᠦ

ᠠᠵᠢᠯᠲᠠᠨ ᠢᠶᠠᠷ ᠢᠶᠠᠨ ᠠᠷᠠᠯᠵᠢᠶᠠᠴᠢᠨ ᠤᠷᠢᠬᠤ᠂ ᠪᠥᠬᠦ ᠲᠠᠯ᠎ᠠ ᠪᠠᠷ ᠠᠷᠠᠯᠵᠢᠶᠠᠴᠢᠨ ᠤᠷᠢᠬᠤ᠂ ᠪᠥᠬᠦ

ᠬᠦᠴᠦᠨ ᠢᠶᠠᠷ ᠢᠶᠠᠨ ᠠᠷᠠᠯᠵᠢᠶᠠᠴᠢᠨ ᠤᠷᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠤᠨ᠎ᠠ

᠃ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠪᠣᠯᠣᠨ ᠪᠡᠭᠡᠵᠢᠩ

ᠲᠢᠶᠠᠨᠵᠢᠨ ᠾᠧᠪᠧᠢ ᠶᠢᠨ ᠬᠠᠮᠵᠢᠯᠴᠠᠭᠰᠠᠨ ᠬᠥᠭᠵᠢᠯᠲᠡ᠂ ᠬᠥᠬᠡᠬᠤᠲᠠ ᠪᠤᠭᠤᠲᠤ ᠣᠷᠳᠣᠰ ᠦᠽᠪᠧᠺᠰᠲ᠋ᠠᠨ ᠤ ᠨᠢᠭᠡ

ᠴᠣᠭᠴᠠᠵᠢᠭᠰᠠᠨ ᠬᠥᠭᠵᠢᠯᠲᠡ᠂ ᠤᠯᠠᠭᠠᠨᠴᠠᠪ ᠶᠡᠭᠡ ᠴᠢᠭᠤᠯᠤᠯᠲᠤ ᠬᠠᠭᠠᠯᠭ᠎ᠠ ᠶᠢᠨ ᠣᠷᠣᠨ ᠪᠦᠰᠡ ᠶᠢᠨ

ᠬᠠᠮᠲᠤᠷᠠᠯᠴᠠᠭᠠᠨ ᠤ ᠠᠵᠠ ᠲᠣᠬᠢᠶᠠᠯ ᠢ ᠴᠢᠩᠭ᠎ᠠ ᠠᠳᠬᠤᠵᠤ᠂ ᠵᠠᠮ ᠬᠠᠷᠢᠯᠴᠠᠭ᠎ᠠ᠂ ᠰᠣᠶᠣᠯ᠂ ᠥᠩᠭᠡ

ᠦᠵᠡᠮᠵᠢ ᠶᠢᠨ ᠡᠨᠧᠷᠭᠢ ᠶᠢᠨ ᠡᠬᠢ ᠪᠠᠶᠠᠯᠢᠭ ᠪᠠ ᠬᠠᠶᠢᠯᠤᠰᠢ᠂ ᠬᠤᠪᠴᠠᠰᠤ ᠬᠤᠨᠠᠷ᠂ ᠠᠯᠠᠰᠢᠨ ᠬᠤᠨᠢ ᠲᠡᠵᠢᠭᠡᠨ

ᠦᠷᠡᠵᠢᠭᠦᠯᠬᠦ ᠭᠤᠣᠯ ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠵᠤ᠂ ᠭᠠᠷᠳᠠᠨ ᠬᠢᠬᠦ ᠴᠡᠭ᠂ ᠬᠠᠮᠲᠤᠪᠠᠷ ᠠᠰᠢᠭ

ᠬᠦᠷᠳᠡᠬᠦ ᠴᠡᠭ᠂ ᠬᠦᠴᠦᠯᠡᠬᠦ ᠴᠡᠭ ᠢ ᠣᠨᠣᠪᠴᠢᠲᠠᠢ ᠡᠷᠢᠵᠦ᠂ ᠳᠡᠭᠡᠳᠦ ᠳᠤᠮᠳᠠ ᠳᠣᠣᠷᠠᠳᠤ ᠤᠷᠤᠰᠬᠠᠯ ᠤᠨ ᠠᠵᠤ

ᠦᠢᠯᠡᠰ ᠤᠨ ᠬᠡᠯᠬᠢᠶ᠎ᠡ ᠶᠢ ᠵᠥᠪᠳᠡᠯᠴᠡᠨ ᠵᠣᠯᠭᠠᠭᠤᠯᠬᠤ ᠶᠢ ᠴᠢᠩᠭᠠᠳᠬᠠᠵᠤ᠂ ᠴᠢᠬᠤᠯᠠ ᠡᠯᠧᠮᠧᠨ᠋ᠲ ᠢ ᠲᠣᠬᠢᠷᠠᠭᠤᠯᠬᠤ᠂

ᠬᠦᠴᠢᠷ ᠠᠰᠠᠭᠤᠳᠠᠯ ᠢ ᠰᠢᠢᠳᠪᠦᠷᠢᠯᠡᠬᠦ᠂ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠲᠦᠭᠡᠨ

ᠪᠠᠶᠢᠭᠤᠯᠬᠤ ᠳᠡᠭᠡᠷ᠎ᠡ ᠬᠦᠴᠦ ᠲᠠᠯᠪᠢᠵᠤ᠂ ︽ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ

ᠠᠰᠢᠭ ᠢ ᠨᠡᠮᠡᠭᠳᠡᠭᠦᠯᠬᠦ︾ᠳᠡᠭᠡᠷ᠎ᠡ ᠰᠢᠪᠲᠤᠯᠤᠯᠲᠠ ᠭᠠᠷᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢᠨ

ᠣᠨᠣᠪᠴᠢ ᠶᠢᠨ ᠬᠡᠮᠵᠢᠶ᠎ᠡ ᠪᠠ ᠠᠮᠵᠢᠯᠲᠠ ᠶᠢᠨ ᠨᠤᠷᠮ᠎ᠠ ᠶᠢ ᠦᠨᠡᠨᠬᠦ ᠳᠡᠭᠡᠭᠰᠢᠯᠡᠭᠦᠯᠵᠦ᠂ ᠠᠵᠤ ᠦᠢᠯᠡᠰ ᠤᠨ

ᠪᠦᠯᠦᠭᠯᠡᠯ ᠤᠨ ᠦᠢᠯᠡᠳᠦᠯ ᠪᠠ ᠠᠵᠤ ᠦᠢᠯᠡᠰ ᠤᠨ ᠬᠡᠯᠬᠢᠶ᠎ᠡ ᠶᠢᠨ ᠳᠠᠪᠠᠭᠤᠯᠢᠭ ᠢ ᠲᠦᠷᠭᠡᠨ ᠪᠦᠷᠢᠯᠳᠦᠭᠦᠯᠵᠦ᠂

ᠰᠢᠶᠠᠨ ᠤ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠤᠨ

ᠬᠦᠴᠦᠨ ᠴᠢᠳᠠᠯ ᠣᠯᠭᠤᠨ᠎ᠠ᠃ ᠪᠥᠬᠦ ᠵᠢᠯ ᠳᠤ 70 ᠲᠥᠷᠥᠯ ᠵᠦᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠪᠠᠷ

ᠴᠢᠷᠮᠠᠶᠢᠨ᠎ᠠ᠃

ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠴᠢᠩᠭ᠎ᠠ ᠠᠳᠬᠤᠨ᠎ᠠ᠃

︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ

ᠦᠢᠯᠡᠴᠢᠯᠡᠭᠡᠨ ᠤ ᠪᠠᠷᠢᠮᠵᠢᠶᠠᠵᠢᠭᠤᠯᠬᠤ ᠵᠢᠷᠤᠮᠵᠢᠭᠤᠯᠬᠤ ᠲᠥᠬᠦᠮ ᠪᠣᠯᠭᠠᠬᠤ ᠪᠠᠶᠢᠭᠤᠯᠤᠯᠲᠠ ᠶᠢ ᠦᠷᠭᠦᠯᠵᠢᠯᠡᠨ

ᠠᠬᠢᠭᠤᠯᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠠᠭᠪᠤᠷ ᠢ ᠳᠡᠯᠭᠡᠷᠡᠭᠦᠯᠦᠨ

ᠬᠡᠷᠡᠭᠯᠡᠵᠦ᠂ ︽ᠨᠢᠭᠡ ᠤᠴᠢᠷ ᠢ ᠨᠢᠭᠡ ᠤᠳᠠᠭ᠎ᠠ ᠳᠤ ᠭᠦᠢᠴᠡᠳᠬᠡᠬᠦ︾ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ

︾ ︽ᠪᠥᠬᠦ ᠣᠷᠣᠨ ᠤ ᠨᠡᠶᠢᠳᠡᠮ ᠭᠦᠢᠴᠡᠳᠬᠡᠬᠦ︾ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ︽ᠪᠥᠬᠦ

ᠬᠤᠲᠠ ᠶᠢᠨ ᠨᠡᠶᠢᠳᠡᠮ ᠭᠦᠢᠴᠡᠳᠬᠡᠬᠦ︾ ᠵᠦᠢᠯᠡᠰ ᠤᠨ ᠬᠦᠷᠢᠶ᠎ᠡ ᠬᠡᠪᠴᠢᠶ᠎ᠡ ᠶᠢ ᠥᠷᠭᠡᠳᠬᠡᠨ᠂ ︽ᠮᠣᠩᠭᠤᠯ ᠲᠦᠷᠭᠡᠨ

ᠬᠤᠷᠳᠤᠴᠠ ᠶᠢᠨ ᠠᠯᠪᠠᠨ ᠭᠡᠷ · ᠳᠥᠷᠪᠡ ᠶᠢ ᠭᠦᠢᠴᠡᠳᠬᠡᠬᠦ︾ ᠠᠵᠢᠯ ᠢ ᠰᠠᠶᠢᠲᠤᠷ ᠬᠢᠵᠦ᠂ ᠵᠠᠰᠠᠭ ᠤᠨ

ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠵᠠᠰᠠᠭ ᠤᠨ

ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠵᠠᠰᠠᠭ ᠤᠨ

ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ︽

ᠳᠣᠯᠤᠭ᠎ᠠ ᠶᠢ ᠨᠢᠭᠡᠳᠦᠯᠲᠡᠢ ᠪᠠᠶᠢᠯᠭᠠᠬᠤ︾ ᠶᠢᠨ ᠪᠠᠷᠢᠮᠵᠢᠶ᠎ᠠ ᠶᠣᠰᠣᠭᠠᠷ᠂ ︽ᠨᠠᠢᠮᠠ ᠲᠠᠢ ᠪᠣᠯᠭᠠᠬᠤ︾ ᠬᠠᠷᠠᠯᠲᠠ ᠶᠢ

ᠪᠡᠶᠡᠯᠡᠭᠦᠯᠦᠨ᠎ᠡ᠃ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ

ᠦᠵᠡᠭᠦᠯᠬᠦ ᠰᠢᠶᠠᠨ ᠢ ᠴᠢᠷᠮᠠᠶᠢᠨ ᠡᠭᠦᠳᠴᠦ᠂ ᠬᠠᠤᠯᠢ ᠪᠠᠷ ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ

ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ

ᠰᠦᠯᠵᠢᠶ᠎ᠡ ᠶᠢᠨ ᠠᠷᠠᠯᠵᠢᠶ᠎ᠠ ᠶᠢᠨ ᠲᠠᠪᠴᠠᠩ᠂ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠬᠢᠨᠠᠨ ᠵᠥᠪᠰᠢᠶᠡᠷᠡᠬᠦ

ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ᠂

ᠬᠠᠮᠲᠤᠷᠠᠨ ᠬᠢᠨᠠᠨ ᠵᠥᠪᠰᠢᠶᠡᠷᠡᠬᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠬᠢᠨᠠᠨ ᠵᠥᠪᠰᠢᠶᠡᠷᠡᠬᠦ ᠴᠤᠪᠤᠷᠠᠯ ᠢ

ᠬᠠᠮᠤᠭ ᠤᠨ ᠶᠡᠭᠡ ᠬᠡᠮᠵᠢᠶ᠎ᠡ ᠪᠠᠷ ᠰᠢᠯᠢᠳᠡᠭᠵᠢᠭᠦᠯᠵᠦ᠂ ᠭᠦᠢᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠨ᠂

ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ︽ᠳᠡᠭᠡᠳᠦ ᠬᠤᠷᠳᠤ ᠶᠢᠨ ᠵᠠᠮ︾ ᠢ

ᠨᠡᠭᠡᠭᠡᠵᠦ ᠥᠭᠭᠦᠨ᠎ᠡ᠃ ︽ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠣᠷᠣᠨ︾ ᠳᠤ ᠲᠦᠰᠢᠭᠯᠡᠨ᠂ ᠠᠵᠤ

ᠠᠬᠤᠶᠢᠯᠠᠯ ᠤᠨ ᠦᠢᠯᠡᠴᠢᠯᠡᠭᠡᠨ ᠤ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠠᠵᠤ

ᠠᠬᠤᠶᠢᠯᠠᠯ ᠳᠤ ︽ᠵᠢᠷᠭᠤᠭ᠎ᠠ ᠶᠢ ᠡᠷᠭᠢᠯᠡᠬᠦ︾ ᠴᠢᠨᠠᠷ ᠰᠠᠶᠢᠲᠠᠢ ᠦᠢᠯᠡᠴᠢᠯᠡᠭᠡᠨ ᠢ ᠬᠠᠩᠭᠠᠨ᠎ᠠ᠃ ᠦᠨᠡᠨᠴᠢ

ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠨᠡᠶᠢᠭᠡᠮ ᠤᠨ ᠢᠲᠡᠭᠡᠮᠵᠢ ᠶᠢᠨ

ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ

ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ

ᠢᠲᠡᠭᠡᠮᠵᠢ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠪᠦᠬᠦ ᠨᠡᠶᠢᠭᠡᠮ ᠤᠨ ᠦᠨᠡᠨᠴᠢ ᠢᠲᠡᠭᠡᠮᠵᠢᠲᠡᠢ

ᠪᠠᠶᠢᠬᠤ ᠶᠢ ᠬᠥᠲᠥᠯᠥᠨ ᠵᠢᠯᠣᠭᠤᠳᠤᠨ᠎ᠠ᠃

︵ᠭᠤᠷᠪᠠ︶ ᠦᠷ᠎ᠡ ᠪᠦᠲᠦᠭᠡᠯ ᠢ ᠪᠠᠲᠤᠳᠬᠠᠵᠤ᠂ ᠬᠥᠭᠵᠢᠯ ᠮᠠᠨᠳᠤᠯ ᠢ ᠠᠬᠢᠭᠤᠯᠵᠤ᠂ ᠬᠠᠮᠲᠤ ᠪᠠᠷ ᠪᠠᠶᠠᠵᠢᠬᠤ ᠶᠢ

ᠪᠡᠶᠡᠯᠡᠭᠦᠯᠬᠦ ᠲᠠᠯ᠎ᠠ ᠪᠠᠷ ᠰᠢᠨ᠎ᠡ ᠠᠯᠬᠤᠮ ᠢ ᠠᠯᠬᠤᠪᠠ

ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠨᠠᠭᠠᠲᠤ ᠵᠠᠬ᠎ᠠ ᠶᠢᠨ ᠪᠠᠷᠢᠮᠵᠢᠶ᠎ᠠ ᠶᠢ

ᠡᠷᠡᠰ ᠪᠠᠲᠤ ᠰᠠᠬᠢᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠤᠨ ᠲᠣᠭᠲᠠᠴᠠ ᠶᠢ ᠴᠢᠩᠭ᠎ᠠ

ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ᠂ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ

ᠬᠡᠮᠵᠢᠬᠦ ᠪᠠ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠰᠤᠷᠭᠠᠨ ᠬᠥᠮᠦᠵᠢᠯ᠂ ᠡᠮ ᠡᠮᠨᠡᠯᠭᠡ᠂

ᠣᠷᠣᠨ ᠰᠠᠭᠤᠴᠠ᠂  ᠤᠤᠭᠤᠬᠤ ᠤᠰᠤᠨ ᠤ ᠴᠢᠨᠠᠷ

ᠴᠢᠨᠰᠠᠭ᠎ᠠ ᠶᠢ ᠦᠷᠭᠦᠯᠵᠢᠯᠡᠨ ᠰᠠᠶᠢᠲᠤᠷ ᠠᠳᠬᠤᠨ᠎ᠠ᠃    

ᠡᠯ᠎ᠡ ᠲᠦᠷᠦᠯ ᠤᠨ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢ ᠪᠠᠲᠤᠯᠠᠬᠤ ᠳᠤ᠂ ᠬᠡᠪᠴᠢᠶᠡᠵᠢᠯ ᠤᠨ ᠴᠢᠨᠠᠷᠲᠠᠢ

ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠬᠥᠳᠡᠭᠡ ᠲᠣᠰᠬᠤᠨ ᠤ ᠣᠷᠣᠯᠭ᠎ᠠ ᠪᠠᠭᠠᠲᠠᠢ

ᠬᠥᠮᠥᠨ ᠠᠮᠠ ᠶᠢᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠲᠣᠭᠲᠠᠴᠠ ᠶᠢ ᠤᠯᠠᠮ ᠨᠢᠭᠡ ᠠᠯᠬᠤᠮ

ᠲᠡᠭᠦᠯᠳᠡᠷᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠤᠷᠢᠵᠤ ᠬᠡᠷᠡᠭᠯᠡᠬᠦ᠂ ᠠᠵᠤ

ᠠᠬᠤᠶᠢᠯᠠᠯ ᠤᠨ ᠬᠤᠷᠰᠢᠶ᠎ᠠ ᠶᠢ ᠰᠢᠩᠭᠡᠬᠡᠨ ᠠᠪᠬᠤ᠂ ᠬᠥᠳᠡᠯᠮᠦᠷᠢ ᠦᠢᠯᠡᠴᠢᠯᠡᠭᠡ ᠶᠢ ᠭᠠᠳᠠᠭᠰᠢ ᠭᠠᠷᠭᠠᠬᠤ ᠵᠡᠷᠭᠡ

ᠠᠷᠭ᠎ᠠ ᠵᠠᠮ ᠢᠶᠠᠷ ᠳᠠᠮᠵᠢᠭᠤᠯᠤᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠵᠤ ᠠᠵᠢᠯ ᠬᠢᠬᠦ

ᠬᠡᠪᠴᠢᠶ᠎ᠡ ᠶᠢ ᠲᠣᠭᠲᠠᠪᠤᠷᠢᠵᠢᠭᠤᠯᠤᠨ᠎ᠠ᠃ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ

ᠡᠷᠴᠢᠮ ᠢᠶᠠᠨ ᠴᠢᠩᠭᠠᠷᠠᠭᠤᠯᠵᠤ᠂ ᠣᠨᠴᠠᠯᠢᠭᠲᠤ ᠠᠵᠤ ᠦᠢᠯᠡᠰ ᠢ ᠭᠤᠣᠯᠳᠠᠯᠭ᠎ᠠ ᠲᠠᠢ ᠪᠠᠷ ᠬᠥᠭᠵᠢᠭᠦᠯᠬᠦ ᠳᠤ 2.8

ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠯᠬᠤ ᠪᠠᠷ ᠲᠥᠯᠥᠪᠯᠡᠵᠦ᠂ 75 ᠵᠦᠢᠯ ᠤᠨ ᠵᠦᠢᠯᠡᠰ ᠢ ᠬᠡᠷᠡᠭᠵᠢᠭᠦᠯᠪᠡ᠃

ᠡᠯ᠎ᠡ ᠱᠠᠲᠤᠨ ᠤ ᠬᠠᠪᠰᠤᠷᠤᠨ ᠲᠡᠳᠬᠦᠬᠦ ᠡᠬᠢ ᠪᠠᠶᠠᠯᠢᠭ ᠢ ᠭᠦᠢᠴᠡᠳ ᠰᠠᠶᠢᠲᠤᠷ ᠠᠰᠢᠭᠯᠠᠵᠤ᠂ ᠥᠪᠡᠷᠲᠡᠭᠡᠨ

ᠵᠠᠰᠠᠬᠤ ᠣᠷᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ

ᠲᠥᠯᠥᠪᠯᠡᠭᠡ︾  ᠶᠢ ᠰᠠᠶᠢᠲᠤᠷ ᠨᠠᠶᠢᠳᠠᠪᠤᠷᠢᠵᠢᠭᠤᠯᠵᠤ᠂ ︽ᠬᠤᠣᠰ ᠴᠢᠭᠯᠡᠯ ᠢᠶᠠᠷ ᠬᠠᠮᠵᠢᠯᠴᠠᠬᠤ᠂ ᠤᠯᠠᠨ ᠲᠠᠯ᠎ᠠ ᠪᠠᠷ

ᠬᠠᠮᠲᠤᠪᠠᠷ ᠠᠰᠢᠭ ᠬᠦᠷᠳᠡᠬᠦ ︾ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠶᠠᠳᠠᠭᠤ ᠠᠴᠠ ᠠᠩᠭᠢᠵᠢᠷᠠᠭᠤᠯᠬᠤ

ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃

 ᠠᠮᠢ ᠠᠬᠤᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠪᠣᠬᠢᠷᠲᠤᠯ ᠦᠭᠡᠢ

ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ

ᠪᠠᠳᠠᠷᠠᠭᠤᠯᠵᠤ᠂ ᠪᠥᠬᠦ ᠬᠤᠲᠠ ᠶᠢᠨ ᠲᠣᠭᠤᠷᠢᠨ ᠳᠤ ︽ᠪᠤᠭᠤᠳᠠᠢ ᠨᠣᠭᠤᠭ᠎ᠠ ᠲᠥᠮᠥᠰᠥ᠂ ᠦᠬᠡᠷ ᠢᠮᠠᠭᠠᠨ ᠰᠦ᠋︾

ᠵᠡᠷᠭᠡ ᠵᠢᠷᠭᠤᠭᠠᠨ ᠶᠡᠭᠡ ᠠᠵᠤ ᠦᠢᠯᠡᠰ ᠢ ᠬᠥᠭᠵᠢᠭᠦᠯᠵᠦ᠂ ᠰᠢᠶᠠᠨ ᠤ ᠬᠡᠪᠴᠢᠶᠡᠨ ᠤ ᠳᠠᠪᠠᠭᠤᠯᠢᠭ ᠣᠨᠴᠠᠯᠢᠭᠲᠤ

ᠠᠵᠤ ᠦᠢᠯᠡᠰ ᠤᠨ ᠪᠥᠬᠦ ᠬᠡᠯᠬᠢᠶ᠎ᠡ ᠶᠢᠨ ᠲᠠᠰ ᠳᠡᠪᠰᠢᠬᠦ ᠶᠢ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ

ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ

ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ︽ᠲᠠᠷᠢᠶᠠᠯᠠᠩ ᠤᠨ ᠪᠤᠰᠤ ᠪᠣᠯᠭᠠᠬᠤ︾  ᠶᠢ ᠡᠷᠡᠰ

ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾  ᠶᠢ ᠴᠢᠩᠭ᠎ᠠ ᠬᠢᠵᠠᠭᠠᠷᠯᠠᠨ᠎ᠠ᠃ ᠳᠠᠪᠠᠭᠤᠯᠢᠭ ᠤᠯᠠᠮᠵᠢᠯᠠᠯᠲᠤ

ᠲᠠᠷᠢᠮᠠᠯ ᠤᠨ ᠦᠢᠯᠡᠰ ᠢ ᠪᠠᠷᠢᠮᠲᠠᠯᠠᠨ᠂ ᠲᠠᠷᠢᠮᠠᠯ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠤ

ᠠᠬᠤᠶᠢᠯᠠᠯ ᠢᠶᠠᠷ ᠳᠠᠶᠢᠴᠢᠯᠠᠬᠤ᠂ ᠭᠠᠵᠠᠷ ᠰᠢᠷᠣᠢ ᠶᠢ ᠡᠷᠭᠢᠯᠳᠦᠭᠦᠯᠬᠦ᠂ ᠵᠠᠯᠭᠠᠯᠳᠤᠭᠤᠯᠤᠨ ᠳᠠᠷᠢᠬᠤ ᠵᠡᠷᠭᠡ

ᠵᠠᠭᠪᠤᠷ ᠢᠶᠠᠷ ᠳᠡᠮᠵᠢᠨ᠂ ᠲᠥᠮᠥᠰᠥ᠂ ᠨᠣᠬᠠᠢ ᠶᠢᠨ ᠬᠤᠰᠢᠭᠤ ᠪᠠ ᠴᠢᠨᠠᠷ ᠰᠠᠶᠢᠲᠠᠢ ᠡᠯᠳᠡᠪ ᠠᠮᠤ ᠡᠯᠳᠡᠪ ᠪᠤᠷᠴᠠᠭ ᠢ

6.5 ᠲᠦᠮᠡᠨ ᠮᠦ᠂ 28 ᠲᠦᠮᠡᠨ ᠮᠦ᠂ 10 ᠲᠦᠮᠡᠨ ᠮᠦ ᠳᠠᠷᠢᠵᠤ᠂ ᠠᠮᠤ ᠪᠤᠳᠠᠭ᠎ᠠ ᠳᠠᠷᠢᠬᠤ ᠲᠠᠯᠠᠪᠠᠶ ᠶᠢ 62

ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠤᠨ᠂ ᠠᠮᠤ ᠪᠤᠳᠠᠭᠠᠨ ᠤ ᠤᠨᠠᠯᠲᠠ ᠶᠢ 1.2 ᠳ᠋ᠦᠩᠰᠢᠭᠤᠷ ᠵᠢᠩ

ᠣᠷᠴᠢᠮ ᠳᠤ ᠲᠣᠭᠲᠠᠪᠤᠷᠢᠵᠢᠭᠤᠯᠵᠤ᠂ ᠲᠠᠷᠢᠮᠠᠯ ᠤᠨ ᠦᠢᠯᠡᠰ ᠤᠨ ᠬᠡᠪᠴᠢᠶᠡᠵᠢᠭᠦᠯᠦᠨ ᠡᠵᠡᠩᠨᠡᠬᠦ᠂ ᠠᠷᠪᠢᠯᠠᠨ

ᠬᠥᠭᠵᠢᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠯᠦᠩ ᠶᠠ ᠴᠠᠭᠠᠨ ᠨᠣᠭᠤᠭ᠎ᠠ ᠳᠠᠷᠢᠬᠤ ᠶᠢ

ᠳᠡᠯᠭᠡᠷᠡᠭᠦᠯᠵᠦ᠂ ︽ᠴᠡᠪᠡᠷ ᠨᠣᠭᠤᠭ᠎ᠠ ᠶᠢ ᠪᠡᠭᠡᠵᠢᠩ ᠳᠤ ᠣᠷᠣᠭᠤᠯᠬᠤ︾ ᠠᠵᠢᠯᠯᠠᠭ᠎ᠠ ᠶᠢ ᠬᠡᠷᠡᠭᠵᠢᠭᠦᠯᠦᠨ᠂ ︽

ᠬᠤᠸᠠᠳᠧ ᠴᠠᠭᠠᠨ ᠨᠣᠭᠤᠭ᠎ᠠ︾ ᠶᠢᠨ ᠨᠡᠮᠡᠯᠲᠡ ᠥᠷᠲᠡᠭ ᠢ ᠬᠦᠴᠦᠯᠡᠨ ᠳᠡᠭᠡᠭᠰᠢᠯᠡᠭᠦᠯᠦᠨ᠎ᠡ᠃ ᠬᠤᠸᠠ ᠴᠧᠨ᠂ ᠮᠧᠩ

ᠳ᠋ᠢᠶᠠᠨ ᠵᠡᠷᠭᠡ ᠬᠥᠲᠥᠴᠢ ᠠᠵᠤ ᠠᠬᠤᠶᠢᠯᠠᠯ ᠳᠤ ᠲᠦᠰᠢᠭᠯᠡᠨ᠂ ᠤᠷᠭᠤᠮᠠᠯ ᠤᠨ ᠦᠢᠯᠡᠳᠪᠦᠷᠢ᠂ ᠦᠷ᠎ᠡ ᠶᠢᠨ

ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠲᠥᠮᠥᠰᠥ ᠶᠢᠨ ᠰᠠᠶᠢᠨ ᠡᠭᠦᠯᠳᠡᠷ ᠢ ᠪᠣᠶᠢᠵᠢᠭᠤᠯᠬᠤ᠂

ᠬᠡᠪᠴᠢᠶᠡᠵᠢᠭᠦᠯᠦᠨ ᠳᠠᠷᠢᠬᠤ᠂ ᠬᠥᠮᠥᠷᠭᠡᠯᠡᠨ ᠬᠠᠳᠠᠭᠠᠯᠠᠵᠤ ᠭᠦᠢᠯᠭᠡᠭᠡᠬᠦ᠂ ᠨᠠᠷᠢᠯᠢᠭ ᠭᠦᠨᠵᠡᠭᠡᠢ ᠡᠳ᠋ᠰᠢᠭᠦᠯᠬᠦ ᠶᠢ

ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠥᠮᠥᠰᠥ ᠶᠢᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ

ᠤᠷᠲᠤᠳᠬᠠᠨ᠎ᠠ᠃ ᠠᠮᠤ ᠪᠤᠳᠠᠭ᠎ᠠ᠂ ᠡᠰᠢ ᠰᠦᠷᠡᠯ ᠪᠠ ᠲᠡᠵᠢᠭᠡᠯ ᠡᠪᠡᠰᠦᠨ ᠤ ᠡᠬᠢ ᠪᠠᠶᠠᠯᠢᠭ ᠢ ᠭᠦᠢᠴᠡᠳ

ᠠᠰᠢᠭᠯᠠᠨ᠂ ᠪᠠᠷᠢᠮᠵᠢᠶᠠᠵᠢᠭᠤᠯᠤᠭᠰᠠᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ ᠳᠤ ᠲᠦᠰᠢᠭᠯᠡᠨ᠂

ᠠᠯᠠᠰᠢᠨ ᠬᠤᠨᠢ ᠲᠡᠵᠢᠭᠡᠨ ᠦᠷᠡᠵᠢᠭᠦᠯᠬᠦ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠮᠠᠯ ᠤᠨ

ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠤᠨ᠂ ᠳ᠋ᠦᠩ ᠯᠠᠢ ᠱᠦᠨ ᠢᠳᠡᠭᠡᠨ ᠤ ᠺᠣᠮᠫᠠᠨᠢ ᠯᠤᠭ᠎ᠠ ᠶᠢᠨ

ᠵᠠᠬᠢᠶᠠᠯᠠᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠳᠠᠷᠢᠵᠤ ᠲᠡᠵᠢᠭᠡᠬᠦ᠂ ᠠᠷᠠᠯᠵᠢᠶᠠᠯᠠᠬᠤ᠂ ᠡᠳ᠋ᠰᠢᠭᠦᠯᠬᠦ᠂

ᠵᠠᠬᠢᠶᠠᠯᠠᠭ᠎ᠠ ᠶᠢᠨ ᠪᠣᠷᠤᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠠᠯᠠᠰᠢᠨ ᠬᠤᠨᠢᠨ ᠤ ᠪᠥᠬᠦ ᠠᠵᠤ ᠦᠢᠯᠡᠰ ᠤᠨ

ᠬᠡᠯᠬᠢᠶ᠎ᠡ ᠶᠢ ᠪᠣᠶ ᠪᠣᠯᠭᠠᠨ᠎ᠠ᠃ ᠵᠢᠯ ᠤᠨ ᠳᠣᠲᠣᠷ᠎ᠠ ᠠᠯᠠᠰᠢᠨ ᠬᠤᠨᠢᠨ ᠤ ᠲᠤᠭ᠎ᠠ 55 ᠲᠦᠮᠡ ᠳᠤ ᠬᠦᠷᠴᠦ᠂ 70

ᠲᠦᠮᠡ ᠶᠢ ᠭᠠᠷᠭᠠᠯᠲᠠ ᠳᠤ ᠭᠠᠷᠭᠠᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ

ᠬᠤᠪᠢᠷᠠᠭᠤᠯᠬᠤ ᠨᠣᠷᠮ᠎ᠠ ᠶᠢ 74% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ᠨᠡᠷᠡᠲᠦ ᠲᠡᠮᠳᠡᠭ ᠢ

ᠪᠣᠶᠢᠵᠢᠭᠤᠯᠬᠤ ᠪᠠ ᠤᠬᠠᠭᠤᠯᠬᠤ ᠠᠵᠢᠯ ᠢ ᠴᠢᠩᠭᠠᠳᠬᠠᠵᠤ᠂ 2 ᠠᠵᠤ ᠠᠬᠤᠶᠢᠯᠠᠯ ᠤᠨ ︽ᠤᠯᠠᠭᠠᠨᠴᠠᠪ︾ ᠤᠨ

ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠯᠲᠠ ᠶᠢ ᠭᠤᠶᠤᠴᠢᠯᠠᠨ ᠮᠡᠳᠡᠭᠦᠯᠬᠦ ᠶᠢ ᠠᠬᠢᠭᠤᠯᠵᠤ᠂ ᠪᠡᠭᠡᠵᠢᠩ

ᠬᠤᠲᠠ ᠶᠢᠨ ᠳ᠋ᠦᠩ ᠴᠧᠩ ᠲᠣᠭᠤᠷᠢᠭ ᠤᠨ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠲᠥᠪ ᠤᠨ ᠬᠢᠮᠢ ᠶᠢᠨ

ᠭᠧᠷᠮᠠᠨ ᠤ ᠲᠤᠰᠬᠠᠢ ᠣᠷᠳᠣᠨ᠂ ︽ᠤᠯᠠᠭᠠᠨᠴᠠᠪ︾ ᠤᠨ ᠬᠢᠮᠢ ᠶᠢᠨ ᠭᠧᠷᠮᠠᠨ ᠤ ᠣᠨᠴᠠ ᠭᠠᠷᠤᠯᠲᠠ ᠶᠢᠨ ᠣᠷᠳᠣᠨ ᠤ

ᠦᠢᠯᠡᠳᠦᠯ ᠢ ᠪᠠᠳᠠᠷᠠᠭᠤᠯᠤᠨ᠂ ᠰᠦᠯᠵᠢᠶᠡᠨ ᠤ ᠤᠯᠠᠭᠠᠨ ᠡᠬᠢ ᠪᠠᠶᠠᠯᠢᠭ ᠢ ᠪᠣᠶᠢᠵᠢᠭᠤᠯᠤᠨ ᠠᠰᠢᠭᠯᠠᠵᠤ᠂ ᠰᠢᠨ᠎ᠡ ᠪᠠᠷ

ᠲᠠᠷᠬᠠᠭᠠᠭᠰᠠᠨ ᠭᠠᠵᠠᠷ ᠣᠷᠣᠨ ᠯᠤᠭ᠎ᠠ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠬᠠᠮᠲᠤᠷᠠᠯᠴᠠᠭ᠎ᠠ ᠶᠢ

ᠴᠢᠩᠭᠠᠳᠬᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠣᠷᠤᠯᠠᠭᠤᠯᠭ᠎ᠠ ᠶᠢᠨ ᠵᠠᠮ ᠮᠥᠷ ᠢ

ᠢᠳᠡᠪᠬᠢᠲᠡᠢ ᠨᠡᠭᠡᠭᠡᠵᠦ᠂ ᠴᠢᠨᠠᠷ ᠰᠠᠶᠢᠲᠠᠢ ᠲᠠᠷᠢᠶᠠᠯᠠᠩ ᠤᠨ ᠣᠨᠴᠠ ᠭᠠᠷᠤᠯᠲᠠ ᠶᠢ ᠳᠠᠶᠢᠴᠢᠯᠠᠨ ᠲᠤᠬᠠᠢ ᠶᠢᠨ ᠭᠠᠵᠠᠷ

 ᠠᠴᠠ ᠭᠠᠷᠭᠠᠵᠤ᠂ ᠨᠡᠶᠢᠰᠯᠡᠯ ᠬᠤᠲᠠ ᠶᠢᠨ ᠠᠷᠠᠳ ᠤᠨ ᠬᠤᠭᠤᠯᠠᠨ ᠰᠢᠷᠡᠭᠡᠨ ᠳᠤ ᠣᠷᠣᠭᠤᠯᠤᠨ᠎ᠠ᠃

 ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠶᠡᠬᠡᠪᠡᠷ ᠪᠦᠲᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠵᠢᠱᠢᠶᠡᠴᠢ ᠳᠠᠭᠠᠭᠤᠯᠬᠤ ᠦᠢᠯᠡᠳᠦᠯ ᠢ

ᠪᠠᠳᠠᠷᠠᠭᠤᠯᠵᠤ᠂ ᠪᠠᠬᠢᠵᠢᠭᠦᠯᠦᠭᠰᠡᠨ ᠦᠷ᠎ᠡ ᠪᠦᠲᠦᠭᠡᠯ ᠢ ᠳᠡᠭᠲᠡᠷ ᠲᠤ ᠭᠠᠷᠭᠠᠬᠤ᠂ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠳᠤ ᠪᠣᠳᠠᠲᠤ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠬᠥᠳᠡᠭᠡ

ᠲᠣᠰᠬᠤᠨ ᠤ ᠡᠷᠦᠬᠡ ᠶᠢᠨ ᠵᠣᠷᠯᠣᠩ ᠢ 455 ᠥᠭᠡᠷᠡᠴᠢᠯᠡᠨ ᠪᠠᠶᠢᠭᠤᠯᠬᠤ ᠶᠢ ᠲᠤᠬᠠᠢ ᠶᠢᠨ ᠭᠠᠵᠠᠷ ᠣᠷᠣᠨ ᠤ

ᠪᠠᠶᠢᠳᠠᠯ ᠳᠤᠨᠢ ᠲᠣᠬᠢᠷᠠᠭᠤᠯᠤᠨ ᠪᠡᠶᠡᠯᠡᠭᠦᠯᠵᠦ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠮᠠᠰᠢᠨ ᠲᠥᠬᠦᠭᠡᠷᠦᠮᠵᠢ

ᠬᠤᠳᠠᠯᠳᠤᠨ ᠠᠪᠴᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠢᠰᠲ᠋ᠧᠮ ᠤᠨ

ᠪᠦᠷᠬᠦᠴᠡ ᠶᠢᠨ ᠨᠤᠷᠮ᠎ᠠ ᠶᠢ 80% ᠠᠴᠠ ᠳᠡᠭᠡᠭᠰᠢ ᠳᠤ ᠬᠦᠷᠭᠡᠬᠦ ᠶᠢ ᠦᠨᠡᠨ ᠬᠦ ᠪᠠᠲᠤᠯᠠᠨ᠎ᠠ᠃ ᠴᠡᠪᠡᠷ ᠤᠰᠤ ᠶᠢ

ᠪᠦᠬᠦᠨ ᠢ ᠬᠠᠮᠤᠷᠬᠤ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠬᠥᠳᠡᠭᠡ ᠲᠣᠰᠬᠤᠨ ᠤ ᠤᠰᠤ ᠤᠮᠳᠠ ᠶᠢᠨ

ᠠᠮᠤᠷ ᠲᠦᠪᠰᠢᠨ ᠢ ᠨᠡᠩ ᠪᠠᠲᠤᠯᠠᠭ᠎ᠠ ᠲᠠᠢ ᠪᠣᠯᠭᠠᠨ᠎ᠠ᠃ ᠳᠣᠣᠷ᠎ᠠ ᠠᠰᠢᠭᠯᠠᠮᠵᠢ ᠲᠠᠢ ᠰᠤᠯᠠ ᠪᠠᠶᠢᠭ᠎ᠠ ᠣᠷᠣᠨ

ᠰᠠᠭᠤᠴᠠ ᠶᠢᠨ ᠭᠠᠵᠠᠷ ᠢ ᠠᠮᠢᠳᠤᠯᠢᠭ ᠪᠣᠯᠭᠠᠵᠤ᠂ ᠭᠠᠵᠠᠷ ᠰᠢᠷᠣᠢ ᠶᠢᠨ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾

ᠬᠠᠭᠤᠴᠢᠨ ᠢ ᠨᠤᠷᠠᠭᠠᠵᠤ ᠲᠠᠬᠢᠨ ᠬᠠᠭᠠᠯᠪᠤᠷᠢᠯᠠᠬᠤ ᠭᠦᠢᠴᠡᠳᠬᠡᠬᠦ ᠲᠤᠭ᠎ᠠ ᠶᠢᠨ ᠡᠭᠦᠷᠭᠡ ᠶᠢ ᠯᠠᠪᠳᠠᠭᠤᠨ ᠪᠠᠲᠤᠲᠠᠢ

ᠪᠡᠶᠡᠯᠡᠭᠦᠯᠦᠨ᠎ᠡ᠃ ᠬᠥᠳᠡᠭᠡ ᠲᠣᠰᠬᠤᠨ ᠤ ᠵᠠᠰᠠᠯᠲᠠ ᠶᠢ ᠭᠦᠨᠵᠡᠭᠡᠢ ᠠᠬᠢᠭᠤᠯᠵᠤ᠂ ᠬᠤᠪᠢ ᠬᠤᠷᠠᠮᠳᠤᠭᠤᠯᠬᠤ ᠬᠡᠲᠦ

ᠳᠡᠯᠭᠡᠭᠦᠷ ᠢ ᠰᠠᠶᠢᠲᠤᠷ ᠬᠡᠷᠡᠭᠯᠡᠵᠦ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠯᠪᠠᠰᠤᠨ ᠨᠤᠲᠤᠭ ᠤᠨ ᠰᠤᠷᠲᠠᠯ᠂

ᠪᠣᠷᠣᠭᠵᠢᠭᠤᠨ ᠠᠷᠠᠳ ᠤᠨ ᠰᠤᠷᠲᠠᠯ ᠢ ᠬᠦᠴᠦᠯᠡᠨ ᠪᠣᠶᠢᠵᠢᠭᠤᠯᠤᠨ᠎ᠠ᠃ ᠤᠯᠤᠰ ᠤᠨ ᠰᠢᠨᠵᠢᠯᠡᠬᠦ ᠤᠬᠠᠭᠠᠨ

ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ ᠬᠠᠪᠰᠤᠷᠤᠨ ᠲᠡᠳᠬᠦᠬᠦ ᠪᠠᠷ ᠠᠵᠠ ᠲᠣᠬᠢᠶᠠᠯ ᠪᠣᠯᠭᠠᠵᠤ᠂

ᠰᠣᠶᠣᠯ ᠲᠠᠢ᠂ ᠮᠡᠷᠭᠡᠵᠢᠯ ᠲᠠᠢ᠂ ᠡᠵᠡᠩᠨᠡᠬᠦ ᠳᠡᠭᠡᠨ ᠴᠢᠳᠠᠮᠠᠭᠠᠢ᠂ ᠬᠠᠮᠢᠶᠠᠷᠴᠤ ᠴᠢᠳᠠᠳᠠᠭ ᠥᠨᠳᠥᠷ ᠬᠡᠪ ᠪᠣᠯᠪᠠᠰᠤᠷᠠᠯ ᠲᠠᠢ

ᠲᠠᠷᠢᠶᠠᠴᠢᠨ ᠤ ᠡᠩᠨᠡᠭᠡ ᠶᠢ ᠲᠦᠷᠭᠡᠨ ᠬᠥᠮᠥᠵᠢᠭᠦᠯᠵᠦ᠂ ᠨᠡᠩ ᠤᠯᠠᠨ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠵᠦ᠂

ᠬᠥᠳᠡᠭᠡ ᠲᠣᠰᠬᠤᠨ ᠤ ᠴᠢᠨᠠᠷ ᠰᠠᠶᠢᠲᠠᠢ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ

ᠬᠡᠷᠡᠭᠲᠡᠢ᠃

 ︵ᠳᠥᠷᠪᠡ︶ ᠳᠠᠪᠠᠭᠤᠯᠢᠭ ᠢᠶᠠᠨ ᠴᠢᠩᠭᠠᠷᠠᠭᠤᠯᠵᠤ᠂ ᠣᠨᠴᠠᠯᠢᠭ ᠢᠶᠠᠨ ᠪᠠᠳᠠᠷᠠᠭᠤᠯᠵᠤ᠂ ᠠᠵᠤ

ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠲᠠᠯ᠎ᠠ ᠪᠠᠷ ᠳᠠᠬᠢᠨᠲᠠ ᠰᠢᠨ᠎ᠡ ᠦᠷ᠎ᠡ ᠪᠦᠲᠦᠭᠡᠯ

ᠨᠡᠮᠡᠪᠡ

 ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠪᠥᠭᠡᠮᠨᠡᠷᠡᠯ ᠢ ᠪᠦᠬᠦ ᠬᠤᠷᠳᠤᠴᠠ ᠪᠠᠷ ᠲᠦᠯᠬᠢᠨ ᠠᠬᠢᠭᠤᠯᠤᠨ᠎ᠠ᠃ ︽

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠴᠢᠨᠠᠷ

ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠭᠦᠨᠵᠡᠭᠡᠢ

ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠢᠳᠡᠪᠬᠢᠲᠡᠢ ᠪᠠᠷ ᠬᠠᠪᠰᠤᠷᠤᠨ ᠬᠠᠷᠠᠭᠠᠯᠵᠠᠯ ᠤᠨ ᠲᠥᠷᠥ ᠶᠢᠨ

ᠪᠣᠳᠣᠯᠭ᠎ᠠ ᠵᠢᠴᠢ ᠱᠠᠩᠨᠠᠵᠤ ᠨᠥᠬᠦᠪᠦᠷᠢᠯᠡᠬᠦ ᠵᠠᠷᠤᠳᠠᠯ ᠢ ᠪᠡᠶᠡᠯᠡᠭᠦᠯᠵᠦ᠂ ᠲᠡᠮᠦᠷ ᠤᠨ ᠬᠠᠶᠢᠯᠤᠰᠢ ᠶᠢᠨ ᠠᠵᠤ

ᠦᠢᠯᠡᠰ ᠤᠨ ᠳᠡᠭᠡᠳᠦ ᠦᠵᠦᠭᠦᠷᠵᠢᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢ ᠳᠠᠰᠢ ᠬᠥᠭᠵᠢᠬᠦ ᠶᠢ

ᠠᠬᠢᠭᠤᠯᠤᠨ᠎ᠠ᠃ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠬᠥᠭᠵᠢᠯᠲᠡ ᠶᠢ ᠪᠠᠷᠢᠮᠲᠠᠯᠠᠵᠤ᠂ ᠰᠢᠨ ᠰᠢᠨ ᠽᠦ ᠵᠡᠷᠭᠡ 7

ᠰᠠᠤᠷᠢ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠮᠡᠷᠭᠡᠵᠢᠯ ᠤᠨ ᠥᠭᠡᠷᠡᠴᠢᠯᠡᠯᠲᠡ ᠵᠢᠴᠢ ᠦᠯᠡᠳᠡᠭᠳᠡᠯ ᠢᠯᠴᠢ

ᠦᠯᠡᠳᠡᠭᠳᠡᠯ ᠬᠡᠢ ᠶᠢ ᠶᠡᠷᠦᠩᠬᠡᠶᠢᠯᠡᠨ ᠠᠰᠢᠭᠯᠠᠬᠤ᠂ ᠰᠢᠨ ᠯᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ

ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ ᠵᠢᠴᠢ ᠢᠵᠢ ᠪᠦᠷᠢᠳᠦᠭᠦᠯᠬᠦ ᠢᠨᠵᠧᠨᠧᠷᠢᠩ ᠤᠨ

ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂

ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠡᠬᠢ ᠪᠠᠶᠠᠯᠢᠭ ᠢ ᠡᠷᠭᠢᠯᠲᠡᠲᠦ ᠠᠰᠢᠭᠯᠠᠬᠤ ᠲᠦᠪᠰᠢᠨ ᠢ

ᠦᠷᠭᠦᠯᠵᠢᠯᠡᠨ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ

ᠳᠡᠮᠵᠢᠵᠦ᠂ ᠨᠠᠨ ᠮᠠᠩᠭᠠᠨ ᠪᠦᠯᠦᠭᠯᠡᠯ ᠬᠢᠭᠡᠳ ᠲᠢᠶᠠᠨ ᠴᠧᠩ ᠺᠣᠮᠫᠠᠨᠢ ᠶᠢᠨ ᠬᠦᠴᠦᠷᠬᠡᠭ ᠬᠠᠮᠲᠤᠷᠠᠯᠴᠠᠭ᠎ᠠ ᠶᠢ

ᠬᠦᠴᠦᠯᠡᠨ ᠠᠬᠢᠭᠤᠯᠵᠤ᠂ ᠰᠢᠶᠠᠨ ᠤ ᠬᠡᠪᠴᠢᠶᠡᠨ ᠤ ᠬᠠᠶᠢᠯᠤᠰᠢ ᠶᠢᠨ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ

ᠪᠠ ᠮᠡᠷᠭᠡᠵᠢᠯ ᠲᠣᠨᠣᠭᠯᠠᠯ ᠤᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠪᠣᠬᠢᠷᠲᠤᠯ ᠦᠭᠡᠢ

ᠴᠠᠬᠢᠯᠭᠠᠨ ᠢ ᠰᠢᠩᠭᠡᠬᠡᠨ ᠠᠪᠬᠤ ᠬᠡᠷᠡᠭᠯᠡᠭᠡᠨ ᠤ ᠲᠠᠯᠠᠪᠤᠷ ᠢ ᠥᠷᠭᠡᠳᠬᠡᠵᠦ᠂ ᠲᠢᠶᠠᠨ ᠴᠧᠩ᠂ ᠢ ᠯᠢ 8 ᠰᠠᠶ᠎ᠠ

ᠸᠠᠲ ᠤᠨ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠤᠨ ᠪᠣᠬᠢᠷᠲᠤᠯ ᠦᠭᠡᠢ ᠴᠠᠬᠢᠯᠭᠠᠨ ᠢ ᠰᠢᠭᠤᠳ ᠬᠠᠩᠭᠠᠬᠤ ᠲᠥᠷᠥᠯ

ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠤᠷᠪᠠᠨ ᠬᠠᠪᠴᠢᠯ ᠤᠨ ᠡᠬᠢ

ᠰᠤᠷᠪᠤᠯᠵᠢ ᠶᠢᠨ ᠲᠣᠣᠷ ᠤᠨ ᠴᠡᠨᠡᠭ ᠨᠥᠭᠡᠴᠡᠯᠡᠬᠦ ᠶᠢ ᠨᠢᠭᠡ ᠴᠣᠭᠴᠠᠵᠢᠭᠤᠯᠤᠭᠰᠠᠨ ᠪᠣᠬᠢᠷᠲᠤᠯ ᠦᠭᠡᠢ ᠴᠠᠬᠢᠯᠭᠠᠨ ᠤ

ᠵᠢᠱᠢᠶ᠎ᠡ ᠦᠵᠡᠭᠦᠯᠬᠦ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠥᠬᠦ

ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠲᠡᠮᠦᠷ ᠬᠠᠶᠢᠯᠤᠰᠢ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠳᠤ

ᠪᠣᠬᠢᠷᠲᠤᠯ ᠦᠭᠡᠢ ᠴᠠᠬᠢᠯᠭᠠᠨ ᠤ ᠬᠡᠷᠡᠭᠯᠡᠭᠡ᠂ ᠪᠣᠬᠢᠷᠲᠤᠯ ᠦᠭᠡᠢ ᠴᠠᠬᠢᠯᠭᠠᠨ ᠤ ᠣᠷᠤᠯᠠᠭᠤᠯᠤᠯᠲᠠ᠂ ᠪᠣᠬᠢᠷᠲᠤᠯ

ᠦᠭᠡᠢ ᠴᠠᠬᠢᠯᠭᠠᠨ ᠤ ᠳᠠᠭᠠᠭᠠᠴᠠ ᠶᠢ ᠬᠦᠴᠦᠯᠡᠨ ᠥᠷᠭᠡᠳᠬᠡᠵᠦ᠂ ᠰᠢᠨ᠎ᠡ ᠡᠨᠧᠷᠭᠢ ᠶᠢᠨ ᠰᠢᠩᠭᠡᠬᠡᠨ ᠠᠪᠬᠤ

ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠮᠤᠩ ᠳ᠋ᠠ ᠲᠢᠲ᠋ᠠᠨ ᠤ ᠦᠢᠯᠡᠰ ᠤᠨ ᠵᠢᠯ ᠳᠤ 65 ᠲᠦᠮᠡᠨ

ᠲᠣᠨ ᠸᠠᠨᠠᠳᠢ ᠲᠢᠲ᠋ᠠᠨ ᠾᠯᠣᠷᠲᠤ ᠰᠢᠭᠠᠷᠤ ᠶᠢᠨ ᠰᠠᠭᠤᠷᠢ ᠮᠠᠲ᠋ᠧᠷᠢᠶᠠᠯ ᠦᠢᠯᠡᠳᠪᠦᠷᠢᠯᠡᠬᠦ᠂ 39 ᠲᠦᠮᠡᠨ ᠲᠣᠨ

ᠴᠢᠳᠬᠤᠨ ᠦᠢᠯᠡᠳᠬᠦ ᠳᠤ ᠬᠡᠷᠡᠭᠯᠡᠬᠦ ᠰᠢᠷᠡᠮᠦ ᠵᠢᠴᠢ ᠦᠯᠡᠳᠡᠪᠦᠷᠢ ᠢᠯᠴᠢ ᠶᠢ ᠡᠭᠡᠭᠦᠯᠦᠨ ᠬᠤᠷᠢᠶᠠᠵᠤ ᠠᠰᠢᠭᠯᠠᠬᠤ

ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠳᠣᠣᠷᠠᠳᠤ ᠤᠷᠤᠰᠬᠠᠯ ᠤᠨ

ᠦᠢᠯᠡᠳᠬᠦᠨ ᠤ ᠸᠠᠨᠠᠳᠢ ᠳ᠋ᠢᠶᠠᠨ ᡂᠢ ᠶᠢᠨ ᠴᠠᠬᠢᠯᠭᠠᠨ ᠵᠠᠳᠠᠯᠤᠯ ᠤᠨ ᠰᠢᠩᠭᠡᠨ ᠤ ᠦᠢᠯᠡᠳᠪᠦᠷᠢᠯᠡᠯ ᠤᠨ ᠲᠥᠷᠥᠯ

ᠵᠦᠢᠯ ᠢ ᠵᠡᠷᠭᠡ ᠳᠤᠨᠢ ᠠᠬᠢᠭᠤᠯᠵᠤ᠂ ᠪᠥᠬᠦ ᠤᠯᠤᠰ ᠤᠨ ᠸᠠᠨᠠᠳᠢ ᠲᠢᠲ᠋ᠠᠨ ᠤ ᠠᠵᠤ ᠦᠢᠯᠡᠰ ᠤᠨ

ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠭᠤᠷᠪᠠᠨ ᠬᠠᠪᠴᠢᠯ ᠤᠨ

ᠠᠪᠴᠢᠮᠠᠯ ᠠᠭᠠᠷ ᠤᠨ ᠡᠨᠧᠷᠭᠢ ᠬᠠᠳᠠᠭᠠᠯᠠᠬᠤ ᠰᠢᠰᠲ᠋ᠧᠮ ᠪᠣᠯᠣᠨ ᠵᠠᠩᠭᠢᠯᠠᠭ᠎ᠠ ᠶᠢᠨ ᠲᠣᠨᠤᠭ ᠲᠥᠬᠦᠭᠡᠷᠦᠮᠵᠢ ᠶᠢ

ᠰᠤᠳᠤᠯᠤᠨ ᠦᠢᠯᠡᠳᠬᠦ ᠵᠢᠴᠢ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠲᠦᠷᠭᠡᠳᠬᠡᠵᠦ᠂ ᠴᠠᠩᠱᠦ᠋ᠨ ᠪᠠᠯᠭᠠᠰᠤ ᠶᠢᠨ 5

ᠲᠦᠮᠡᠨ ᠺᠢᠯᠣᠸᠠᠲ ᠤᠨ ᠲᠠᠷᠠᠬᠠᠢ ᠪᠤᠲᠠᠷᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ

ᠪᠠᠶᠢᠭᠤᠯᠤᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠪᠣᠬᠢᠷᠲᠤᠯ ᠦᠭᠡᠢ ᠴᠠᠬᠢᠯᠭᠠᠨ ᠬᠠᠩᠭᠠᠬᠤ ︱

ᠪᠣᠬᠢᠷᠲᠤᠯ ᠦᠭᠡᠢ ᠴᠠᠬᠢᠯᠭᠠᠨ ᠤ ᠬᠡᠷᠡᠭᠯᠡᠯᠲᠡ ︱ ᠡᠨᠧᠷᠭᠢ ᠬᠠᠳᠠᠭᠠᠯᠠᠵᠤ ᠴᠠᠬᠢᠯᠭᠠᠨ ᠬᠠᠳᠠᠭᠠᠯᠠᠬᠤ ᠰᠢᠨ᠎ᠡ

ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ

ᠲᠣᠭᠤᠷᠢᠭ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃

 ᠬᠤᠪᠴᠠᠰᠤ ᠬᠤᠨᠠᠷ ᠤᠨ ᠠᠵᠤ ᠦᠢᠯᠡᠰ ᠤᠨ ᠲᠠᠰ ᠳᠠᠪᠰᠢᠵᠤ ᠡᠷᠪᠡᠬᠡᠢ ᠬᠤᠪᠢᠷᠠᠬᠤ ᠶᠢ ᠦᠷᠭᠦᠯᠵᠢᠯᠡᠨ

ᠠᠬᠢᠭᠤᠯᠤᠨ᠎ᠠ᠃ ᠰᠢᠶᠠᠨ ᠤ ᠬᠡᠪᠴᠢᠶᠡᠨ ᠤ ᠬᠤᠨᠢ ︵ᠲᠡᠮᠡᠭᠡ︶ ᠶᠢᠨ ᠨᠣᠯᠤᠥᠷ ᠤᠨ ᠬᠤᠪᠴᠠᠰᠤᠨ ᠤ ᠠᠵᠤ

ᠦᠢᠯᠡᠰ ᠤᠨ ᠪᠦᠯᠦᠭᠯᠡᠯ ᠳᠤ ᠲᠦᠰᠢᠭᠯᠡᠨ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ

ᠣᠨᠴᠠᠯᠢᠭᠲᠤ ᠠᠵᠤ ᠦᠢᠯᠡᠰ ᠤᠨ ᠪᠦᠯᠦᠭᠯᠡᠯ ᠳᠤ ᠣᠷᠣᠵᠤ᠂ ᠱᠠᠩᠨᠠᠵᠤ ᠲᠡᠳᠬᠦᠬᠦ ᠪᠡᠯᠡ ᠮᠥᠩᠭᠦ ᠶᠢ ᠭᠦᠢᠴᠡᠳ

ᠠᠰᠢᠭᠯᠠᠨ᠂ ᠶᠠᠰᠤ ᠴᠢᠨᠠᠷ ᠢ ᠳᠡᠭᠡᠭᠰᠢᠯᠡᠭᠦᠯᠬᠦ᠂ ᠤᠬᠠᠭᠤᠯᠤᠨ ᠳᠡᠯᠭᠡᠷᠡᠭᠦᠯᠬᠦ᠂ ᠵᠠᠬ᠎ᠠ ᠳᠡᠯᠭᠡᠭᠦᠷ ᠲᠤ ᠪᠣᠷᠣᠯᠠᠭᠤᠯᠬᠤ

ᠲᠠᠯ᠎ᠠ ᠪᠠᠷ ᠬᠦᠴᠦ ᠣᠷᠣᠭᠤᠯᠬᠤ ᠬᠡᠷᠡᠭᠲᠡᠢ᠃ ᠬᠤᠶᠠᠳᠤᠭᠠᠷ ᠬᠤᠭᠤᠴᠠᠭᠠᠨ ᠤ ᠤᠯᠠᠭᠠᠨᠴᠠᠪ ᠤᠨ ︽ᠲᠠᠯ᠎ᠠ

ᠨᠤᠲᠤᠭ ᠤᠨ ᠴᠠᠢ ᠲᠡᠮᠡᠭᠡᠨ ᠤ ᠵᠠᠮ︾ ᠤᠨ ᠬᠤᠪᠴᠠᠰᠤ ᠵᠠᠰᠠᠯ ᠤᠨ ᠰᠣᠶᠣᠯ ᠤᠨ ᠠᠵᠢᠯᠯᠠᠭ᠎ᠠ ᠶᠢ ᠡᠷᠭᠢᠯᠡᠵᠦ᠂ ᠮᠠᠨ ᠤ

ᠰᠢᠶᠠᠨ ᠤ ᠬᠤᠪᠴᠠᠰᠤ ᠵᠠᠰᠠᠯ ᠤᠨ ᠠᠵᠤ ᠦᠢᠯᠡᠰ ᠤᠨ ᠰᠦᠷᠦᠭᠵᠢᠯ ᠤᠨ ᠨᠥᠯᠥᠭᠡᠯᠡᠬᠦ ᠬᠦᠴᠦᠨ ᠢ ᠠᠯᠬᠤᠮ

ᠠᠯᠬᠤᠮ ᠢᠶᠠᠷ ᠪᠤᠵᠠᠭᠠᠶᠢᠷᠠᠭᠤᠯᠪᠠ᠃ ᠨᠡᠬᠡᠮᠡᠯ ᠤᠨ ᠲᠥᠷᠥᠯ ᠪᠠ ᠬᠤᠪᠴᠠᠰᠤᠨ ᠤ ᠵᠢᠷᠤᠭ ᠲᠥᠯᠥᠪᠯᠡᠭᠡ ᠶᠢᠨ

ᠲᠥᠷᠥᠯ ᠤᠨ ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂

ᠬᠤᠪᠴᠠᠰᠤᠨ ᠤ ᠦᠢᠯᠡᠳᠬᠦᠨ ᠤ ᠨᠢᠮᠭᠡᠨ᠂ ᠬᠥᠩᠭᠡᠨ᠂ ᠳᠤᠯᠠᠭᠠᠨ᠂ ᠨᠠᠷᠢᠯᠢᠭ᠂ ᠭᠤᠸ᠎ᠠ ᠰᠠᠶᠢᠬᠠᠨ ᠳᠠᠰᠢ

ᠬᠥᠭᠵᠢᠬᠦ ᠶᠢ ᠠᠬᠢᠭᠤᠯᠵᠤ᠂ ︽ᠬᠤᠨᠢ ᠲᠡᠮᠡᠭᠡᠨ ᠨᠣᠯᠤᠥᠷ ᠤᠨ ᠤᠩᠭᠠᠷᠢᠯ ᠬᠤᠪᠴᠠᠰᠤ︾ ᠠᠴᠠ ︽ᠤᠯᠠᠭᠠᠨᠴᠠᠪ

ᠬᠤᠨᠢ ᠲᠡᠮᠡᠭᠡᠨ ᠨᠣᠯᠤᠥᠷ ᠤᠨ ᠳᠤᠯᠠᠭᠠᠨ ᠬᠤᠪᠴᠠᠰᠤ︾ ᠶᠢᠨ ᠨᠠᠷᠠᠲᠤ ᠲᠡᠮᠳᠡᠭ ᠳᠠᠰᠢ ᠬᠤᠪᠢᠷᠠᠭᠤᠯᠤᠨ᠎ᠠ᠃

ᠰᠢᠶᠠᠨ ᠤ ᠬᠡᠪᠴᠢᠶᠡᠨ ᠤ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠪᠣᠳᠣᠯᠬᠢᠯᠠᠨ᠂ ᠬᠥᠷᠥᠩᠭᠡ᠂

ᠮᠡᠷᠭᠡᠵᠢᠯ᠂ ᠨᠠᠷᠠᠲᠤ ᠲᠥᠷᠥᠯ ᠲᠡᠮᠳᠡᠭᠲᠦ ᠪᠠᠷ ᠬᠤᠯᠪᠣᠭᠠᠰᠤ ᠪᠣᠯᠭᠠᠵᠤ᠂ ᠬᠤᠪᠴᠠᠰᠤ ᠡᠳ᠋ᠰᠢᠭᠦᠯᠬᠦ ᠠᠵᠤ

ᠠᠬᠤᠶᠢᠯᠠᠯ ᠤᠨ ᠤᠯᠤᠰ ᠤᠨ ᠳᠣᠲᠣᠭᠠᠳᠤ ᠶᠢᠨ ᠬᠤᠪᠴᠠᠰᠤ ᠬᠤᠨᠠᠷ ᠤᠨ ᠨᠠᠷᠠᠲᠤ ᠲᠥᠷᠥᠯ ᠲᠡᠮᠳᠡᠭᠲᠦ ᠶᠢᠨ ᠠᠵᠤ

ᠠᠬᠤᠶᠢᠯᠠᠯ᠂ ᠬᠤᠪᠴᠠᠰᠤ ᠬᠤᠨᠠᠷ ᠢ ᠤᠷᠲᠤᠳᠬᠠᠨ ᠬᠡᠯᠬᠢᠶᠡᠵᠢᠭᠦᠯᠬᠦ ᠠᠵᠤ ᠠᠬᠤᠶᠢᠯᠠᠯ ᠯᠤᠭ᠎ᠠ ᠬᠤᠪᠢ ᠣᠷᠣᠭᠤᠯᠤᠨ

ᠬᠤᠷᠰᠢᠬᠤ᠂ ᠠᠵᠢᠯ ᠤᠨ ᠳᠠᠷᠠᠭᠠᠯᠠᠯ ᠢ ᠵᠣᠯᠭᠠᠭᠤᠯᠬᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠵᠡᠷᠭᠡ

ᠠᠷᠭ᠎ᠠ ᠮᠠᠶ᠋ᠢᠭ ᠢᠶᠠᠷ ᠠᠵᠤ ᠦᠢᠯᠡᠰ ᠤᠨ ᠬᠤᠯᠪᠣᠭ᠎ᠠ ᠶᠢ ᠪᠠᠶᠢᠭᠤᠯᠵᠤ᠂ ᠨᠢᠭᠡ ᠪᠦᠯᠦᠭ ᠬᠤᠪᠴᠠᠰᠤ ᠬᠤᠨᠠᠷ ᠤᠨ

ᠬᠥᠲᠥᠴᠢ ᠠᠵᠤ ᠠᠬᠤᠶᠢᠯᠠᠯ ᠢ ᠴᠢᠷᠮᠠᠶᠢᠨ ᠪᠣᠶ ᠪᠣᠯᠭᠠᠵᠤ᠂ ᠬᠤᠪᠴᠠᠰᠤ ᠬᠤᠨᠠᠷ ᠢ ᠣᠷᠣᠯᠠᠨ ᠡᠳ᠋ᠰᠢᠭᠦᠯᠬᠦ

ᠲᠤᠬᠠᠶᠢᠯᠠᠭᠰᠠᠨ ᠠᠵᠢᠯ ᠢ ᠥᠷᠭᠡᠳᠬᠡᠬᠦ ᠶᠢ ᠵᠣᠷᠢᠭᠵᠢᠭᠤᠯᠤᠨ᠎ᠠ᠃ ᠤᠯᠤᠰ ᠤᠨ ᠨᠣᠣᠰᠣ ᠨᠣᠯᠤᠥᠷ ᠢ ᠰᠢᠯᠭᠠᠨ

ᠪᠠᠶᠢᠴᠠᠭᠠᠵᠤ ᠪᠠᠶᠢᠴᠠᠭᠠᠨ ᠬᠡᠮᠵᠢᠬᠦ ᠲᠥᠪ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂

ᠠᠵᠢᠯ ᠲᠥᠷᠥᠯ ᠤᠨ ᠦᠢᠯᠡᠳᠬᠦᠨ ᠤ ᠶᠠᠰᠤ ᠴᠢᠨᠠᠷ ᠤᠨ ᠪᠠᠷᠢᠮᠵᠢᠶ᠎ᠠ ᠶᠢ ᠨᠢᠭᠡᠳᠬᠡᠨ᠂ ᠬᠤᠪᠴᠠᠰᠤ ᠬᠤᠨᠠᠷ ᠤᠨ ᠠᠵᠤ

ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠵᠢᠷᠤᠮᠵᠢᠭᠤᠯᠤᠨ ᠦᠢᠯᠡᠳᠪᠦᠷᠢᠯᠡᠵᠦ ᠡᠵᠡᠩᠨᠡᠵᠦ᠂ ᠲᠣᠭᠲᠠᠮᠠᠯ

ᠪᠤᠰᠤ ᠬᠤᠭᠤᠴᠠᠭ᠎ᠠ ᠲᠠᠢ ᠪᠠᠷ ᠠᠵᠤ ᠠᠬᠤᠶᠢᠯᠠᠯ ᠤᠨ ᠦᠢᠯᠡᠳᠬᠦᠨ ᠠᠴᠠ ᠥᠯᠢᠭᠡᠷ ᠠᠪᠴᠤ ᠪᠠᠶᠢᠴᠠᠭᠠᠨ ᠰᠢᠨᠵᠢᠵᠦ᠂

ᠦᠢᠯᠡᠳᠬᠦᠨ ᠤ ᠶᠠᠰᠤ ᠴᠢᠨᠠᠷ ᠢ ᠪᠠᠲᠤᠯᠠᠬᠤ ᠬᠡᠷᠡᠭᠲᠡᠢ᠃ ᠬᠤᠪᠴᠠᠰᠤ ᠬᠤᠨᠠᠷ ᠢ ᠪᠥᠭᠡᠮ ᠢᠶᠠᠷ ᠬᠤᠳᠠᠯᠳᠤᠬᠤ

ᠠᠷᠠᠯᠵᠢᠶᠠᠨ ᠤ ᠵᠠᠬ᠎ᠠ ᠳᠡᠯᠭᠡᠭᠦᠷ ᠢ ᠰᠢᠨ᠎ᠡ ᠪᠠᠷ ᠪᠠᠶᠢᠭᠤᠯᠵᠤ᠂ ᠵᠠᠬᠢᠶᠠᠯᠠᠭ᠎ᠠ ᠶᠢᠨ ᠲᠤᠬᠠᠶᠢᠯᠠᠭᠰᠠᠨ ᠠᠵᠢᠯ ᠢ ᠴᠢᠷᠮᠠᠶᠢᠨ

ᠬᠢᠵᠦ᠂ ᠲᠣᠣᠷ ᠰᠦᠯᠵᠢᠶᠡᠨ ᠤ ᠪᠣᠷᠤᠯᠠᠭᠤᠯᠭ᠎ᠠ ᠪᠠ ᠭᠠᠳᠠᠭᠠᠳᠤ ᠠᠷᠠᠯᠵᠢᠶ᠎ᠠ ᠶᠢ ᠥᠷᠭᠡᠳᠬᠡᠵᠦ᠂ ᠵᠢᠯ ᠤᠨ ᠳᠣᠲᠣᠷ᠎ᠠ

ᠬᠤᠪᠴᠠᠰᠤ ᠬᠤᠨᠠᠷ ᠤᠨ ᠪᠣᠷᠤᠯᠠᠭᠤᠯᠭ᠎ᠠ ᠶᠢᠨ ᠬᠡᠮᠵᠢᠶ᠎ᠡ ᠶᠢ 1500 ᠲᠦᠮᠡᠨ ᠵᠠᠬ᠎ᠠ ᠪᠣᠯᠭᠠᠵᠤ᠂ ᠤᠩᠭᠠᠷᠢᠯ ᠤᠨ

ᠢᠯᠲᠠᠰᠤ ᠶᠢᠨ ᠪᠣᠷᠤᠯᠠᠭᠤᠯᠭ᠎ᠠ ᠶᠢᠨ ᠬᠡᠮᠵᠢᠶ᠎ᠡ ᠶᠢ 9000 ᠲᠣᠨ ᠳᠤ ᠬᠦᠷᠭᠡᠨ᠎ᠡ᠃

 ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠥᠨᠳᠦᠷᠯᠢᠭ ᠢ ᠳᠠᠪᠠᠭᠤᠯᠢᠭ ᠵᠠᠮ

ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠯᠠᠭᠠᠨᠴᠠᠪ ᠬᠤᠲᠠ ᠶᠢᠨ

ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠤ

ᠣᠷᠣᠭᠤᠯᠬᠤ ᠪᠠᠷ ᠴᠢᠷᠮᠠᠶᠢᠬᠤ ᠡᠨᠡᠬᠦ ᠬᠤᠪᠣᠷ ᠨᠠᠨᠳᠢᠨ ᠠᠵᠠ ᠲᠣᠬᠢᠶᠠᠯ ᠢ ᠴᠢᠩᠭ᠎ᠠ ᠠᠳᠬᠤᠵᠤ᠂ ᠼᠤᠤ ᠹᠧᠢ

ᠳ᠋ᠢᠶᠠᠨ ᠤ ᠰᠢᠶᠠᠩᠭᠠᠩ ᠤᠨ ᠬᠤᠸᠠ ᠳ᠋ᠧ ᠶᠢᠨ ᠳᠣᠲᠣᠭᠠᠳᠤ ᠬᠠᠭᠤᠷᠠᠢ ᠶᠢᠨ ᠭᠠᠷᠠᠮ ᠤᠨ ᠭᠠᠶᠢᠯᠢ ᠪᠠᠲᠤᠯᠠᠬᠤ

ᠬᠥᠮᠥᠷᠭᠡ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠥᠮᠥᠷᠭᠡ᠂ ᠬᠤᠭᠤᠴᠠᠭᠠᠲᠤ ᠪᠠᠷᠠᠭᠠᠨ ᠤ

ᠭᠠᠷᠳᠠᠮ ᠭᠦᠢᠴᠡᠳᠬᠡᠬᠦ ᠬᠥᠮᠥᠷᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ  ᠶᠢ ᠲᠦᠷᠭᠡᠳᠬᠡᠨ

ᠠᠬᠢᠭᠤᠯᠵᠤ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠳᠤ ᠢᠳᠡᠪᠬᠢᠲᠡᠢ ᠪᠠᠷ

ᠠᠭᠤᠰᠤᠯᠴᠠᠵᠤ᠂ ᠡᠷᠢᠶᠡᠨ ᠬᠤᠳᠠ ᠶᠢᠨ ᠶᠡᠭᠡ ᠬᠡᠮᠵᠢᠶᠡᠨ ᠤ ᠲᠠᠸᠠᠷ ᠢ ᠬᠢᠮᠢ ᠶᠢᠨ ᠭᠦ᠋ᠷᠮᠠᠨ ᠠᠴᠠ ᠵᠠᠰᠠᠮᠠᠯ ᠵᠠᠮ ᠳᠤ

ᠰᠢᠯᠵᠢᠭᠦᠯᠬᠦ ᠲᠡᠮᠦᠷ ᠵᠠᠮ ᠢᠶᠠᠷ ᠳᠠᠮᠵᠢᠭᠤᠯᠤᠨ ᠪᠡᠭᠡᠵᠢᠩ ᠲᠢᠶᠠᠨᠵᠢᠨ ᠡᡁᠥᠪᠸᠢ ᠳᠤ ᠬᠦᠷᠭᠡᠵᠦ᠂ ᠳᠤᠮᠳᠠᠳᠤ ᠮᠣᠩᠭᠤᠯ

ᠤᠷᠤᠰ ᠤᠨ ᠡᠬᠡ ᠬᠠᠭᠤᠷᠠᠢ ᠳᠠᠯᠠᠢ ᠲᠠᠩᠭᠢᠰ ᠤᠨ ᠤᠯᠠᠨ ᠤᠯᠤᠰ ᠤᠨ ᠬᠠᠮᠲᠤᠷᠠᠭᠰᠠᠨ ᠲᠡᠭᠡᠭᠡᠪᠦᠷᠢ ᠶᠢᠨ ᠰᠢᠨ᠎ᠡ

ᠵᠠᠮ ᠢ ᠪᠦᠬᠦ ᠬᠦᠴᠦᠨ ᠢᠶᠠᠷ ᠢᠶᠠᠨ ᠡᠭᠦᠳᠴᠦ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠰᠢᠰᠲ᠋ᠥᠮ ᠢ

ᠲᠦᠷᠭᠡᠨ ᠪᠠᠶᠢᠭᠤᠯᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠬᠦ ᠬᠦᠴᠦᠨ ᠢᠶᠠᠷ ᠢᠶᠠᠨ

ᠪᠠᠶᠢᠭᠤᠯᠬᠤ ᠳᠤ ᠬᠢᠮᠢ ᠶᠢᠨ ᠭᠦ᠋ᠷᠮᠠᠨ ᠤ ᠬᠦᠴᠦᠨ ᠴᠢᠳᠠᠯ ᠢ ᠨᠡᠮᠡᠷᠢᠯᠡᠨ᠎ᠡ᠃ ᠵᠢᠯ ᠤᠨ ᠳᠣᠲᠣᠷ᠎ᠠ ᠲᠡᠮᠦᠷ ᠵᠠᠮ ᠤᠨ

ᠲᠤᠰᠬᠠᠢ ᠲᠡᠭᠡᠭᠡᠪᠦᠷᠢ ᠶᠢᠨ ᠱᠤᠭᠤᠮ ᠤᠨ ᠲᠡᠭᠡᠭᠡᠪᠦᠷᠢᠯᠡᠬᠦ ᠪᠠᠷᠠᠭ᠎ᠠ 100 ᠲᠦᠮᠡᠨ ᠲᠣᠨ ᠢ ᠳᠠᠪᠠᠪᠠ᠃ ᠬᠥᠳᠡᠭᠡ

ᠲᠣᠰᠬᠤᠨ ᠤ ᠢᠯᠡᠭᠡᠵᠦ ᠬᠦᠷᠭᠡᠬᠦ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮ ᠢ ᠲᠦᠷᠭᠡᠪᠴᠢᠯᠡᠨ

ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠤᠨ᠎ᠠ᠃ ᠭᠠᠳᠠᠭᠠᠳᠤ

ᠠᠷᠠᠯᠵᠢᠶ᠎ᠠ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠭᠠᠳᠠᠭᠠᠳᠤ ᠠᠴᠠ

ᠣᠷᠣᠭᠤᠯᠵᠤ ᠭᠠᠳᠠᠭᠠᠳᠤ ᠳᠤ ᠭᠠᠷᠭᠠᠬᠤ ᠦᠢᠯᠡᠳᠬᠦᠨ ᠤ ᠪᠦᠲᠦᠴᠡ ᠪᠠ ᠠᠷᠠᠯᠵᠢᠶ᠎ᠠ ᠶᠢᠨ ᠠᠷᠭ᠎ᠠ ᠮᠠᠶ᠋ᠢᠭ ᠢ

ᠰᠢᠯᠢᠳᠡᠭᠵᠢᠭᠦᠯᠦᠨ᠂ ᠥᠪᠡᠷ ᠢᠶᠠᠨ ᠡᠵᠡᠩᠨᠡᠵᠦ ᠪᠠᠶᠢᠭ᠎ᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ

ᠠᠵᠤ ᠠᠬᠤᠶᠢᠯᠠᠯ ᠤᠨ ᠭᠠᠳᠠᠭᠠᠳᠤ ᠠᠷᠠᠯᠵᠢᠶ᠎ᠠ ᠶᠢᠨ ᠵᠠᠬ᠎ᠠ ᠳᠡᠯᠭᠡᠭᠦᠷ ᠢᠶᠠᠨ ᠨᠡᠭᠡᠭᠡᠬᠦ ᠶᠢ ᠳᠡᠮᠵᠢᠵᠦ᠂ ᠠᠵᠤ

ᠠᠬᠤᠶᠢᠯᠠᠯ ᠢ ᠬᠠᠪᠰᠤᠷᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠠᠷᠠᠭᠠᠯᠵᠠᠯ ᠤᠨ

ᠲᠥᠷᠥ ᠵᠢᠨ‌‍ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠤᠨ᠎ᠠ

᠃ ᠡᠯᠪᠡᠭ ᠪᠠᠶᠠᠯᠢᠭ ᠲᠡᠦᠬᠡ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠨᠠᠷᠠᠲᠤ ᠲᠥᠷᠥᠯ ᠲᠡᠮᠳᠡᠭᠲᠦ ᠶᠢᠨ

ᠠᠭᠤᠯᠤᠭᠳᠠᠬᠤᠨ ᠢ ᠠᠭᠤᠳᠠᠯᠬᠤ᠂ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮᠵᠢ ᠶᠢ ᠪᠠᠶᠢᠭᠤᠯᠬᠤ᠂ ᠨᠠᠷᠠᠲᠤ

ᠲᠥᠷᠥᠯ ᠲᠡᠮᠳᠡᠭᠲᠦ ᠶᠢᠨ ᠣᠨᠴᠠᠯᠢᠭ ᠢ ᠪᠣᠶᠢᠵᠢᠭᠤᠯᠬᠤ ᠲᠠᠯ᠎ᠠ ᠪᠠᠷ ᠦᠷᠭᠦᠯᠵᠢᠯᠡᠨ ᠬᠦᠴᠦ ᠣᠷᠣᠭᠤᠯᠵᠤ᠂ ᠢᠦᠢ

ᠮᠢᠨ ᠰᠣᠶᠣᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ︽ᠠᠷᠪᠠᠨ ᠲᠠᠪᠤᠨ ᠤ ᠰᠠᠷᠠ︾ ᠶᠢᠨ ᠡᠭᠦᠳᠦᠨ

ᠪᠦᠲᠦᠭᠡᠭᠰᠡᠨ ᠭᠠᠵᠠᠷ ︽ᠤᠮᠠᠷᠠᠲᠤ ᠶᠢᠨ ᠰᠣᠶᠣᠯ︾ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃

ᠥᠪᠡᠷᠮᠢᠴᠡ ᠣᠨᠴᠠᠯᠢᠭ ᠪᠦᠬᠦᠢ ᠪᠣᠭᠤᠮᠲᠠ ᠶᠢᠨ ᠳᠡᠭᠡᠷᠡᠬᠢ ᠪᠠᠶᠢᠭᠠᠯᠢ ᠶᠢᠨ ᠥᠩᠭᠡ ᠦᠵᠡᠮᠵᠢ ᠶᠢᠨ ᠡᠬᠢ ᠪᠠᠶᠠᠯᠢᠭ ᠢ

ᠠᠭᠤᠳᠠᠯᠵᠤ᠂ ᠪᠣᠭᠤᠮᠲᠠ ᠶᠢᠨ ᠳᠡᠭᠡᠷᠡᠬᠢ ᠠᠷᠠᠳ ᠤᠨ ᠣᠷᠣᠨ ᠰᠠᠭᠤᠴᠠ ᠶᠢ ᠬᠥᠭᠵᠢᠭᠦᠯᠦᠨ᠂ ᠪᠦᠯᠠᠤᠰᠤ ᠲᠣᠰᠬᠤᠨ

᠂ ᠡᠯ ᠳ᠋ᠣᠣ ᠾᠧ ᠲᠣᠰᠬᠤᠨ ᠬᠤᠶᠠᠷ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠣᠶ ᠪᠣᠯᠭᠠᠵᠤ᠂ ᠡᠷᠬᠢᠨ

ᠲᠣᠭᠤᠷᠢᠨ ᠤ ᠲᠣᠰᠬᠤᠨ ᠤ ᠠᠷᠠᠳ ᠢ ᠳᠠᠶᠢᠴᠢᠯᠠᠨ ᠬᠤᠭᠤᠯᠠ ᠤᠮᠳᠠ᠂ ᠬᠤᠨᠤᠭ ᠪᠠᠭᠤᠳᠠᠯ ᠵᠢᠴᠢ ᠣᠨᠴᠠᠯᠢᠭᠲᠤ

ᠳᠠᠷᠢᠵᠤ ᠲᠡᠵᠢᠭᠡᠬᠦ ᠦᠢᠯᠡᠰ ᠢ ᠬᠥᠭᠵᠢᠭᠦᠯᠵᠦ᠂ 3A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂

ᠲᠠᠰ ᠤᠨ ᠠᠷᠠᠳ ᠤᠨ ᠣᠷᠣᠨ ᠰᠠᠭᠤᠴᠠ ᠶᠢ ᠲᠣᠰ ᠲᠣᠰ 1 ᠪᠠᠶᠢᠭᠤᠯᠬᠤ ᠪᠠᠷ ᠴᠢᠷᠮᠠᠶᠢᠨ᠎ᠠ᠃ ︽ᠰᠣᠶᠣᠯ ᠢᠶᠠᠷ

ᠪᠠᠷᠢᠭᠠᠳᠠ ᠶᠢ ᠠᠬᠢᠭᠤᠯᠵᠤ᠂ ᠰᠣᠶᠣᠯ ᠢᠶᠠᠷ ᠪᠠᠷᠢᠭᠠᠳᠠ ᠶᠢ ᠠᠭᠤᠰᠤᠯᠴᠠᠭᠤᠯᠬᠤ︾ ᠲᠠᠯ᠎ᠠ ᠪᠠᠷ ᠦᠷ᠎ᠡ ᠪᠦᠲᠦᠮᠵᠢ

ᠣᠯᠵᠤ᠂ ᠤᠯᠠᠭᠠᠨᠮᠥ᠋ᠴᠢᠷ ᠤᠨ ᠲᠢᠶᠠᠲᠷ᠂ ᠰᠠᠬᠢᠨ ᠬᠠᠮᠠᠭᠠᠯᠠᠬᠤ ᠨᠢᠭᠡᠳᠦᠭᠡᠷ ᠳ᠋ᠢᠸᠢᠽᠢ ᠶᠢᠨ ᠦᠵᠡᠭᠦᠯᠦᠯᠭᠡ ᠶᠢᠨ

ᠣᠷᠳᠣᠨ ᠪᠠ ᠵᠠᠯᠠᠭᠤᠴᠤᠳ ᠪᠠᠭᠠᠴᠤᠳ ᠤᠨ ᠴᠡᠷᠢᠭ ᠤᠨ ᠶᠠᠪᠤᠳᠠᠯ ᠤᠨ ᠪᠣᠯᠪᠠᠰᠤᠷᠠᠯ ᠤᠨ ᠰᠠᠭᠤᠷᠢᠨ ᠭᠠᠵᠠᠷ ᠢ

ᠲᠦᠷᠭᠡᠳᠬᠡᠨ ᠪᠠᠶᠢᠭᠤᠯᠵᠤ᠂ ᠢᠦᠢ ᠮᠢᠨ ᠤ ᠪᠠᠭᠤᠷᠢ ᠶᠢᠨ ᠰᠦᠷᠦᠭᠵᠢᠯ ᠢ ᠬᠠᠮᠠᠭᠠᠯᠠᠬᠤ ᠡᠷᠴᠢᠮ ᠢᠶᠠᠨ

ᠴᠢᠩᠭᠠᠷᠠᠭᠤᠯᠵᠤ᠂ ᠤᠯᠤᠰ ᠤᠨ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠳᠤ

ᠪᠥᠬᠦ ᠬᠦᠴᠦᠨ ᠢᠶᠠᠷ ᠢᠶᠠᠨ ᠮᠡᠳᠡᠭᠦᠯᠦᠨ᠎ᠡ᠃ ᠵᠢᠭᠤᠯᠴᠢᠯᠠᠯ ᠤᠨ ᠡᠵᠡᠩᠨᠡᠯᠲᠡ ᠪᠣᠷᠣᠯᠠᠭᠤᠯᠤᠯᠲᠠ ᠬᠢᠭᠡᠳ ᠥᠪᠡᠷᠮᠢᠴᠡ

ᠣᠨᠴᠠᠯᠢᠭ ᠲᠠᠢ ᠠᠷᠠᠳ ᠤᠨ ᠵᠠᠩ ᠦᠶᠯᠡ ᠶᠢᠨ ᠰᠣᠶᠣᠯ ᠤᠨ ᠠᠵᠢᠯᠯᠠᠭ᠎ᠠ ᠶᠢ ᠡᠷᠭᠢᠯᠡᠵᠦ᠂ ︽ᠠᠷᠪᠠᠨ ᠳᠥᠷᠪᠡᠨ

ᠡᠪᠦᠯ︾ ᠤᠨ ᠤᠬᠠᠭᠤᠯᠭ᠎ᠠ ᠶᠢᠨ ᠶᠣᠰᠣ ᠰᠤᠷᠲᠠᠬᠤᠨ ᠤ ᠥᠪ ᠬᠥᠷᠥᠩᠭᠡ ᠶᠢᠨ ᠪᠤᠰᠤ ᠡᠳ᠋ ᠪᠣᠳᠠᠰ ᠢ ᠠᠰᠢᠭᠯᠠᠨ᠂ ︽

ᠭᠠᠨ ᡁᠢ ᠮᠧᠶ ᠶᠢᠨ ᠵᠠᠩ ᠴᠢᠨᠠᠷ︾ ᠢ ᠤᠯᠠᠮᠵᠢᠯᠠᠨ ᠪᠠᠳᠠᠷᠠᠭᠤᠯᠵᠤ᠂ ᠣᠯᠠᠨ ᠲᠠᠰ ᠳᠠᠪᠬᠤᠷᠭ᠎ᠠ᠂ ᠣᠯᠠᠨ ᠬᠠᠷᠠᠭᠠᠰᠤ᠂

ᠣᠯᠠᠨ ᠲᠠᠯ᠎ᠠ ᠶᠢᠨ ᠤᠬᠠᠭᠤᠯᠭ᠎ᠠ ᠶᠢᠨ ︽ᠶᠣᠰᠣ ᠰᠤᠷᠲᠠᠬᠤᠨ ᠤ ᠰᠣᠶᠣᠯ︾ ᠢ ᠪᠣᠶ ᠪᠣᠯᠭᠠᠨ᠎ᠠ᠃

 ︵ᠲᠠᠪᠤ︶ ᠶᠠᠰᠤ ᠴᠢᠨᠠᠷ ᠢ ᠳᠡᠭᠡᠭᠰᠢᠯᠡᠭᠦᠯᠦᠨ᠂ ᠬᠠᠮᠢᠶᠠᠷᠤᠯᠲᠠ ᠶᠢ ᠴᠢᠩᠭᠠᠳᠬᠠᠵᠤ᠂ ᠣᠷᠣᠰᠢᠨ ᠰᠠᠭᠤᠬᠤ ᠳᠤ

ᠲᠣᠬᠢᠷᠠᠮᠵᠢᠲᠠᠢ ᠬᠤᠲᠠ ᠪᠠᠯᠭᠠᠰᠤ ᠶᠢ ᠪᠦᠲᠦᠭᠡᠨ ᠪᠠᠶᠢᠭᠤᠯᠬᠤ ᠳᠡᠭᠡᠷ᠎ᠡ ᠥᠩᠭᠡ ᠵᠢᠰᠦ ᠶᠢ ᠳᠠᠬᠢᠨ ᠰᠢᠨᠡᠳᠬᠡᠨ᠎ᠡ

 ᠬᠦᠴᠦᠨ ᠢᠶᠠᠨ ᠲᠥᠪᠯᠡᠷᠡᠭᠦᠯᠦᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃

ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠯᠠᠪᠳᠠᠭᠤᠨ ᠠᠬᠢᠭᠤᠯᠵᠤ᠂ ᠪᠠᠲᠤᠯᠠᠭ᠎ᠠ ᠶᠢᠨ ᠴᠢᠨᠠᠷᠲᠠᠢ

ᠲᠦᠷᠢᠶᠡᠰᠦᠨ ᠣᠷᠣᠨ ᠰᠠᠭᠤᠴᠠ ᠶᠢᠨ ᠡᠭᠦᠷᠭᠡ ᠶᠢ 100 ᠢᠵᠢ ᠪᠡᠶᠡᠯᠡᠭᠦᠯᠵᠦ᠂ ᠤᠰᠤ ᠬᠠᠩᠭᠠᠬᠤ ᠤᠰᠤ ᠵᠠᠯᠠᠬᠤ᠂

ᠢᠯᠴᠢ ᠬᠠᠩᠭᠠᠬᠤ ᠬᠡᠢ ᠬᠠᠩᠭᠠᠬᠤ ᠤᠰᠤ ᠬᠠᠩᠭᠠᠬᠤ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ

ᠪᠠᠶᠢᠭᠤᠯᠤᠯᠲᠠ  ᠶᠢ ᠬᠡᠷᠡᠭᠵᠢᠭᠦᠯᠵᠦ᠂ ᠡᠯ᠎ᠡ ᠲᠥᠷᠥᠯ ᠤᠨ ᠬᠤᠭᠤᠯᠠᠢ ᠶᠢᠨ ᠲᠣᠣᠷ ᠢ 35.845 ᠺᠢᠯᠣᠮᠧᠲᠷ

ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠬᠤᠲᠠ ᠶᠢᠨ ᠳᠤᠮᠳᠠᠬᠢ ᠲᠣᠰᠬᠤᠨ ᠤ ᠵᠢᠵᠢᠭ ᠵᠡᠭᠡᠯᠢ ᠵᠢᠵᠢᠭ

ᠭᠤᠳᠤᠮᠵᠢ ᠶᠢᠨ ᠵᠠᠮ ᠢ 4 ᠺᠢᠯᠣᠮᠧᠲᠷ ᠥᠭᠡᠷᠡᠴᠢᠯᠡᠨ ᠵᠠᠰᠠᠵᠤ᠂ ᠨᠡᠶᠢᠲᠡ ᠶᠢᠨ ᠵᠣᠷᠯᠣᠩ ᠢ 49 ᠰᠡᠯᠪᠢᠨ ᠵᠠᠰᠠᠵᠤ᠂

ᠥᠭᠡᠷᠡᠴᠢᠯᠡᠨ ᠪᠠᠶᠢᠭᠤᠯᠵᠤ᠂ ᠭᠠᠯᠲᠤ ᠲᠡᠷᠭᠡᠨ ᠥᠷᠲᠡᠭᠡᠨ ᠤ ᠥᠷᠲᠡᠭᠡᠨ ᠤ ᠭᠡᠷ ᠪᠠᠶᠢᠰᠢᠩ ᠢ ᠢᠵᠢ ᠪᠦᠷᠢᠳᠦᠭᠦᠯᠦᠨ

ᠥᠭᠡᠷᠡᠴᠢᠯᠡᠬᠦ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠤᠤᠭᠤᠬᠤ ᠤᠰᠤᠨ ᠤ ᠠᠮᠤᠷ ᠲᠦᠪᠰᠢᠨ ᠢ

ᠳᠡᠭᠡᠭᠰᠢᠯᠡᠭᠦᠯᠬᠦ ᠢᠨᠵᠧᠨᠧᠷᠢᠩ ᠢ ᠴᠢᠨᠠᠷ ᠰᠠᠶᠢᠲᠠᠢ ᠪᠡᠶᠡᠯᠡᠭᠦᠯᠵᠦ᠂ ᠬᠤᠸᠠᠳᠧ ᠰᠢᠶᠠᠨ ᠤ ᠳᠠᠷᠤᠭ᠎ᠠ ᠱᠦᠨ ᠵᠧᠨ

ᠪᠠᠯᠭᠠᠰᠤᠨ ᠤ ᠪᠣᠷᠣᠭᠠᠨ ᠤ ᠤᠰᠤᠨ ᠤ ᠬᠤᠭᠤᠯᠠᠢ ᠶᠢᠨ ᠲᠣᠣᠷ ᠢ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ

ᠬᠡᠷᠡᠭᠵᠢᠭᠦᠯᠦᠨ᠂ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠪᠡ᠃ ᠴᠢᠨᠠᠷ ᠰᠠᠶᠢᠲᠠᠢ ᠪᠣᠬᠢᠷᠲᠤᠯ ᠦᠭᠡᠢ

ᠪᠠᠷᠢᠯᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ᠂ ᠪᠣᠬᠢᠷᠲᠤᠯ ᠦᠭᠡᠢ

ᠪᠠᠷᠢᠯᠭ᠎ᠠ ᠶᠢᠨ ᠬᠡᠪᠴᠢᠶᠡᠵᠢᠨ ᠬᠥᠭᠵᠢᠬᠦ ᠶᠢ ᠠᠬᠢᠭᠤᠯᠤᠨ᠎ᠠ᠃ ᠴᠡᠴᠡᠷᠯᠢᠭᠵᠢᠭᠦᠯᠦᠨ ᠨᠣᠭᠤᠭᠠᠷᠠᠭᠤᠯᠬᠤ ᠭᠠᠵᠠᠷ ᠤᠨ

ᠬᠠᠮᠢᠶᠠᠷᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠭᠦᠯᠦᠭᠰᠡᠨ ᠰᠢᠶᠠᠨ ᠤ

ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠤᠲᠠ ᠪᠠᠯᠭᠠᠰᠤ ᠶᠢᠨ

ᠠᠭᠤᠯᠤᠭᠳᠠᠬᠤᠨ ᠶᠠᠰᠤ ᠴᠢᠨᠠᠷ ᠢ ᠳᠡᠭᠡᠭᠰᠢᠯᠡᠭᠦᠯᠦᠨ᠂ ᠡᠶ᠎ᠡ ᠵᠣᠬᠢᠴᠠᠯ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠢ

ᠠᠮᠢ ᠠᠬᠤᠢ ᠶᠢᠨ ᠬᠤᠲᠠ ᠪᠠᠯᠭᠠᠰᠤ ᠶᠢ ᠪᠦᠲᠦᠭᠡᠨ  ᠪᠠᠢᠭᠤᠯᠵᠤ ᠬᠦᠴᠦᠨ ᠢᠶᠠᠨ ᠲᠥᠪᠯᠡᠷᠡᠭᠦᠯᠦᠨ

ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠷᠢ ᠲᠦᠪᠰᠢᠨ ᠢ ᠴᠢᠩᠭᠠᠷᠠᠭᠤᠯᠤᠨ᠎ᠠ᠃ ︽ᠬᠤᠸᠠᠳ᠋ᠸ ᠰᠢᠶᠠᠨ ᠤ ᠣᠶᠤᠨᠲᠤ

ᠬᠤᠳᠠ ᠶᠢᠨ ᠬᠥᠭᠵᠢᠯᠲᠡ ᠶᠢᠨ ᠲᠥᠯᠦᠪᠵᠢᠭᠦᠯᠭᠡ︵2024 ︱ 2028 ᠣᠨ︶︾ ᠶᠣᠰᠣᠭᠠᠷ᠂ ᠣᠶᠤᠨᠲᠤ

ᠬᠦᠷᠢᠶᠡᠯᠡᠩ ᠲᠣᠭᠤᠷᠢᠭ᠂ ᠣᠶᠤᠨᠲᠤ ᠤᠰᠤᠨ ᠤ ᠶᠠᠪᠤᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠣᠶᠤᠨᠲᠤ

ᠬᠠᠮᠢᠶᠠᠷᠤᠯᠲᠠ ᠶᠢᠨ ᠲᠠᠪᠴᠠᠩ ᠵᠡᠷᠭᠡ ᠰᠠᠭᠤᠷᠢ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠨᠡᠶᠢᠳᠬᠡᠵᠦ᠂

ᠣᠶᠤᠨᠲᠤ ᠬᠤᠳᠠ ᠶᠢᠨ ᠲᠣᠭᠠᠴᠢᠯᠠᠭᠰᠠᠨ ᠰᠠᠭᠤᠷᠢ ᠶᠢ ᠪᠠᠬᠢᠵᠢᠭᠦᠯᠵᠦ᠂ ᠰᠢᠨ᠎ᠡ ᠬᠡᠯᠪᠡᠷᠢ ᠶᠢᠨ ᠣᠶᠤᠨᠲᠤ ᠬᠤᠳᠠ ᠶᠢᠨ

ᠪᠦᠲᠦᠭᠡᠨ ᠪᠠᠶᠢᠭᠤᠯᠤᠯᠲᠠ ᠶᠢ ᠪᠦᠬᠦᠯᠢ ᠴᠣᠭᠴᠠ ᠶᠢᠨ ᠴᠢᠨᠠᠷᠲᠠᠢ᠂ ᠰᠢᠰᠲ᠋ᠧᠮᠲᠦ ᠴᠢᠨᠠᠷᠲᠠᠢ᠂ ᠬᠠᠮᠵᠢᠯᠴᠠᠬᠤ

ᠴᠢᠨᠠᠷᠲᠠᠢ ᠪᠠᠷ ᠠᠬᠢᠭᠤᠯᠵᠤ᠂ ᠣᠶᠤᠨᠲᠤ ᠬᠤᠳᠠ ᠶᠢᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠰᠠᠶᠢᠲᠤᠷ

ᠵᠢᠷᠤᠭᠯᠠᠨ᠎ᠠ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠪᠠᠷ

ᠭᠠᠷᠳᠠᠴᠠ ᠪᠣᠯᠭᠠᠵᠤ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠵᠤ᠂

ᠣᠷᠴᠢᠨ ᠲᠣᠭᠤᠷᠢᠨ ᠤ ᠠᠷᠢᠭᠤᠨ ᠴᠡᠪᠡᠷ ᠢ ᠵᠠᠬ᠎ᠠ ᠳᠡᠯᠭᠡᠭᠦᠷᠴᠢᠯᠡᠨ ᠭᠠᠳᠠᠭᠰᠢ ᠳᠠᠭᠠᠭᠠᠴᠢᠯᠠᠭᠤᠯᠬᠤ

ᠬᠠᠮᠢᠶᠠᠷᠤᠯᠲᠠ ᠶᠢ ᠴᠢᠩᠭᠠᠳᠬᠠᠨ᠂ ᠠᠳᠠᠯ ᠠᠬᠤᠢ ᠶᠢᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠵᠢᠵᠢᠭ

ᠲᠣᠭᠤᠷᠢᠭ ᠢ ᠡᠭᠦᠳᠦᠨ ᠪᠠᠶᠢᠭᠤᠯᠵᠤ᠂ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ᠂

ᠬᠤᠲᠠ ᠶᠢᠨ ᠶᠠᠪᠤᠳᠠᠯ ᠤᠨ ᠪᠡᠯᠡᠳᠬᠡᠮᠵᠢ ᠶᠢᠨ ᠬᠠᠮᠢᠶᠠᠷᠴᠤ ᠬᠠᠮᠠᠭᠠᠯᠠᠬᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃

ᠪᠦᠷᠢᠨ ᠪᠦᠲᠦᠨ ᠨᠡᠶᠢᠭᠡᠮ ᠲᠣᠭᠤᠷᠢᠭ ᠪᠠ ᠪᠣᠬᠢᠷᠲᠤᠯ ᠦᠭᠡᠢ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠶᠢ

ᠢᠳᠡᠪᠬᠢᠲᠡᠢ ᠪᠠᠷ ᠲᠦᠯᠬᠢᠨ ᠠᠬᠢᠭᠤᠯᠵᠤ᠂ ᠲᠠᠭᠠᠯᠠᠮᠵᠢᠲᠠᠢ ᠪᠥᠭᠡᠳ ᠳᠥᠭᠦᠮ ᠳᠥᠲᠡ ︽ᠠᠷᠪᠠᠨ ᠲᠠᠪᠤᠨ

ᠮᠢᠨᠦ᠋ᠲ ᠤᠨ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢ ᠪᠣᠶ ᠪᠣᠯᠭᠠᠵᠤ᠂ ᠬᠤᠲᠠ ᠶᠢ ᠨᠠᠩ ᠢᠯᠡᠭᠦᠦ

ᠬᠥᠮᠥᠨ ᠤ ᠠᠩᠬᠠᠷᠤᠯ ᠢ ᠲᠠᠲᠠᠵᠤ᠂ ᠨᠠᠩ ᠢᠯᠡᠭᠦᠦ ᠬᠥᠮᠥᠨ ᠤ ᠠᠴᠢᠶ᠎ᠠ ᠶᠢ ᠠᠴᠢᠶᠠᠯᠠᠨ᠎ᠠ᠃

 ︵ᠵᠢᠷᠭᠤᠭ᠎ᠠ︶ ᠬᠠᠮᠠᠭᠠᠯᠠᠬᠤ ᠶᠢ ᠴᠢᠬᠤᠯᠠᠴᠢᠯᠠᠵᠤ᠂ ᠵᠠᠰᠠᠬᠤ ᠶᠢ ᠴᠢᠩᠭᠠᠳᠬᠠᠵᠤ᠂ ᠤᠮᠠᠷᠠᠲᠤ ᠶᠢᠨ ᠴᠢᠬᠤᠯᠠ ᠠᠮᠢ

ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ

 ᠤᠨᠢᠨ ᠳᠡᠭᠡᠷ᠎ᠡ ᠨᠢ ᠬᠦᠴᠦᠯᠡᠵᠦ᠂ ᠠᠭᠠᠷ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃

ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠪᠠᠷ

ᠥᠷᠨᠢᠭᠦᠯᠵᠦ᠂ ᠡᠨᠧᠷᠭᠢ᠂ ᠠᠵᠤ ᠦᠢᠯᠡᠳᠪᠦᠷᠢ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠨᠡᠭᠦᠷᠡᠰᠦᠲᠥ᠋ᠷᠥᠭᠴᠢ ᠪᠠᠭ᠎ᠠ

ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠪᠣᠬᠢᠷᠲᠤᠯ

ᠦᠭᠡᠢ ᠦᠢᠯᠡᠳᠪᠦᠷᠢ ᠶᠢ 5 ᠰᠢᠨ᠎ᠡ ᠪᠠᠷ ᠨᠡᠮᠡᠭᠳᠡᠭᠦᠯᠦᠨ᠂ ᠰᠢᠨ᠎ᠡ ᠪᠠᠷ ᠪᠠᠶᠢᠭᠤᠯᠬᠤ ᠵᠦᠢᠯᠡᠰ ᠤᠨ ᠡᠨᠧᠷᠭᠢ ᠶᠢᠨ

ᠠᠰᠢᠭᠯᠠᠮᠵᠢ ᠶᠢ ᠡᠷᠬᠡᠪᠰᠢ ᠤᠯᠤᠰ ᠤᠨ ᠲᠡᠷᠢᠭᠦᠨ ᠤ ᠬᠡᠮᠵᠢᠭᠳᠡᠯ ᠳᠤ ᠬᠦᠷᠭᠡᠵᠦ᠂ ᠡᠨᠧᠷᠭᠢ ᠠᠷᠪᠢᠯᠠᠵᠤ

ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠪᠡᠶᠡᠯᠡᠭᠦᠯᠦᠨ᠎ᠡ᠃ ᠪᠣᠬᠢᠷᠲᠤᠯ ᠦᠭᠡᠢ ᠡᠨᠧᠷᠭᠢ ᠶᠢ ᠨᠡᠭᠡᠭᠡᠨ ᠠᠰᠢᠭᠯᠠᠬᠤ

ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠭᠤᠰᠤᠯᠴᠠᠭᠤᠯᠬᠤ ᠶᠢ ᠰᠦᠪᠡᠭᠴᠢᠯᠡᠨ

ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠪᠣᠬᠢᠷᠲᠤᠯ ᠢ

ᠵᠠᠰᠠᠬᠤ ᠶᠢ ᠪᠠᠷᠢᠮᠲᠠᠯᠠᠨ ᠥᠷᠨᠢᠭᠦᠯᠵᠦ᠂ 5200 ᠡᠷᠦᠬᠡ ᠶᠢᠨ ᠨᠡᠭᠦᠷᠡᠰᠦ ᠶᠢ ᠴᠠᠬᠢᠯᠭᠠᠨ ᠢ ᠴᠡᠪᠡᠷ ᠳᠤᠯᠠᠭᠠᠯᠠᠭ᠎ᠠ

ᠪᠣᠯᠭᠠᠨ ᠥᠭᠡᠷᠡᠴᠢᠯᠡᠬᠦ᠂ 13.05 ᠲᠦᠮᠡᠨ ᠲᠡᠭᠰᠢ ᠳᠥᠷᠪᠡᠯᠵᠢᠨ ᠮᠧᠲᠷ ᠤᠨ ᠬᠤᠲᠠ ᠲᠣᠭᠤᠷᠢᠭ ᠤᠨ ᠪᠠᠷᠢᠯᠭ᠎ᠠ ᠶᠢ

ᠡᠨᠧᠷᠭᠢ ᠠᠷᠪᠢᠯᠠᠵᠤ ᠥᠭᠡᠷᠡᠴᠢᠯᠡᠨ᠂ ᠠᠵᠤ ᠦᠢᠯᠡᠳᠪᠦᠷᠢ ᠶᠢᠨ ᠠᠭᠠᠷ ᠮᠠᠨᠳᠠᠯ ᠤᠨ ᠪᠣᠬᠢᠷᠲᠤᠯ᠂ ᠵᠠᠮ ᠤᠨ ᠲᠣᠭᠤᠰᠣ

ᠰᠢᠷᠣᠢ᠂ ᠬᠤᠭ ᠰᠢᠷᠣᠢ ᠲᠡᠭᠡᠭᠡᠪᠦᠷᠢᠯᠡᠬᠦ ᠵᠡᠷᠭᠡ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ

ᠥᠷᠨᠢᠭᠦᠯᠵᠦ᠂ ︽ᠠᠷᠪᠠᠨ ᠳᠥᠷᠪᠡᠨ ᠡᠪᠦᠯ︾ ᠤᠨ ᠣᠷᠴᠢᠨ ᠲᠣᠭᠤᠷᠢᠨ ᠤ ᠶᠠᠰᠤ ᠴᠢᠨᠠᠷ ᠢ ᠪᠥᠬᠦ

ᠬᠦᠴᠦᠨ ᠢᠶᠠᠷ ᠢᠶᠠᠨ ᠪᠠᠲᠤᠯᠠᠪᠠ᠃

 ᠡᠪᠡᠳᠴᠢᠨ ᠳᠤᠨᠢ ᠲᠣᠬᠢᠷᠠᠭᠤᠯᠤᠨ ᠡᠮ ᠥᠭᠴᠦ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠨ᠎ᠠ᠃

ᠥᠪᠡᠷᠲᠡᠭᠡᠨ ᠵᠠᠰᠠᠬᠤ ᠣᠷᠣᠨ ᠤ ᠳᠡᠰ ᠦᠨ ᠰᠢᠶᠠᠨ ᠤ ᠬᠡᠪᠴᠢᠶᠡᠨ  ᠤ ᠤᠰᠤ ᠠᠷᠪᠢᠯᠠᠬᠤ

ᠨᠤᠷᠮ᠎ᠡ ᠶᠢ ᠨᠡᠮᠡᠭ᠌ᠳᠡᠭᠦᠯᠵᠤ ᠲᠠᠷᠢᠶᠠᠯᠠᠩ ᠳᠤ ᠬᠡᠷᠡᠭᠯᠡᠬᠦ

ᠤᠰᠤᠨ ᠤ ᠶᠡᠷᠦᠩᠬᠡᠢ ᠬᠡᠮᠵᠢᠶ᠎ᠡ ᠪᠠ ᠨᠣᠷᠮᠠᠲᠤ ᠬᠠᠮᠢᠶᠠᠷᠤᠯᠲᠠ ᠶᠢ  ᠬᠡᠷᠡᠭᠵᠢᠭᠦᠯᠵᠦ

ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠪᠠᠶᠢᠭᠰᠠᠨ ᠠᠴᠠ ᠡᠷᠴᠢᠮᠵᠢᠭᠦᠯᠬᠦ ᠲᠡᠶᠢᠰᠢ

ᠬᠤᠪᠢᠷᠠᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠪᠦᠲᠦᠭᠡᠨ ᠪᠠᠶᠢᠭᠤᠯᠤᠯᠲᠠ ᠶᠢᠨ ᠲᠥᠷᠥᠯ

ᠵᠦᠢᠯ ᠤᠨ ᠤᠰᠤᠨ ᠤ ᠡᠬᠢ ᠪᠠᠶᠠᠯᠢᠭ ᠢ ᠨᠤᠲᠠᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠭᠠᠵᠠᠷ ᠳᠣᠣᠷᠠᠬᠢ

ᠤᠰᠤᠨ ᠤ ᠤᠰᠤ ᠲᠠᠲᠠᠬᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠵᠢᠷᠤᠮᠵᠢᠭᠤᠯᠤᠨ᠂

ᠲᠣᠭᠲᠠᠭᠠᠯ ᠠᠴᠠ ᠵᠥᠷᠢᠴᠡᠨ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠦᠶᠯᠡ ᠠᠵᠢᠯᠯᠠᠭ᠎ᠠ ᠳᠤ ᠡᠷᠡᠰ

ᠴᠣᠬᠢᠯᠲᠠ ᠥᠭᠭᠦᠨ᠎ᠡ᠃ ᠭᠤᠣᠯ‌‍ᠦᠨ ᠵᠠᠮ  ᠢ ᠵᠠᠰᠠᠬᠤ ᠪᠠ ᠯᠠᠶᠢᠳᠠᠬᠤ ᠶᠢ ᠢ ᠨᠡᠮᠡᠭᠳᠡᠭᠦᠯᠵᠦ᠂ ᠭᠤᠣᠯ ᠤᠨ

ᠵᠠᠮ ᠠᠴᠠ ᠬᠠᠶᠢᠷ ᠮᠠᠯᠲᠠᠬᠤ ᠬᠠᠮᠢᠶᠠᠷᠤᠯᠲᠠ  ᠶᠢ ᠴᠢᠩᠭᠠᠳᠬᠠᠨ᠂ ᠴᠠᠭᠠᠨ ᠨᠠᠭᠤᠷ ᠤᠨ ᠰᠠᠪᠠ ᠭᠠᠵᠠᠷ ᠤᠨ ᠠᠮᠢ

ᠠᠬᠤᠢ  ᠶᠢᠨᠣᠷᠴᠢᠨ ᠲᠣᠭᠤᠷᠢᠨ  ᠢ ᠦᠷᠭᠦᠯᠵᠢᠯᠡᠨ ᠬᠠᠮᠠᠭᠠᠯᠠᠨ᠎ᠠ᠃ ᠬᠥᠮᠥᠨ ᠤ ᠬᠦᠴᠦ ᠪᠠᠷ ᠴᠠᠭ

ᠠᠭᠤᠷ ᠢ ᠨᠥᠯᠥᠭᠡᠯᠡᠬᠦ ᠠᠵᠢᠯ ᠢ ᠥᠷᠨᠢᠭᠦᠯᠵᠦ᠂ ᠠᠭᠠᠷ ᠲᠠᠬᠢ ᠡᠭᠦᠯᠡᠨ ᠤᠰᠤᠨ ᠤ ᠡᠬᠢ ᠪᠠᠶᠠᠯᠢᠭ ᠢ ᠰᠢᠨᠵᠢᠯᠡᠬᠦ

ᠤᠬᠠᠭᠠᠨᠴᠢ ᠪᠠᠷ ᠵᠦᠢ ᠵᠣᠬᠢᠰᠲᠠᠢ ᠠᠰᠢᠭᠯᠠᠨ᠎ᠠ᠃ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠰᠢᠰᠲ᠋ᠧᠮ ᠢ

ᠪᠦᠷᠢᠨᠰᠢᠭᠦᠯᠦᠨ ᠲᠡᠭᠦᠯᠳᠡᠷᠵᠢᠭᠦᠯᠵᠦ᠂ ᠭᠠᠵᠠᠷ ᠳᠡᠭᠡᠷᠡᠬᠢ ᠤᠰᠤ ᠶᠢ ᠬᠢᠨᠠᠨ ᠬᠡᠮᠵᠢᠬᠦ ᠣᠭᠲᠣᠯᠣᠭᠠᠰᠤ ᠪᠠ ᠤᠤᠭᠤᠬᠤ

ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠬᠦ ᠶᠢ

ᠦᠨᠡᠨ ᠬᠦ ᠪᠠᠲᠤᠯᠠᠨ᠎ᠠ᠃ ᠪᠥᠬᠦ ᠠᠷᠠᠳ ᠤᠨ ᠤᠰᠤ ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠵᠦ᠂ ︽ᠤᠰᠤ

ᠠᠷᠪᠢᠯᠠᠬᠤ ᠠᠵᠤ ᠠᠬᠤᠶᠢᠯᠠᠯ᠂ ᠤᠰᠤ ᠠᠷᠪᠢᠯᠠᠬᠤ ᠬᠡᠪ ᠳᠠᠭᠤᠷᠢᠶᠠᠯ᠂ ᠤᠰᠤᠨ ᠤ ᠠᠰᠢᠭᠯᠠᠮᠵᠢ ᠶᠢᠨ ᠳᠠᠭᠠᠭᠤᠯᠤᠭᠴᠢ

︾ ᠭᠤᠷᠪᠠᠨ ᠱᠠᠲᠤᠨ ᠤ ᠤᠰᠤᠨ ᠤ ᠠᠰᠢᠭᠯᠠᠮᠵᠢ ᠶᠢᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ

ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ᠂ ᠤᠰᠤ

ᠠᠷᠪᠢᠯᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ

ᠪᠠᠶᠢᠭᠤᠯᠤᠯᠲᠠ ᠶᠢ ᠠᠬᠢᠭᠤᠯᠤᠨ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ

ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃

 ᠬᠠᠷᠠᠯᠲᠠ ᠶᠢᠨ ᠴᠢᠭᠯᠡᠯ ᠢᠶᠠᠷ ᠠᠷᠭ᠎ᠠ ᠪᠣᠳᠣᠯᠭ᠎ᠠ ᠬᠡᠷᠡᠭᠵᠢᠭᠦᠯᠵᠦ ᠠᠮᠢ ᠠᠬᠤᠢ ᠶᠢᠨ ᠰᠠᠭᠤᠷᠢ ᠥᠩᠭᠡ ᠶᠢ ᠴᠢᠮᠡᠭᠯᠡᠨ᠎ᠡ᠃

︽ᠭᠤᠷᠪᠠᠨ ᠤᠮᠠᠷᠠᠲᠤ ᠶᠢᠨ ᠢᠨᠵᠧᠨᠧᠷᠢᠩ︾ ᠤᠨ ᠵᠢᠷᠭᠤᠳᠤᠭᠠᠷ ᠬᠤᠭᠤᠴᠠᠭ᠎ᠠ ᠶᠢ ᠬᠡᠷᠡᠭᠵᠢᠭᠦᠯᠵᠦ᠂ ᠨᠤᠲᠤᠭ

ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ᠂ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠤᠨ

ᠪᠦᠲᠦᠭᠡᠨ ᠪᠠᠶᠢᠭᠤᠯᠤᠯᠲᠠ ᠵᠡᠷᠭᠡ 3.6 ᠲᠦᠮᠡᠨ ᠮᠦ ᠵᠦᠢᠯᠡᠰ ᠢ ᠬᠡᠷᠡᠭᠵᠢᠭᠦᠯᠵᠦ᠂ 57.28 ᠲᠦᠮᠡᠨᠮᠦ 

ᠡᠯᠡᠰᠦᠷᠬᠡᠭᠵᠢᠯ ᠢ ᠵᠠᠰᠠᠬᠤ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠬᠤᠯᠠᠨ ᠰᠢᠷᠭ᠎ᠠ ᠳᠠᠭᠠ ᠶᠢᠨ ᠡᠯᠡᠰᠦᠷᠬᠡᠭ ᠭᠠᠵᠠᠷ ᠢ

ᠰᠥᠨᠥᠭᠡᠬᠦ ᠪᠠᠶᠢᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠡᠯᠡᠰᠦᠷᠬᠡᠭᠵᠢᠬᠦ ᠶᠢ ᠰᠡᠷᠭᠡᠶᠢᠯᠡᠵᠦ

ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ

ᠭᠦᠨᠵᠡᠭᠡᠢ ᠬᠡᠷᠡᠭᠵᠢᠭᠦᠯᠵᠦ᠂ ︽ᠬᠡᠷᠡᠯ ᠴᠡᠨᠡᠭ ᠤᠨ ᠲᠥᠷᠥᠯ ᠵᠦᠢᠯ + ᠲᠡᠵᠢᠭᠡᠯ ᠡᠪᠡᠰᠦ ᠳᠠᠷᠢᠬᠤ + ᠠᠯᠠᠰᠢᠨ

ᠬᠤᠨᠢ ᠲᠡᠵᠢᠭᠡᠨ ᠦᠷᠡᠵᠢᠭᠦᠯᠬᠦ︾ ᠬᠥᠭᠵᠢᠯᠲᠡ ᠶᠢᠨ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ︽

ᠬᠤᠨᠢ ᠢᠮᠠᠭᠠᠨ ᠤ ᠬᠡᠷᠡᠯ ᠤᠨ ᠬᠠᠷᠢᠯᠴᠠᠨ ᠨᠥᠬᠦᠪᠦᠷᠢᠯᠡᠬᠦ︾ ᠶᠢ ᠪᠡᠶᠡᠯᠡᠭᠦᠯᠵᠦ᠂ ᠠᠮᠢ ᠠᠬᠤᠢ ᠶᠢᠨ ᠦᠷ᠎ᠡ ᠠᠰᠢᠭ

ᠪᠠ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠠᠬᠢᠭᠤᠯᠤᠨ᠎ᠠ᠃ ᠬᠥᠨᠥᠭᠡᠯᠲᠡᠢ ᠠᠮᠢᠳᠤ ᠪᠣᠳᠠᠰ ᠢ

ᠬᠢᠨᠠᠨ ᠬᠡᠮᠵᠢᠵᠦ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠣᠶ ᠰᠢᠭᠤᠢ ᠡᠪᠡᠰᠦ ᠪᠡᠯᠴᠢᠭᠡᠷ

ᠨᠤᠭᠤ ᠭᠠᠵᠠᠷ ᠪᠠ ᠬᠡᠭᠡᠷ᠎ᠡ ᠶᠢᠨ ᠠᠮᠢᠲᠠᠨ ᠢ ᠬᠠᠮᠠᠭᠠᠯᠠᠵᠤ ᠠᠪᠤᠷᠠᠨ ᠵᠠᠰᠠᠬᠤ ᠠᠵᠢᠯ ᠢ ᠰᠠᠶᠢᠲᠤᠷ ᠬᠢᠨ᠎ᠡ᠃

ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠴᠢᠩᠭ᠎ᠠ ᠬᠢᠵᠠᠭᠠᠷᠯᠠᠵᠤ᠂ ᠬᠢᠮᠢ ᠶᠢᠨ ᠪᠣᠷᠳᠣᠭᠤᠷ᠂ ᠲᠠᠷᠢᠶᠠᠨ ᠡᠮ

ᠬᠡᠷᠡᠭᠯᠡᠬᠦ ᠬᠡᠮᠵᠢᠶ᠎ᠡ ᠶᠢ ᠵᠡᠷᠭᠡᠪᠡᠷ ᠪᠠᠭᠤᠷᠠᠭᠤᠯᠤᠨ᠎ᠠ᠃ ᠵᠤᠵᠠᠭᠠᠨ ᠰᠦᠯᠢᠶᠥᠦ ᠪᠦᠷᠬᠦᠪᠴᠢ ᠶᠢ ᠳᠡᠯᠭᠡᠷᠡᠭᠦᠯᠦᠨ ᠬᠡᠷᠡᠭᠯᠡᠬᠦ

ᠡᠷᠴᠢᠮ ᠢ ᠴᠢᠩᠭᠠᠷᠠᠭᠤᠯᠵᠤ᠂ ᠬᠠᠶᠠᠭᠳᠠᠮᠠᠯ ᠬᠠᠭᠤᠴᠢᠨ ᠲᠠᠷᠢᠶᠠᠯᠠᠩ ᠤᠨ ᠰᠦᠯᠢᠶᠥᠦ ᠪᠦᠷᠬᠦᠪᠴᠢ ᠶᠢᠨ ᠪᠤᠴᠠᠭᠠᠨ

ᠬᠤᠷᠢᠶᠠᠬᠤ ᠨᠣᠷᠮ᠎ᠠ ᠶᠢ 85% ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠬᠠᠤᠯᠢ ᠠᠴᠠ ᠵᠥᠷᠢᠴᠡᠨ ᠭᠠᠵᠠᠷ

ᠬᠡᠷᠡᠭᠯᠡᠬᠦ ᠶᠢ ︽ᠡᠷᠬᠢᠨ ᠬᠠᠷᠠᠬᠤ︾ ᠶᠢ ᠢᠯᠭᠠᠷᠠᠭᠤᠯᠤᠨ ᠴᠡᠭᠴᠡᠯᠡᠬᠦ ᠪᠠ ᠠᠭᠤᠷᠬᠠᠢ ᠶᠢᠨ ᠭᠠᠵᠠᠷ ᠤᠨ ᠣᠷᠴᠢᠨ

ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠬᠠᠶᠠᠭᠳᠠᠮᠠᠯ ᠨᠦᠬᠡ ᠮᠠᠯᠲᠠᠬᠤ ᠶᠢ ᠵᠠᠰᠠᠭᠰᠠᠨ ᠦᠷ᠎ᠡ ᠪᠦᠲᠦᠭᠡᠯ ᠢ

ᠪᠠᠬᠢᠵᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠠᠮᠢ ᠠᠬᠤᠢ ᠶᠢᠨ

ᠣᠷᠴᠢᠨ ᠲᠣᠭᠤᠷᠢᠨ ᠤ ᠬᠠᠮᠠᠭᠠᠯᠠᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃

ᠦᠨᠡᠨ ᠢ ᠪᠠᠷᠢᠮᠲᠠᠯᠠᠨ ᠬᠠᠲᠠᠭᠤ ᠲᠠᠢ ᠨᠢ ᠬᠠᠯᠳᠠᠵᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ

ᠴᠢᠩᠭᠠᠳᠬᠠᠪᠠ᠃ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠨᠢᠭᠡ ᠠᠴᠠ ᠵᠦᠢᠴᠢᠯᠡᠵᠦ

ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢ ᠰᠢᠪᠠᠳᠠᠨ ᠪᠠᠶᠢᠴᠠᠭᠠᠵᠤ

ᠬᠠᠷᠢᠭᠤ ᠲᠤᠰᠬᠠᠭᠰᠠᠨ ᠠᠰᠠᠭᠤᠳᠠᠯ ᠢ ᠴᠢᠨᠠᠷ ᠰᠠᠶᠢᠲᠠᠢ ᠴᠡᠭᠴᠡᠯᠡᠨ ᠲᠣᠣᠷᠵᠢᠭᠤᠯᠤᠭᠰᠠᠨ ᠣᠷᠴᠢᠨ ᠠᠬᠤᠢ ᠶᠢᠨ

ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠢ ᠰᠢᠭᠤᠢ ︵ᠡᠪᠡᠰᠦ︶ ᠶᠢᠨ

ᠤᠷᠳᠤ᠂ ᠭᠤᠣᠯ ᠮᠥᠷᠡᠨ ︵ᠨᠠᠭᠤᠷ︶ ᠤ ᠤᠷᠳᠤ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠭᠠᠷ ᠮᠠᠨᠳᠠᠯ ᠤᠨ

ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠶᠢ ᠴᠢᠩᠭᠠᠳᠬᠠᠵᠤ᠂ ᠤᠢ ᠰᠢᠭᠤᠢ᠂ ᠨᠤᠲᠤᠭ

ᠪᠡᠯᠴᠢᠭᠡᠷ᠂ ᠴᠢᠭᠢᠭᠯᠢᠭ ᠭᠠᠵᠠᠷ᠂ ᠤᠰᠤᠨ ᠴᠣᠭᠴᠠ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ

ᠡᠷᠴᠢᠮ ᠢ ᠴᠢᠩᠭᠠᠷᠠᠭᠤᠯᠵᠤ᠂ ᠣᠷᠴᠢᠨ ᠠᠬᠤᠢ ᠶᠢᠨ ᠬᠠᠤᠯᠢ ᠠᠴᠠ ᠵᠥᠷᠢᠴᠡᠬᠦ ᠶᠢ ︽ᠥᠴᠥᠬᠡᠨ ᠴᠦ ᠬᠦᠯᠢᠴᠡᠬᠦ ᠦᠭᠡᠢ︾

ᠪᠣᠯᠭᠠᠵᠤ᠂ ᠬᠥᠬᠡ ᠲᠡᠭᠷᠢ᠂ ᠬᠥᠬᠡᠮᠳᠦᠭ ᠤᠰᠤ᠂ ᠴᠡᠪᠡᠷ ᠬᠥᠷᠥᠰᠥᠨ ᠤ ᠬᠠᠮᠠᠭᠠᠯᠠᠯᠲᠠ ᠶᠢ ᠡᠷᠡᠰ ᠰᠠᠶᠢᠲᠤᠷ ᠬᠢᠬᠦ

ᠬᠡᠷᠡᠭᠲᠡᠢ ᠃

︵ᠳᠣᠯᠤᠭ᠎ᠠ︶ ᠪᠣᠳᠠᠲᠠᠢ ᠶᠠᠪᠤᠳᠠᠯ ᠪᠦᠲᠦᠭᠡᠵᠦ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠠᠮᠢᠳᠤᠷᠠᠯ ᠤᠨ

ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠰᠢᠨ᠎ᠡ ᠬᠢᠷᠢ ᠲᠦᠪᠰᠢᠨ ᠳᠤ ᠬᠦᠷᠦᠭᠦᠯᠦᠨ᠎ᠡ

ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠪᠦᠬᠦ ᠬᠦᠴᠦ ᠪᠠᠷ ᠢᠶᠠᠨ ᠰᠠᠶᠢᠲᠤᠷ ᠡᠷᠬᠢᠯᠡᠨ᠎ᠡ᠃

ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ᠲᠥᠪ ᠤᠨ ᠵᠣᠬᠢᠶᠠᠨ ᠪᠠᠶᠢᠭᠤᠯᠬᠤ

ᠬᠡᠯᠲᠡᠰ ᠤᠨ ︽ᠪᠦᠯᠬᠦᠮ ᠮᠠᠶ᠋ᠢᠭ︾ ᠤᠨ ᠬᠠᠪᠰᠤᠷᠤᠨ ᠲᠡᠳᠬᠦᠬᠦ ᠬᠦᠴᠦᠨ ᠢ ᠠᠰᠢᠭᠯᠠᠨ᠂ ᠰᠤᠷᠭᠠᠨ ᠬᠥᠮᠦᠵᠢᠯ ᠤᠨ

︽ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠵᠤ᠂ ︽ᠨᠠᠷᠠᠲᠤ ᠪᠠᠭᠰᠢ︾ ︽ᠨᠠᠷᠠᠲᠤ

ᠰᠤᠷᠭᠠᠭᠤᠯᠢ ᠶᠢᠨ ᠵᠠᠬᠢᠷᠤᠯ︾ ᠤᠨ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠂ ᠡᠬᠢ ᠪᠠᠶᠠᠯᠢᠭ ᠢ ᠡᠮᠬᠢᠯᠡᠨ

ᠨᠡᠶᠢᠯᠡᠭᠦᠯᠬᠦ᠂ ᠲᠡᠩᠴᠡᠭᠦᠷᠢᠲᠡᠢ ᠬᠥᠭᠵᠢᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠳᠣᠪᠤᠶᠢᠯᠭᠠᠵᠤ᠂ ᠠᠵᠢᠯ ᠤᠨ

ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠱᠠᠩᠨᠠᠬᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂

ᠰᠤᠷᠬᠤ ᠨᠠᠰᠤᠨ   ᠠᠴᠠ ᠡᠮᠦᠨᠡᠬᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠦ᠂ ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ

ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠪᠥᠭᠡᠳ

ᠲᠡᠩᠴᠡᠭᠦᠷᠢᠲᠡᠢ ᠪᠠᠶᠢᠯᠭᠠᠬᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ

ᠥᠪᠡᠷᠮᠢᠴᠡ ᠣᠨᠴᠠᠯᠢᠭ ᠪᠦᠬᠦᠢ ᠤᠯᠠᠨ ᠶᠠᠩᠵᠤᠴᠢᠯᠠᠭᠰᠠᠨ ᠬᠥᠭᠵᠢᠯᠲᠡ ᠶᠢ ᠦᠢᠯᠡᠳᠪᠦᠷᠢᠯᠡᠯ ᠪᠠ ᠵᠢᠭᠠᠨ

ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂

ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠦᠴᠦᠷᠬᠡᠭᠵᠢᠭᠦᠯᠦᠨ᠎ᠡ᠃ ᠬᠤᠶᠠᠳᠤᠭᠠᠷ ᠪᠠᠭ᠎ᠠ ᠰᠤᠷᠭᠠᠭᠤᠯᠢ ᠶᠢᠨ

ᠪᠡᠶ᠎ᠡ ᠶᠢᠨ ᠲᠠᠮᠢᠷ ᠤᠨ ᠲᠠᠯᠠᠪᠠᠢ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠠᠯᠬᠢ ᠪᠣᠷᠣᠭᠠᠨ ᠤ ᠪᠡᠶ᠎ᠡ ᠶᠢᠨ

ᠲᠠᠮᠢᠷ ᠤᠨ ᠲᠠᠯᠠᠪᠠᠢ ᠶᠢᠨ ᠲᠦᠷᠦᠯ ᠵᠦᠢᠯ ᠢ ᠲᠦᠷᠭᠡᠪᠴᠢᠯᠡᠨ ᠬᠡᠷᠡᠭᠵᠢᠭᠦᠯᠵᠦ᠂ ᠵᠢᠷᠭᠤᠳᠤᠭᠠᠷ ᠬᠡᠦᠬᠡᠳ ᠤᠨ

ᠴᠡᠴᠡᠷᠯᠢᠭ ᠤᠨ ︽ᠬᠤᠶᠠᠷ ᠢ ᠬᠥᠩᠭᠡᠯᠡᠬᠦ︾ ᠲᠦᠷᠦ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠰᠤᠨ ᠳᠤ

ᠦᠯᠤ ᠬᠥᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠪᠠ ᠰᠡᠳᠬᠢᠴᠡ ᠶᠢᠨ ᠬᠠᠯᠠᠮᠵᠢᠯᠠᠯ ᠢ

ᠴᠢᠩᠭᠠᠳᠬᠠᠵᠤ᠂ ᠰᠤᠷᠤᠭᠴᠢᠳ ᠤᠨ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ

ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠰᠤᠷᠭᠠᠭᠤᠯᠢ ᠶᠢᠨ ᠬᠦᠷᠢᠶᠡᠨ ᠤ ᠠᠮᠤᠷ

ᠲᠦᠪᠰᠢᠨ ᠤ ᠬᠠᠮᠢᠶᠠᠷᠤᠯᠲᠠ ᠶᠢ ᠰᠠᠶᠢᠲᠤᠷ ᠬᠢᠵᠦ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ

ᠪᠣᠶᠢᠵᠢᠬᠤ ᠳᠤ ᠠᠰᠢᠭᠲᠠᠢ ᠣᠷᠴᠢᠨᠬᠠᠩᠭᠠᠨ᠎ᠠ ᠃ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ

ᠬᠡᠮᠵᠢᠶ᠎ᠡ ᠶᠢ ᠪᠥᠬᠦ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠪᠣᠯᠣᠨ ᠨᠢᠭᠲᠠ

ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ

ᠠᠬᠢᠭᠤᠯᠵᠤ᠂ ᠡᠮᠴᠢᠯᠡᠭᠡᠨ ᠤ ︽ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠵᠤ᠂ ︽

ᠨᠠᠷᠠᠲᠤ ᠡᠮᠴᠢ ᠪᠠᠷ ᠳᠠᠭᠠᠭᠤᠯᠤᠨ ᠪᠣᠯᠪᠠᠰᠤᠷᠠᠭᠤᠯᠬᠤ︾ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠂ ᠡᠮᠨᠡᠯᠭᠡ ᠶᠢᠨ

ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠤ ᠱᠠᠲᠤᠨ ᠤ ᠡᠮᠴᠢᠯᠡᠭᠡᠨ ᠤ

ᠪᠠᠶᠢᠭᠤᠯᠤᠮᠵᠢ ᠶᠢᠨ ᠭᠤᠣᠯᠳᠠᠯᠭ᠎ᠠ ᠲᠠᠢ ᠣᠨᠴᠠᠯᠢᠭᠲᠤ ᠰᠠᠯᠠᠭ᠎ᠠ ᠲᠠᠰᠤᠭ ᠢ ᠪᠣᠶ ᠪᠣᠯᠭᠠᠵᠤ᠂ ᠡᠮᠴᠢᠯᠡᠭᠡ ᠡᠷᠡᠭᠦᠯ

ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃

ᠬᠡᠦᠬᠡᠳ ᠤᠨ ᠰᠠᠯᠠᠭ᠎ᠠ ᠶᠢᠨ ᠶᠡᠷᠦᠩᠬᠡᠶᠢᠯᠡᠭᠰᠡᠨ ᠠᠰᠠᠷ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ

ᠬᠠᠯᠳᠠᠪᠤᠷᠢᠲᠤ ᠡᠪᠡᠳᠴᠢᠨ ᠤ ᠥᠷᠥᠭᠡ ᠶᠢ ᠪᠠᠶᠢᠭᠤᠯᠵᠤ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ

ᠬᠤᠶᠠᠳᠤᠭᠠᠷ ᠬᠥᠬᠡ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠠᠷᠠᠳ

ᠣᠯᠠᠨ ᠳᠤ ᠨᠠᠩ ᠴᠢᠨᠠᠷ ᠰᠠᠶᠢᠲᠠᠢ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠨ᠎ᠠ᠃ ︽ᠨᠢᠭᠡ

ᠨᠠᠰᠤᠲᠠᠨ ᠨᠢᠭᠡ ᠪᠠᠭ᠎ᠠ ᠬᠡᠦᠬᠡᠳ︾ ᠢ ᠨᠠᠷᠢᠨ ᠨᠢᠮᠪᠠᠢ ᠬᠠᠶᠢᠷᠠᠯᠠᠨ ᠬᠠᠮᠠᠭᠠᠯᠠᠵᠤ᠂ ︽ᠭᠡᠷ ᠲᠡᠭᠡᠨ ᠰᠠᠭᠤᠬᠤ +

ᠨᠡᠶᠢᠭᠡᠮ ᠲᠣᠭᠤᠷᠢᠭ ᠤᠨ ᠤᠯᠠᠭ᠎ᠠ ᠥᠷᠲᠡᠭᠡ︾ ᠶᠢᠨ ᠨᠠᠰᠤᠵᠢᠯ ᠤᠨ ᠠᠰᠠᠷᠠᠮᠵᠢ ᠶᠢᠨ ᠵᠠᠭᠪᠤᠷ ᠢ ᠢᠳᠡᠪᠬᠢᠲᠡᠢ

ᠬᠡᠷᠡᠭᠵᠢᠭᠦᠯᠦᠨ᠂ ︽ᠭᠤᠷᠪᠠᠨ ᠬᠡᠦᠬᠡᠳ︾ ᠤᠨ ᠦᠷᠡᠵᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ

ᠪᠣᠳᠠᠲᠠᠢ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠤᠨ᠎ᠠ᠃ ᠬᠥᠳᠡᠭᠡ

ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ

ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢᠶᠠᠷ ᠠᠴᠢᠶᠠᠯᠠᠪᠤᠷᠢ ᠪᠣᠯᠭᠠᠨ᠂ ᠬᠥᠳᠡᠭᠡ ᠲᠣᠰᠬᠤᠨ ᠤ

ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾

ᠳᠡᠭᠡᠭᠰᠢᠯᠡᠭᠦᠯᠬᠦ ᠢᠨᠵᠧᠨᠧᠷᠢᠩ ᠢ 6 ᠭᠠᠵᠠᠷ ᠥᠷᠭᠡᠳᠬᠡᠨ ᠬᠡᠷᠡᠭᠵᠢᠭᠦᠯᠵᠦ᠂ ᠰᠢᠶᠠᠩ ᠪᠠᠯᠭᠠᠰᠤ ᠣᠷᠣᠨ ᠪᠦᠰᠡ ᠶᠢᠨ

ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ

ᠦᠢᠯᠡᠴᠢᠯᠡᠭᠡᠨ ᠤ ᠥᠷᠲᠡᠭᠡᠨ ᠤ ᠦᠢᠯᠡᠴᠢᠯᠡᠭᠡᠨ ᠤ ᠬᠢᠷᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ

ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ

ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠡᠷᠡᠭᠦᠯ ᠡᠩᠬᠡ ᠶᠣᠰᠣ ᠰᠤᠷᠲᠠᠬᠤᠨ ᠤ ᠪᠠᠶᠢᠭᠤᠯᠤᠯᠲᠠ ᠶᠢ

ᠯᠠᠪᠳᠠᠭᠤᠨ ᠢᠶᠠᠷ ᠠᠬᠢᠭᠤᠯᠤᠨ᠎ᠠ᠃

ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠦᠷᠭᠦᠯᠵᠢᠯᠡᠨ ᠪᠠᠲᠤ ᠪᠠᠬᠢ ᠪᠠᠶᠢᠭᠤᠯᠤᠨ᠎ᠠ᠃ ︽ᠳᠤᠯᠠᠭᠠᠨ

ᠪᠦᠯᠢᠶᠡᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠬᠤᠷᠢᠭ᠎ᠠ

ᠱᠤᠭᠤᠮ ᠢ ᠰᠠᠶᠢᠲᠤᠷ ᠰᠠᠬᠢᠵᠤ᠂ ᠣᠨᠣᠪᠴᠢᠲᠠᠶ ᠰᠠᠬᠢᠵᠤ᠂ ᠪᠠᠲᠤ ᠰᠠᠬᠢᠨ᠎ᠠ᠃ ᠳᠤᠯᠠᠭᠠᠯᠠᠭ᠎ᠠ ᠶᠢᠨ ᠦᠢᠯᠡᠴᠢᠯᠡᠭᠡᠨ ᠤ

ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠠᠮᠤᠭ ᠤᠨ ᠲᠡᠷᠢᠭᠦᠨ ᠳᠤ ᠬᠤᠭᠤᠯᠠᠢ ᠶᠢᠨ ᠲᠣᠣᠷ ᠤᠨ

ᠬᠠᠮᠠᠭᠠᠯᠠᠯᠲᠠ᠂ ᠢᠯᠴᠢ ᠶᠢᠨ ᠢᠷᠡᠯᠲᠡ ᠶᠢ ᠨᠥᠬᠦᠪᠦᠷᠢᠯᠡᠬᠦ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂

ᠠᠳᠡᠯ ᠢ ᠵᠠᠪᠳᠤᠨ ᠵᠠᠰᠠᠬᠤ ᠠᠵᠢᠯ ᠢ ᠰᠠᠶᠢᠲᠤᠷ ᠬᠢᠵᠦ᠂ ᠳᠤᠯᠠᠭᠠᠯᠠᠭ᠎ᠠ ᠶᠢᠨ ᠢᠯᠴᠢ ᠶᠢᠨ ᠳᠠᠮᠵᠢᠭᠤᠯᠭ᠎ᠠ ᠶᠢᠨ

ᠲᠦᠭᠵᠢᠷᠡᠯ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠠᠳᠠᠯ ᠦᠢᠯᠡᠰ ᠴᠣᠭᠴᠠᠯᠠᠬᠤ ᠲᠦᠷᠦ ᠶᠢᠨ

ᠪᠣᠳᠣᠯᠭ᠎ᠠ ᠶᠢᠨ ᠳᠡᠮᠵᠢᠯᠭᠡ ᠪᠠ ᠪᠡᠯᠡ ᠮᠥᠩᠭᠦ ᠶᠢᠨ ᠳᠡᠮᠵᠢᠯᠭᠡ ᠶᠢ ᠨᠡᠮᠡᠭᠳᠡᠭᠦᠯᠵᠦ᠂ ᠭᠤᠣᠯᠳᠠᠯᠭ᠎ᠠ ᠲᠠᠢ ᠬᠠᠮᠲᠤᠯᠢᠭ ᠤᠨ

ᠠᠵᠢᠯ ᠣᠯᠭᠤᠯᠲᠠ ᠶᠢ ᠪᠠᠲᠤᠯᠠᠬᠤ ᠴᠢᠳᠠᠪᠤᠷᠢ ᠶᠢ ᠴᠢᠩᠭᠠᠳᠬᠠᠵᠤ᠂ ᠬᠥᠳᠡᠯᠮᠦᠷᠢᠴᠢᠳ ᠲᠤ ᠬᠠᠨᠳᠤᠭᠤᠯᠤᠭᠰᠠᠨ ᠨᠠᠰᠤᠨ

ᠲᠤᠷᠰᠢᠲᠠ ᠶᠢᠨ ᠠᠵᠢᠯ ᠮᠡᠷᠭᠡᠵᠢᠯ ᠤᠨ ᠪᠣᠯᠪᠠᠰᠤᠷᠠᠯ ᠤᠨ ᠳᠦᠷᠢᠮ ᠢ ᠲᠡᠭᠦᠯᠳᠡᠷᠵᠢᠭᠦᠯᠦᠨ᠎ᠡ᠃ ᠴᠢᠳᠠᠪᠤᠷᠢᠲᠠᠨ ᠢ

ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠮᠡᠷᠭᠡᠵᠢᠯ ᠤᠨ ᠴᠣᠯᠠ ᠶᠢᠨ ᠳᠦᠷᠢᠮ ᠤᠨ

ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠲᠤᠰᠬᠠᠢ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢ

ᠬᠢᠨᠠᠨ ᠲᠣᠭᠲᠠᠭᠠᠬᠤ ᠳᠦᠷᠢᠮ ᠢ ᠲᠡᠭᠦᠯᠳᠡᠷᠵᠢᠭᠦᠯᠦᠨ᠂ ᠱᠠᠲᠤ ᠬᠤᠪᠢᠶᠠᠨ ᠤᠷᠢᠨ ᠲᠣᠮᠢᠯᠠᠬᠤ ᠠᠵᠢᠯ ᠢ ᠠᠯᠬᠤᠮ

ᠠᠯᠬᠤᠮ ᠢᠶᠠᠷ ᠥᠷᠭᠡᠳᠬᠡᠨ᠎ᠡ᠃ ︽ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ︾ ᠢᠨᠵᠧᠨᠧᠷᠢᠩ ᠢ

ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ ᠲᠠᠲᠠᠪᠤᠷᠢᠯᠠᠨ

ᠲᠤᠰᠢᠶᠠᠬᠤ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠪᠠᠩᠬᠢ ᠶᠢᠨ ᠨᠢᠭᠡ ᠴᠣᠭᠴᠠᠵᠢᠭᠰᠠᠨ ᠲᠣᠣᠷ ᠴᠢᠭ᠋ ᠤᠨ

ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ 15 ᠮᠢᠨᠦ᠋ᠲ ᠤᠨ ᠠᠷᠠᠳ ᠲᠤ ᠲᠥᠬᠦᠮ

ᠦᠵᠡᠭᠦᠯᠬᠦ ᠦᠢᠯᠡᠴᠢᠯᠡᠭᠡᠨ ᠤ ᠲᠣᠭᠤᠷᠢᠭ ᠢ ᠨᠡᠶᠢᠭᠡᠮ ᠤᠨ ᠠᠪᠤᠷᠠᠨ ᠲᠤᠰᠠᠯᠠᠬᠤ᠂ ᠬᠤᠳᠠ ᠬᠥᠳᠡᠭᠡ ᠶᠢᠨ ᠨᠠᠭᠠᠲᠤ

ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠬᠤ᠂ ᠠᠰᠠᠷᠠᠮᠵᠢ ᠬᠠᠷᠠᠭᠠᠯᠵᠠᠯ ᠦᠵᠡᠭᠦᠯᠬᠦ

ᠵᠡᠷᠭᠡ ᠳᠦᠷᠢᠮ ᠢ ᠲᠡᠭᠦᠯᠳᠡᠷᠵᠢᠭᠦᠯᠵᠦ᠂ ᠨᠡᠶᠢᠲᠡ ᠶᠢᠨ ᠠᠰᠠᠷᠠᠮᠵᠢ ᠪᠠ ᠨᠢᠭᠦᠯᠡᠰᠦᠩᠭᠦᠢ ᠶᠢᠨ ᠦᠢᠯᠡᠰ ᠢ ᠬᠥᠭᠵᠢᠭᠦᠯᠦᠨ᠂

ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠎ᠠ᠃ ᠣᠷᠣᠰᠢᠭᠤᠯᠭ᠎ᠠ ᠶᠢᠨ

ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ

ᠴᠢᠨᠠᠷᠲᠠᠢ ᠨᠡᠶᠢᠲᠡ ᠶᠢᠨ ᠣᠩᠭᠤᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂

ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠤᠨ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢ ᠴᠢᠩᠭᠠᠳᠬᠠᠵᠤ᠂

ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠂ ᠣᠯᠠᠨ ᠲᠦᠮᠡᠨ ᠤ ︽ᠠᠷᠤ︾ ᠶᠢᠨ

ᠳᠠᠷᠤᠭᠠᠰᠤ ᠶᠢ ᠦᠨᠡᠨᠬᠦ ᠬᠥᠩᠭᠡᠷᠡᠭᠦᠯᠦᠨ᠎ᠡ᠃

ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠬᠦᠴᠦᠯᠡᠨ ᠰᠠᠶᠢᠲᠤᠷ ᠬᠢᠬᠦ ᠬᠡᠷᠡᠭᠲᠡᠢ᠃

ᠴᠢᠳᠠᠯ ᠤᠨ ᠢᠶᠠᠨ ᠬᠢᠷᠢ ᠪᠠᠷ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠵᠠᠷᠴᠢᠮ ᠢ ᠪᠠᠷᠢᠮᠲᠠᠯᠠᠵᠤ᠂ ᠠᠷᠠᠳ ᠤᠨ

ᠠᠮᠢᠳᠤᠷᠠᠯ ᠤᠨ ᠪᠣᠳᠠᠲᠤ ᠶᠠᠪᠤᠳᠠᠯ ᠢ ᠢᠯᠡ ᠪᠠᠷ ᠴᠤᠭᠯᠠᠭᠤᠯᠤᠭᠰᠠᠨ ᠠᠰᠠᠭᠤᠳᠠᠯ ᠤᠨ ᠰᠠᠨᠠᠭᠤᠯᠭ᠎ᠠ ᠲᠠᠢ

ᠤᠶᠠᠯᠳᠤᠭᠤᠯᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 6 ᠵᠦᠢᠯ ᠢ ᠭᠤᠣᠯᠳᠠᠯᠭ᠎ᠠ ᠲᠠᠢ ᠰᠣᠩᠭᠤᠪᠠ᠃

ᠨᠢᠭᠡ ᠳᠤ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ᠂ ᠬᠤᠳᠠ

ᠪᠠᠯᠭᠠᠰᠤᠨ ᠳᠤ 400 ᠬᠥᠮᠥᠨ ᠳᠤ ᠰᠢᠨ᠎ᠡ ᠪᠠᠷ ᠠᠵᠢᠯ ᠬᠤᠶᠠᠷ ᠲᠤ ᠠᠰᠢᠭᠯᠠᠯᠲᠠ ᠳᠤ ᠣᠷᠣᠭᠤᠯᠬᠤ ᠰᠢᠶᠠᠨ ᠤ

ᠡᠮᠨᠡᠯᠭᠡ ᠶᠢᠨ ᠬᠤᠷᠢᠶᠠᠨ ᠤ ᠬᠡᠦᠬᠡᠳ ᠤᠨ ᠰᠠᠯᠠᠭᠠᠨ ᠤ ᠶᠡᠷᠦᠩᠬᠡᠶᠢᠯᠡᠭᠰᠡᠨ ᠠᠰᠠᠷ ᠢ ᠪᠠᠶᠢᠭᠤᠯᠵᠤ᠂ ᠰᠢᠨ᠎ᠡ ᠪᠠᠷ 150

ᠣᠷᠣ ᠨᠡᠮᠡᠨ᠎ᠡ᠃ ᠭᠤᠷᠪᠠ ᠳᠤ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠠᠶᠤᠯᠭᠦᠢ ᠤᠤᠭᠤᠬᠤ ᠤᠰᠤᠨ ᠤ

ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠨᠢᠭᠡ ᠴᠡᠪᠡᠷ ᠤᠰᠤᠨ ᠤ ᠦᠢᠯᠡᠳᠪᠦᠷᠢ ᠶᠢ ᠰᠢᠨ᠎ᠡ ᠪᠠᠷ

ᠪᠠᠶᠢᠭᠤᠯᠤᠨ᠎ᠠ᠃ ᠳᠥᠷᠪᠡ ᠳᠤ ᠬᠤᠲᠠ ᠪᠠᠯᠭᠠᠰᠤᠨ ᠤ ᠣᠯᠠᠨ ᠨᠡᠶᠢᠲᠡ ᠶᠢᠨ ᠬᠠᠭᠤᠷᠠᠢ ᠵᠣᠷᠯᠣᠩ ᠢ 49 ᠰᠡᠯᠪᠢᠨ

ᠵᠠᠰᠠᠪᠠ᠃ ᠲᠠᠪᠤ ᠳᠤ ᠬᠥᠳᠡᠭᠡ ᠲᠣᠰᠬᠤᠨ ᠤ ᠡᠪᠦᠯ ᠤᠨ ᠤᠯᠠᠷᠢᠯ ᠤᠨ ᠠᠷᠢᠭᠤᠨ ᠴᠡᠪᠡᠷ ᠳᠤᠯᠠᠭᠠᠯᠭ᠎ᠠ ᠶᠢ

ᠲᠦᠷᠭᠡᠪᠴᠢᠯᠡᠨ ᠠᠬᠢᠭᠤᠯᠵᠤ᠂ 1200 ᠡᠷᠦᠬᠡ ᠶᠢᠨ ᠨᠡᠭᠦᠷᠡᠰᠦ ᠶᠢ ᠴᠠᠬᠢᠯᠭᠠᠨ ᠤ ᠦᠢᠯᠡᠰ ᠪᠣᠯᠭᠠᠨ

ᠥᠭᠡᠷᠡᠴᠢᠯᠡᠬᠦ ᠶᠢ ᠬᠡᠷᠡᠭᠵᠢᠭᠦᠯᠪᠡ᠃ ᠵᠢᠷᠭᠤᠭ᠎ᠠ ᠳᠤ᠂ ᠬᠥᠳᠡᠭᠡ ᠲᠣᠰᠬᠤᠨ ᠤ ᠤᠯᠠᠨ ᠲᠦᠮᠡᠨ ᠤ ᠤᠤᠭᠤᠬᠤ

ᠤᠰᠤᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ 4375 ᠡᠷᠦᠬᠡ ᠲᠣᠰᠬᠤᠨ ᠤ ᠠᠷᠠᠳ ᠲᠤ

ᠤᠰᠤᠨ ᠤ ᠴᠢᠨᠠᠷ ᠢ ᠳᠡᠭᠡᠭᠰᠢᠯᠡᠭᠦᠯᠬᠦ ᠲᠥᠬᠦᠭᠡᠷᠦᠮᠵᠢ ᠤᠭᠰᠠᠷᠠᠵᠤ ᠥᠭᠪᠡ᠃

︵ᠨᠠᠢᠮᠠ︶ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠮᠤᠷ ᠲᠦᠪᠰᠢᠨ ᠢ ᠪᠠᠲᠤᠯᠠᠵᠤ᠂ ᠬᠥᠭᠵᠢᠯᠲᠡ ᠶᠢᠨ ᠰᠠᠭᠤᠷᠢ ᠶᠢ

ᠪᠠᠲᠤᠳᠬᠠᠬᠤ ᠳᠡᠭᠡᠷ᠎ᠡ ᠰᠢᠨ᠎ᠡ ᠪᠠᠶᠢᠳᠠᠯ ᠢ ᠡᠭᠦᠳᠦᠨ᠎ᠡ

ᠪᠦᠬᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ

ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ  ᠪᠠᠷ ᠲᠤᠤᠱᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ

ᠬᠢᠨᠠᠮᠠᠭᠠᠢ ᠨᠠᠶᠢᠳᠠᠪᠤᠷᠢᠵᠢᠭᠤᠯᠵᠤ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ

ᠭᠦᠨᠵᠡᠭᠡᠢ ᠣᠶᠢᠯᠠᠭᠠᠵᠤ᠂ ︽ᠳᠣᠯᠣᠭᠠᠨ ᠵᠢᠱᠢᠶᠡᠴᠢ ᠪᠣᠯᠬᠤ︾ ᠱᠠᠭᠠᠷᠳᠠᠯᠭ᠎ᠠ ᠶᠢ ᠡᠷᠡᠰ ᠦᠢᠯᠡᠳᠦᠯᠭᠡᠵᠢᠭᠦᠯᠵᠦ᠂

ᠦᠨᠳᠦᠰᠦᠲᠡᠨ ᠤ ᠪᠦᠯᠬᠦᠮᠳᠡᠯ ᠤᠨ ︽ᠨᠠᠢᠮᠠᠨ ᠳᠠᠪᠰᠢᠯᠲᠠ︾ ᠶᠢᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ︽

ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ

ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠤ ᠦᠢᠯᠡᠰ ᠤᠨ

ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠨᠡᠶᠢᠭᠡᠮ ᠤᠨ ᠲᠣᠭᠲᠠᠭᠤᠨ ᠲᠠᠢ ᠤᠶᠠᠯᠳᠤᠭᠤᠯᠬᠤ ᠪᠠ

ᠠᠭᠤᠰᠤᠯᠴᠠᠭᠤᠯᠬᠤ ᠵᠡᠷᠭᠡ ᠠᠵᠢᠯ ᠳᠤ ᠬᠦᠴᠦ ᠣᠷᠣᠭᠤᠯᠵᠤ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ

ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ

ᠪᠠᠬᠢᠵᠢᠭᠦᠯᠵᠦ᠂ ᠡᠨᠡ ᠬᠦ ᠭᠤᠣᠯ ᠱᠤᠭᠤᠮ ᠢ ᠡᠯ᠎ᠡ ᠵᠦᠢᠯ ᠤᠨ ᠠᠵᠢᠯ ᠤᠨ ᠳᠤᠮᠳᠠ ᠪᠠᠨ ᠨᠡᠩ ᠢᠯᠡ ᠪᠥᠭᠡᠳ

ᠪᠦᠲᠦᠮᠵᠢᠲᠡᠶ ᠪᠠᠷ ᠲᠤᠭᠤᠰᠢᠯᠠᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ

ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠬᠤ ᠬᠡᠷᠡᠭᠲᠡᠢ᠃

ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ

ᠴᠢᠩᠭ᠎ᠠ ᠠᠳᠬᠤᠪᠠ᠃ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ

ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠵᠠᠰᠠᠭ ᠤᠨ ᠣᠷᠳᠣᠨ ᠤ ᠥᠷᠢ ᠥᠭᠴᠡᠭᠡ ᠶᠢᠨ

ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢᠨ ᠨᠡᠮᠡᠭᠳᠡᠯ ᠢ ᠡᠷᠡᠰ

ᠬᠤᠷᠢᠭᠯᠠᠵᠤ᠂ ᠦᠯᠡᠳᠡᠭᠡᠯ ᠬᠡᠮᠵᠢᠶ᠎ᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠰᠢᠢᠳᠪᠦᠷᠢᠯᠡᠵᠦ᠂ ᠵᠠᠰᠠᠭ ᠤᠨ

ᠣᠷᠳᠣᠨ ᠤ ᠴᠢᠨᠠᠷᠲᠠᠢ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠥᠬᠦ ᠬᠦᠴᠦᠨ ᠢᠶᠠᠷ ᠪᠡᠶᠡᠯᠡᠭᠦᠯᠦᠨ᠎ᠡ᠃

ᠡᠷᠡᠭᠦᠯ ᠪᠤᠰᠤ ᠵᠢᠭᠡᠯᠡᠯᠭᠡ ᠶᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠪᠤᠰᠤ ᠮᠥᠩᠭᠦᠨ

ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ

ᠪᠠᠩᠬᠢ ᠶᠢᠨ ᠦᠢᠯᠡᠰ ᠤᠨ ᠪᠠᠶᠢᠭᠤᠯᠤᠮᠵᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠢᠯᠭᠠᠷᠠᠭᠤᠯᠤᠨ ᠬᠤᠷᠢᠶᠠᠵᠤ

ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ

ᠠᠮᠤᠷ ᠲᠦᠪᠰᠢᠨ ᠢ ᠬᠠᠮᠠᠭᠠᠯᠠᠨ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ

ᠡᠷᠡᠰ ᠰᠠᠬᠢᠨ᠎ᠠ᠃ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠠᠮᠢᠨ ᠰᠤᠳᠠᠰᠤ ᠶᠢ ᠪᠠᠲᠤ ᠰᠠᠬᠢᠵᠤ᠂ ᠲᠠᠪᠤᠳᠤᠭᠠᠷ

ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠢ

ᠥᠷᠨᠢᠭᠦᠯᠪᠡ᠃

ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠢᠮᠠᠭᠲᠠ ᠰᠢᠨᠲᠠᠷᠠᠰᠢ ᠦᠭᠡᠢ ᠴᠢᠩᠭ᠎ᠠ ᠠᠳᠬᠤᠨ᠎ᠠ᠃ ᠠᠶᠤᠯ

ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ︽ᠬᠤᠶᠠᠷ ᠢ ᠪᠠᠷᠢᠮᠲᠠᠯᠠᠬᠤ

︾ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ᠂ ᠠᠶᠤᠯ ᠦᠭᠡᠢ ᠦᠢᠯᠡᠳᠪᠦᠷᠢᠯᠡᠯ᠂ ᠢᠳᠡᠭᠡᠨ ᠪᠠ ᠡᠮ ᠤᠨ

ᠵᠦᠢᠯ ᠤᠨ ᠠᠮᠤᠷ ᠲᠦᠪᠰᠢᠨ ᠪᠠ ᠭᠠᠯ ᠤᠨᠲᠠᠷᠠᠭᠠᠬᠤ ᠠᠮᠤᠷ ᠲᠦᠪᠰᠢᠨ ᠢ ᠰᠠᠶᠢᠲᠤᠷ ᠠᠳᠬᠤᠵᠤ᠂ ᠭᠠᠯ

ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠰᠢᠨ᠎ᠡ ᠬᠤᠸᠠᠷᠠᠨ ᠤ ᠪᠦᠲᠦᠭᠡᠨ ᠪᠠᠶᠢᠭᠤᠯᠤᠯᠲᠠ ᠶᠢᠨ

ᠲᠥᠷᠥᠯ ᠵᠦᠢᠯ ᠢ ᠬᠡᠷᠡᠭᠵᠢᠭᠦᠯᠦᠨ᠂ ᠲᠤᠰᠬᠠᠶᠢᠵᠢᠭᠰᠠᠨ᠂ ᠪᠣᠳᠠᠲᠤ ᠪᠠᠶᠢᠯᠳᠤᠭᠠᠨᠴᠢᠯᠠᠭᠰᠠᠨ ᠪᠠᠴᠢᠮ ᠪᠠᠶᠢᠳᠠᠯ ᠢ

ᠠᠷᠭᠠᠴᠠᠵᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠬᠦᠨᠳᠦ ᠶᠡᠭᠡ ᠣᠨᠴᠠ ᠶᠡᠭᠡ

ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠨ ᠵᠣᠭᠰᠣᠭᠠᠵᠤ᠂ ᠠᠳᠡᠯ ᠭᠠᠷᠬᠤ

ᠲᠤᠭ᠎ᠠ᠂ ᠦᠬᠦᠭᠰᠡᠨ ᠬᠥᠮᠥᠨ ᠤ ᠲᠤᠭ᠎ᠠ ᠶᠢ ᠴᠥᠮ ᠪᠠᠭᠤᠷᠠᠭᠤᠯᠬᠤ ᠶᠢ ᠪᠡᠶᠡᠯᠡᠭᠦᠯᠦᠨ᠎ᠡ᠃ ᠦᠶᠡᠷ ᠢ ᠰᠡᠷᠭᠡᠶᠢᠯᠡᠨ

ᠭᠠᠩ ᠲᠠᠢ ᠲᠡᠮᠡᠴᠡᠬᠦ᠂ ᠤᠢ ᠰᠢᠭᠤᠢ ᠨᠤᠲᠤᠭ ᠪᠡᠯᠴᠢᠭᠡᠷ ᠢ ᠰᠡᠷᠭᠡᠶᠢᠯᠡᠨ ᠭᠠᠯ ᠤᠨᠲᠠᠷᠠᠭᠠᠬᠤ᠂ ᠭᠠᠵᠠᠷ ᠬᠥᠳᠡᠯᠦᠯᠲᠡ

ᠵᠢᠴᠢ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂

ᠪᠠᠶᠢᠭᠠᠯᠢ ᠶᠢᠨ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ

ᠬᠡᠷᠡᠭᠵᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠶᠢ

ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃

ᠨᠡᠶᠢᠭᠡᠮ ᠤᠨ ᠵᠠᠰᠠᠯᠲᠠ ᠶᠢ ᠤᠷᠲᠤ ᠬᠤᠭᠤᠴᠠᠭ᠎ᠠ ᠪᠠᠷ ᠴᠢᠩᠭᠠᠳᠬᠠᠬᠤ ᠶᠢ ᠪᠠᠷᠢᠮᠲᠠᠯᠠᠪᠠ᠃ ︽ᠠᠮᠤᠷ ᠠᠮᠤᠭᠤᠯᠠᠩ

ᠶᠣᠰᠣ ᠰᠤᠷᠲᠠᠬᠤᠨ︾ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ

ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ

ᠲᠣᠭᠤᠷᠢᠨ ᠢ ᠪᠣᠶ ᠪᠣᠯᠭᠠᠨ᠎ᠠ᠃ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠢᠨᠵᠧᠨᠧᠷᠢᠩ ᠢ

ᠭᠦᠨᠵᠡᠭᠡᠢ ᠬᠡᠷᠡᠭᠵᠢᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠤᠨ᠎ᠠ᠃

︽ᠨᠠᠢᠮᠠᠳᠤᠭᠠᠷ ᠲᠠᠪᠤᠨ ᠵᠢᠯ︾  ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢ ᠨᠠᠷᠢᠨ ᠬᠢᠨᠠᠮᠠᠭᠠᠢ

ᠥᠷᠨᠢᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ

ᠯᠠᠪᠳᠠᠭᠤᠨ ᠪᠠᠲᠤᠲᠠᠢ ᠠᠬᠢᠭᠤᠯᠤᠨ᠎ᠠ᠃ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠳᠦᠷᠢᠮ ᠪᠠ ᠠᠩᠬ᠎ᠠ

ᠰᠢᠢᠳᠪᠦᠷᠢᠯᠡᠬᠦ ᠬᠠᠷᠢᠭᠤᠴᠠᠯᠭ᠎ᠠ ᠶᠢᠨ ᠳᠦᠷᠢᠮ ᠢ ᠭᠦᠨᠵᠡᠭᠡᠢ ᠲᠦᠯᠬᠢᠨ ᠠᠬᠢᠭᠤᠯᠵᠤ᠂ ︽ᠵᠠᠭᠠᠯᠳᠤᠯᠭ᠎ᠠ ᠶᠢ ᠬᠦᠯᠢᠶᠡᠨ

ᠠᠪᠤᠪᠠᠯ ᠳᠠᠷᠤᠢ ᠰᠢᠢᠳᠪᠦᠷᠢᠯᠡᠬᠦ︾ ᠠᠵᠢᠯ ᠤᠨ ᠵᠠᠭᠪᠤᠷ ᠢ ᠴᠢᠩᠭᠠᠷᠠᠭᠤᠯᠵᠤ᠂ ᠳᠠᠪᠬᠤᠷᠳᠠᠭᠰᠠᠨ ᠵᠠᠬᠢᠳᠠᠯ

ᠰᠣᠷᠪᠤᠯᠵᠢᠯᠠᠭ᠎ᠠ ᠶᠢ ᠵᠠᠰᠠᠬᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠠᠵᠢᠯ ᠤᠨ

ᠪᠠᠶᠢᠩᠭᠤ ᠶᠢᠨ ᠪᠠ ᠤᠷᠳᠤ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠬᠦᠴᠦᠯᠡᠨ ᠲᠦᠯᠬᠢᠨ ᠠᠬᠢᠭᠤᠯᠵᠤ᠂

ᠪᠡᠭᠡᠵᠢᠩ ᠣᠷᠣᠨ ᠳᠤ ᠣᠴᠢᠬᠤ ᠦᠭᠡᠢ ᠪᠠᠷ ᠱᠠᠲᠤ ᠠᠯᠤᠰᠯᠠᠨ ᠰᠤᠷᠪᠤᠯᠵᠢᠯᠠᠬᠤ ᠬᠠᠷᠠᠯᠲᠠ ᠶᠢ ᠴᠢᠷᠮᠠᠶᠢᠨ

ᠪᠡᠶᠡᠯᠡᠭᠦᠯᠵᠦ᠂ ᠪᠦᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ

ᠴᠢᠷᠮᠠᠶᠢᠨ ᠪᠤᠢ ᠪᠣᠯᠭᠠᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠱᠤᠭᠤᠮ ᠤᠨ

ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂

ᠠᠰᠢᠭ ᠲᠤᠰᠠ ᠪᠠᠨ ᠵᠣᠬᠢᠴᠠᠭᠤᠯᠬᠤ᠂ ᠡᠷᠬᠡ ᠠᠰᠢᠭ ᠢᠶᠠᠨ ᠪᠠᠲᠤᠯᠠᠬᠤ ᠠᠷᠭ᠎ᠠ ᠵᠠᠮ ᠢ ᠰᠢᠯᠤᠭᠤᠳᠬᠠᠨ᠎ᠠ᠃ ︽ᠬᠤᠶᠠᠷ

ᠮᠥᠩᠭᠦ ᠭᠤᠷᠪᠠᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠪᠠ ᠬᠠᠤᠯᠢ

ᠬᠡᠷᠡᠭᠵᠢᠭᠦᠯᠦᠯᠲᠡ ᠶᠢ ᠴᠢᠩᠭᠠᠳᠬᠠᠨ᠂ ᠬᠥᠯᠥᠰᠦᠨ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ

ᠥᠭᠬᠦ ᠶᠢ ᠪᠠᠲᠤᠯᠠᠵᠤ᠂ ᠬᠥᠯᠥᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃

ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠴᠢᠬᠤᠯᠠᠴᠢᠯᠠᠨ ᠰᠠᠶᠢᠲᠤᠷ ᠬᠢᠵᠦ᠂ ᠨᠡᠶᠢᠭᠡᠮ ᠤᠨ ᠠᠵᠢᠯᠴᠢᠨ ᠪᠠ

ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠨᠡᠶᠢᠭᠡᠮ ᠤᠨ ᠬᠦᠴᠦᠨ ᠤ ᠦᠢᠯᠡᠳᠦᠯ ᠢ ᠪᠠᠳᠠᠷᠠᠭᠤᠯᠵᠤ᠂ ᠡᠮᠡᠭᠲᠡᠶᠢᠴᠦᠳ᠂

ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠵᠤ᠂

ᠴᠡᠷᠢᠭ ᠢ ᠰᠢᠯᠢᠳᠡᠭᠵᠢᠭᠦᠯᠬᠦ ᠦᠢᠯᠡᠴᠢᠯᠡᠭᠡ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃

ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠪᠣᠭᠤᠮᠲᠠ ᠶᠢᠨ ᠠᠵᠢᠯ ᠤᠨ ᠵᠥᠪᠯᠡᠯ᠂ ᠠᠵᠤ

ᠦᠢᠯᠡᠳᠪᠦᠷᠢ ᠬᠤᠳᠠᠯᠳᠤᠭ᠎ᠠ ᠶᠢᠨ ᠬᠤᠯᠪᠣᠭ᠎ᠠ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂

ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ

ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ ᠵᠣᠬᠢᠶᠠᠨ ᠪᠠᠶᠢᠭᠤᠯᠤᠯᠲᠠ ᠶᠢᠨ ᠬᠥᠭᠦᠷᠭᠡ

ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠲᠤᠭ᠎ᠠ ᠪᠦᠷᠢᠳᠬᠡᠯ᠂ ᠠᠷᠠᠳ ᠤᠨ ᠠᠭᠠᠷ ᠤᠨ

ᠰᠡᠷᠭᠡᠶᠢᠯᠡᠯᠲᠡ᠂ ᠴᠠᠭ ᠠᠭᠤᠷ᠂ ᠲᠠᠩᠰᠠ ᠡᠪᠬᠡᠮᠡᠯ ᠵᠡᠷᠭᠡ ᠠᠵᠢᠯ ᠢ ᠬᠢᠨᠠᠮᠠᠭᠠᠢ ᠰᠠᠶᠢᠲᠤᠷ ᠬᠢᠵᠦ᠂ ᠡᠯ᠎ᠡ ᠵᠦᠢᠯ ᠤᠨ

ᠨᠡᠶᠢᠭᠡᠮ ᠤᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃

ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ

ᠲᠡᠮᠦᠷ ᠢ ᠳᠠᠪᠲᠠᠬᠤ ᠳᠤ ᠡᠷᠬᠡᠪᠰᠢ ᠥᠪᠡᠷ ᠢᠶᠠᠨ ᠬᠠᠲᠠᠭᠤ ᠪᠠᠶᠢᠬᠤ ᠬᠡᠷᠡᠭᠲᠡᠢ᠂ ᠳᠠᠷᠪᠠᠭᠤᠯ ᠬᠡᠶᠢᠰᠬᠡᠨ ᠳᠠᠪᠠᠯᠭᠠᠨ ᠢ

ᠵᠦᠰᠦᠨ ᠤᠷᠤᠭᠰᠢᠯᠠᠬᠤ ᠳᠤ ᠪᠡᠯᠡᠬᠡᠨ ᠪᠠᠶᠢᠬᠤ ᠬᠡᠷᠡᠭᠲᠡᠢ︕ ᠡᠨᠡ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ

ᠬᠢᠬᠦ ᠳᠤ ᠡᠷᠬᠡᠪᠰᠢ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠰᠢᠶᠠᠨ ᠤ

ᠵᠠᠰᠠᠭ ᠤᠨ ᠣᠷᠳᠣᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠶᠠᠨ ᠤ ᠨᠠᠮ ᠤᠨ

ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠᠨ ᠦᠷᠭᠦᠯᠵᠢᠯᠡᠨ

ᠳᠡᠭᠡᠭᠰᠢᠯᠡᠭᠦᠯᠵᠦ᠂ ᠠᠷᠢᠭᠤᠨ ᠴᠢᠬᠡᠴᠢ ᠬᠠᠤᠯᠢᠵᠢᠯ ᠤᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ

ᠲᠦᠷᠭᠡᠨ ᠪᠠᠶᠢᠭᠤᠯᠤᠨ᠎ᠠ᠃

ᠤᠯᠤᠰ ᠲᠦᠷᠦ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ

ᠲᠡᠷᠢᠭᠦᠨ ᠪᠠᠶᠢᠷᠢᠨ ᠳᠤ ᠲᠠᠯᠪᠢᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠢ ᠪᠠᠬᠢᠵᠢᠭᠦᠯᠵᠦ

᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ

ᠰᠠᠨᠠᠭ᠎ᠠ ᠶᠢ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠤᠨ᠂ ᠡᠷᠡᠰ ᠰᠢᠭᠤᠷᠬᠠᠢ ᠪᠠᠷ ︽ᠬᠤᠶᠠᠷ ᠢ ᠲᠣᠭᠲᠠᠭᠠᠬᠤ︾

 ᠶᠢᠨ ᠦᠨᠡᠨᠴᠢ ᠰᠢᠳᠤᠷᠭᠤ ᠬᠦᠷᠢᠶᠡᠯᠡᠭᠴᠢ᠂ ︽ᠬᠤᠶᠠᠷ ᠢ ᠬᠠᠮᠠᠭᠠᠯᠠᠬᠤ︾ ᠶᠢᠨ ᠵᠢᠱᠢᠶ᠎ᠡ ᠦᠵᠡᠭᠦᠯᠦᠨ

ᠳᠠᠭᠠᠭᠤᠯᠤᠭᠴᠢ ᠪᠣᠯᠬᠤ ᠬᠡᠷᠡᠭᠲᠡᠢ᠃ ᠤᠬᠠᠮᠰᠠᠷ ᠠᠴᠠ ᠪᠠᠨ ᠪᠦᠬᠦ ᠰᠢᠶᠠᠨ ᠤ ᠠᠵᠢᠯ ᠢ ᠬᠥᠭᠵᠢᠯᠲᠡ ᠶᠢᠨ ᠶᠡᠭᠡ

ᠲᠠᠯ᠎ᠠ ᠳᠤ ᠲᠠᠯᠪᠢᠨ ᠬᠢᠨᠠᠨ ᠰᠢᠨᠵᠢᠵᠦ᠂ ᠠᠷᠭ᠎ᠠ ᠰᠦᠪᠡᠭᠴᠢᠯᠡᠵᠦ᠂ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠲᠥᠪ᠂

ᠥᠪᠡᠷᠲᠡᠭᠡᠨ ᠵᠠᠰᠠᠬᠤ ᠣᠷᠣᠨ᠂ ᠬᠤᠳᠠ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ

ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ᠂

ᠪᠣᠳᠠᠲᠠᠢ ᠳᠤ ᠨᠠᠶᠢᠳᠠᠪᠤᠷᠢᠵᠢᠭᠤᠯᠤᠭᠳᠠᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃

ᠬᠠᠤᠯᠢ ᠪᠠᠷ ᠵᠠᠰᠠᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠪᠠ᠃ ᠬᠠᠤᠯᠢ ᠪᠠᠷ ᠵᠠᠰᠠᠬᠤ

ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠵᠢᠯ ᠢᠶᠠᠨ ᠲᠦᠯᠬᠢᠨ ᠠᠬᠢᠭᠤᠯᠬᠤ ᠶᠢ ᠪᠠᠷᠢᠮᠲᠠᠯᠠᠵᠤ᠂

ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠪᠠᠷ ᠲᠣᠭᠲᠠᠭᠠᠭᠰᠠᠨ ᠵᠢᠷᠤᠮ ᠢ

ᠨᠠᠶᠢᠳᠠᠪᠤᠷᠢᠵᠢᠭᠤᠯᠤᠨ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠵᠤ᠂ ᠡᠷᠬᠡ ᠶᠢ

ᠢᠮᠠᠭᠲᠠ ᠬᠠᠤᠯᠢ ᠪᠠᠷ ᠵᠠᠰᠠᠬᠤ ᠵᠠᠮ ᠢᠶᠠᠷ ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ᠃ ᠰᠢᠶᠠᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠶᠣᠰᠣᠨ ᠤ ᠬᠢᠨᠠᠯᠲᠠ᠂

ᠠᠵᠢᠯ ᠤᠨ ᠬᠢᠨᠠᠯᠲᠠ ᠪᠠ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ

ᠤᠬᠠᠮᠰᠠᠷ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ

ᠬᠤᠯᠪᠣᠭ᠎ᠠ ᠪᠠ ᠨᠠᠮ ᠪᠦᠯᠦᠭ ᠤᠨ ᠪᠤᠰᠤ ᠬᠥᠮᠥᠰ ᠤᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠴᠤ᠂ ᠬᠠᠤᠯᠢ

ᠪᠠᠷᠢᠬᠤ᠂ ᠬᠢᠨᠠᠨ ᠪᠠᠶᠢᠴᠠᠭᠠᠬᠤ᠂ ᠬᠢᠨᠠᠨ ᠪᠤᠳᠤᠬᠤ᠂ ᠪᠦᠷᠢᠳᠬᠡᠬᠦ ᠬᠢᠨᠠᠯᠲᠠ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡ ᠪᠠ

ᠤᠯᠠᠨ ᠲᠦᠮᠡᠨ ᠤ ᠬᠢᠨᠠᠯᠲᠠ ᠶᠢ ᠥᠷᠭᠡᠨ ᠢᠶᠠᠷ ᠬᠦᠯᠢᠶᠡᠵᠦ᠂ ᠡᠷᠬᠡ ᠶᠢᠨ ᠠᠵᠢᠯᠯᠠᠭ᠎ᠠ ᠶᠢ ᠢᠯᠡ ᠪᠠᠷ ᠶᠠᠪᠤᠭᠳᠠᠭᠤᠯᠤᠨ᠎ᠠ᠃

ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ

ᠶᠡᠬᠡᠪᠡᠷ ᠪᠠᠳᠠᠷᠠᠭᠤᠯᠵᠤ᠂ ᠠᠷᠭ᠎ᠠ ᠪᠣᠳᠣᠯᠭ᠎ᠠ ᠶᠢ ᠤᠯᠠᠨ ᠲᠦᠮᠡᠨ ᠠᠴᠠ ᠠᠰᠠᠭᠤᠵᠤ᠂ ᠦᠢᠯᠡᠳᠦᠯᠭᠡ ᠠᠴᠠ ᠠᠰᠠᠭᠤᠵᠤ᠂

ᠦᠷ᠎ᠡ ᠪᠦᠲᠦᠭᠡᠯ ᠤᠨ ᠤᠬᠠᠮᠰᠠᠷ᠂ ᠳᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ ᠢᠶᠠᠨ

ᠳᠡᠭᠡᠭᠰᠢᠯᠡᠭᠦᠯᠵᠦ᠂ ᠪᠣᠳᠠᠲᠠᠢ ᠶᠢ ᠲᠡᠷᠢᠭᠦᠨ ᠳᠤ ᠲᠠᠯᠪᠢᠬᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠠᠵᠢᠯ

ᠬᠢᠬᠦ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠭᠤᠣᠯ ᠭᠦᠢᠴᠡᠳᠬᠡᠬᠦ ᠲᠤᠭ᠎ᠠ᠂ ᠭᠤᠣᠯᠳᠠᠯᠭ᠎ᠠ ᠲᠠᠢ

ᠠᠵᠢᠯ ᠤᠨ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃

ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ︽ᠠᠷᠪᠢᠯᠠᠨ ᠭᠠᠮᠨᠠᠬᠤ︾ ᠱᠠᠭᠠᠷᠳᠠᠯᠭ᠎ᠠ ᠶᠢ

ᠨᠠᠶᠢᠳᠠᠪᠤᠷᠢᠵᠢᠭᠤᠯᠤᠨ᠂ ᠵᠣᠭᠤᠰ ᠨᠢᠭᠡᠪᠦᠷᠢ ᠶᠢ ᠴᠥᠮ ︽ᠵᠠᠩᠭᠢᠯᠠᠭ᠎ᠠ ᠶᠢᠨ ᠭᠠᠵᠠᠷ︾ ᠲᠤ ᠬᠡᠷᠡᠭᠯᠡᠬᠦ ᠬᠡᠷᠡᠭᠲᠡᠢ᠃

ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠨᠠᠮ ᠢ ᠪᠦᠬᠦ

ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠨᠠᠮ ᠤᠨ ᠰᠤᠷᠲᠠᠯ ᠤᠨ ᠪᠠ ᠠᠷᠢᠭᠤᠨ

ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠭᠦᠢᠴᠡᠳᠬᠡᠵᠦ᠂ ᠲᠥᠪ

ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ

ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠰᠠᠯᠠᠭ᠎ᠠ ᠮᠥᠴᠢᠷ᠂ ᠵᠠᠩᠭᠢᠯᠠᠭ᠎ᠠ ᠶᠢᠨ

ᠠᠵᠢᠯ ᠤᠨ ᠪᠠᠶᠢᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ

ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ

ᠢᠯᠵᠠᠷᠠᠯ ᠢ ᠡᠰᠡᠷᠭᠦᠴᠡᠬᠦ ᠶᠢ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃ ᠬᠠᠷᠢᠭᠤᠴᠠᠯᠭ᠎ᠠ ᠶᠢ ᠨᠡᠬᠡᠮᠵᠢᠯᠡᠬᠦ᠂ ᠵᠥᠪ

ᠴᠢᠭᠯᠡᠯ ᠢᠶᠠᠷ ᠤᠷᠮᠠᠰᠢᠭᠤᠯᠬᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ

ᠵᠡᠷᠭᠡ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾

 ᠤ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ︽ᠲᠤᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂

ᠰᠢᠯᠢᠳᠡᠭ ᠰᠤᠷᠲᠠᠯ ᠠᠷᠢᠭᠤᠨ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠳᠠ ᠦᠭᠡᠢ

ᠪᠤᠢ ᠪᠣᠯᠭᠠᠨ᠎ᠠ᠃

ᠲᠥᠯᠥᠭᠡᠯᠡᠭᠴᠢᠳ ᠠ᠋! ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ

ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ

ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾  ᠢᠶᠠᠨ ᠴᠢᠩᠭᠠᠳᠬᠠᠵᠤ᠂ ︽ᠲᠦᠷᠪᠡᠨ ᠢᠲᠡᠭᠡᠯ︾

 ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ

ᠵᠠᠰᠠᠭ ᠤᠨ ᠣᠷᠳᠣᠨ ᠵᠢᠴᠢ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠯᠥᠭᠡ

ᠦᠳᠡᠰᠢ ᠶᠢ ᠲᠡᠮᠡᠴᠡᠬᠦ ᠡᠷᠴᠢ ᠵᠣᠷᠢᠭ᠂ ᠲᠤᠰᠤᠯ ᠤᠰᠤ ᠴᠢᠯᠠᠭᠤ ᠶᠢ ᠴᠤᠭᠤᠯᠬᠤ ᠡᠷᠴᠢ ᠵᠣᠷᠢᠭ᠂ ᠥᠭᠡᠷᠡᠴᠢᠯᠡᠯᠲᠡ

ᠬᠢᠵᠦ ᠰᠢᠨ᠎ᠡ ᠶᠢ ᠡᠭᠦᠳᠬᠦ ᠡᠷᠴᠢ ᠵᠣᠷᠢᠭ ᠢᠶᠠᠷ ᠰᠢᠨ᠎ᠡ ᠴᠠᠭ ᠦᠶ᠎ᠡ ᠶᠢᠨ ᠶᠣᠰᠣ ᠰᠤᠷᠲᠠᠬᠤᠨ ᠤ ᠴᠢᠨᠠᠷ ᠰᠠᠶᠢᠲᠠᠢ

ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕

ᠨᠡᠷ᠎ᠡ ᠦᠭᠡ ᠶᠢᠨ ᠲᠠᠶᠢᠯᠪᠤᠷᠢ

1. ︽ᠬᠤᠶᠠᠷ ᠶᠡᠭᠡ ᠶᠠᠪᠤᠳᠠᠯ︾᠄ ᠨᠢᠭᠡ ᠨᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ

ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠥᠪᠥᠷ ᠮᠣᠩᠭᠤᠯ ᠢ ᠮᠠᠨ ᠤ ᠤᠯᠤᠰ ᠤᠨ

ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ

ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ

ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ

ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ

ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠤᠨ᠎ᠠ᠃ ᠨᠦᠭᠦᠭᠡ ᠨᠢ ︽ᠵᠢᠱᠢᠶᠡᠴᠢ ᠥᠪᠡᠷᠲᠡᠭᠡᠨ ᠵᠠᠰᠠᠬᠤ

ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃

2. ︽ᠳᠥᠷᠪᠡ ᠶᠢ ᠠᠪᠴᠤ ᠬᠠᠶᠠᠬᠤ ᠦᠭᠡᠢ︾᠄ ᠮᠠᠯᠠᠭᠠᠢ ᠶᠢ ᠨᠢ ᠠᠪᠴᠤ ᠬᠠᠶᠠᠬᠤ ᠦᠭᠡᠢ ᠪᠣᠯ

ᠬᠠᠷᠢᠭᠤᠴᠠᠯᠭ᠎ᠠ ᠶᠢ ᠨᠢ ᠠᠪᠴᠤ ᠬᠠᠶᠠᠬᠤ ᠦᠭᠡᠢ᠂ ᠮᠠᠯᠠᠭᠠᠢ ᠶᠢ ᠨᠢ ᠠᠪᠴᠤ ᠬᠠᠶᠠᠬᠤ ᠦᠭᠡᠢ ᠪᠣᠯ ᠲᠥᠷᠥ ᠶᠢᠨ

ᠪᠣᠳᠣᠯᠭ᠎ᠠ ᠶᠢ ᠠᠪᠴᠤ ᠬᠠᠶᠠᠬᠤ ᠦᠭᠡᠢ᠂ ᠮᠠᠯᠠᠭᠠᠢ ᠶᠢ ᠨᠢ ᠠᠪᠴᠤ ᠬᠠᠶᠠᠬᠤ ᠦᠭᠡᠢ ᠪᠣᠯ ᠬᠠᠪᠰᠤᠷᠤᠨ ᠲᠡᠳᠬᠦᠬᠦ

ᠦᠭᠡᠢ᠂ ᠮᠠᠯᠠᠭᠠᠢ ᠶᠢ ᠨᠢ ᠠᠪᠴᠤ ᠬᠠᠶᠠᠬᠤ ᠦᠭᠡᠢ ᠪᠣᠯ ᠬᠢᠨᠠᠯᠲᠠ ᠬᠠᠮᠢᠶᠠᠷᠤᠯᠲᠠ ᠶᠢ ᠠᠪᠴᠤ ᠬᠠᠶᠠᠬᠤ ᠦᠭᠡᠢ᠃

3. ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾᠄ ︽ᠬᠤᠶᠠᠷ ᠲᠤ ᠵᠣᠪᠠᠭ᠋ᠤ ᠦᠭᠡᠢ︾ ᠭᠡᠳᠡᠭ ᠨᠢ

ᠳᠠᠷᠤᠢ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠢᠳᠡᠬᠦ ᠳᠡᠭᠡᠨ ᠵᠣᠪᠠᠭ᠋ᠤ ᠦᠭᠡᠢ᠂

ᠡᠮᠦᠰᠬᠦ ᠳᠡᠭᠡᠨ ᠵᠣᠪᠠᠭ᠋ᠤ ᠦᠭᠡᠢ ᠪᠠᠶᠢᠬᠤ ᠶᠢ ᠲᠣᠭᠲᠠᠭᠤᠨ ᠢᠶᠠᠷ ᠪᠡᠶᠡᠯᠡᠭᠦᠯᠬᠦ ᠶᠠᠪᠤᠳᠠᠯ ᠪᠣᠯᠣᠨ᠎ᠠ︔ ︽ᠭᠤᠷᠪᠠ ᠶᠢ

ᠪᠠᠲᠤᠯᠠᠬᠤ︾ ᠭᠡᠳᠡᠭ ᠨᠢ ᠳᠠᠷᠤᠢ ᠲᠡᠭᠦᠨ ᠤ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ ᠪᠠ

ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠶᠢ ᠬᠡᠯᠡᠵᠦ ᠪᠠᠶᠢᠨ᠎ᠠ᠃

4. ︽ᠬᠤᠶᠠᠷ ᠢ ᠥᠨᠳᠥᠷ ᠪᠠᠶᠢᠯᠭᠠᠬᠤ︾᠄ ᠶᠠᠳᠠᠭᠤ   ᠠᠴᠠ ᠠᠩᠭᠢᠵᠢᠷᠠᠭᠤᠯᠤᠭᠰᠠᠨ ᠣᠯᠠᠨ ᠲᠦᠮᠡᠨ ᠤ

ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠲᠤᠬᠠᠢ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠶᠢᠨ

ᠨᠡᠮᠡᠭᠳᠡᠯ ᠤᠨ ᠬᠤᠷᠳᠤᠴᠠ   ᠠᠴᠠ ᠥᠨᠳᠥᠷ ᠪᠠᠶᠢᠵᠤ᠂ ᠶᠠᠳᠠᠭᠤ   ᠠᠴᠠ ᠠᠩᠭᠢᠵᠢᠷᠠᠭᠤᠯᠤᠭᠰᠠᠨ ᠭᠠᠵᠠᠷ ᠣᠷᠣᠨ ᠤ

ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠪᠥᠬᠦ

5. ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾᠄ ᠰᠠᠯᠠᠭ᠎ᠠ ᠮᠥᠴᠢᠷ ᠤᠨ ᠵᠥᠪᠰᠢᠶᠡᠷᠡᠬᠦ

ᠡᠭᠦᠷᠭᠡ ᠴᠢᠳᠠᠪᠤᠷᠢ ᠶᠢ ᠨᠢᠭᠡ ᠰᠠᠯᠠᠭ᠎ᠠ ᠲᠠᠰᠤᠭ ᠲᠤ ᠲᠥᠪᠯᠡᠷᠡᠭᠦᠯᠵᠦ᠂ ᠬᠢᠨᠠᠨ ᠵᠥᠪᠰᠢᠶᠡᠷᠡᠬᠦ ᠰᠠᠯᠠᠭ᠎ᠠ ᠲᠠᠰᠤᠭ ᠢ

ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠲᠥᠪᠯᠡᠷᠡᠭᠦᠯᠵᠦ᠂ ᠬᠢᠨᠠᠨ ᠵᠥᠪᠰᠢᠶᠡᠷᠡᠬᠦ ᠵᠦᠢᠯᠡᠰ ᠢ ᠰᠦᠯᠵᠢᠶᠡᠨ

ᠳᠡᠭᠡᠷ᠎ᠡ ᠭᠦᠢᠴᠡᠳᠬᠡᠬᠦ ᠶᠢ ᠲᠥᠪᠯᠡᠷᠡᠭᠦᠯᠦᠨ᠂ ᠤᠴᠢᠷ ᠶᠠᠪᠤᠳᠠᠯ ᠤᠨ ᠶᠡᠭᠡ ᠲᠢᠩᠬᠢᠮ ᠳᠤ ᠣᠷᠣᠵᠤ ᠰᠠᠭᠤᠬᠤ᠂ ᠬᠢᠨᠠᠨ

ᠵᠥᠪᠰᠢᠶᠡᠷᠡᠬᠦ ᠡᠷᠬᠡ ᠣᠯᠭᠤᠬᠤ ᠴᠣᠩᠬᠤ ᠶᠢ ᠪᠣᠳᠠᠲᠠᠶᠢᠵᠢᠭᠤᠯᠬᠤ᠂ ᠡᠯᠧᠺᠲᠷᠣᠨ ᠢᠶᠠᠷ ᠬᠢᠨᠠᠨ ᠪᠠᠶᠢᠴᠠᠭᠠᠬᠤ ᠶᠢ

ᠪᠣᠳᠠᠲᠠᠶᠢᠵᠢᠭᠤᠯᠬᠤ ᠶᠢ ᠪᠡᠶᠡᠯᠡᠭᠦᠯᠦᠨ᠎ᠡ᠃

6. ︽ᠳᠠᠭᠠᠳᠬᠠᠯ ᠳᠤ ᠲᠤᠰᠠᠯᠠᠬᠤ ᠵᠢᠭᠡᠯᠡᠯᠭᠡ︾᠄ ᠣᠷᠣᠨ ᠨᠤᠲᠤᠭ ᠤᠨ ᠵᠠᠰᠠᠭ ᠤᠨ ᠣᠷᠳᠣᠨ ᠪᠠ ᠪᠠᠩᠬᠢ   ᠠᠴᠠ

ᠬᠠᠮᠲᠤᠪᠠᠷ ᠠᠵᠤ ᠠᠬᠤᠶᠢᠯᠠᠯ ᠢ ᠰᠢᠯᠢᠨ ᠰᠣᠩᠭᠤᠵᠤ ︽ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠠᠲᠠᠭᠠᠯ︾

 ᠢ ᠪᠦᠷᠢᠯᠳᠦᠭᠦᠯᠵᠦ᠂ ᠵᠠᠰᠠᠭ ᠤᠨ ᠣᠷᠳᠣᠨ ᠤ ᠬᠠᠩᠭᠠᠭᠰᠠᠨ ᠲᠦᠭᠰᠢᠭᠦᠷᠢ ᠶᠢᠨ ᠨᠥᠬᠦᠪᠦᠷᠢ ᠪᠡᠯᠡ ᠮᠥᠩᠭᠦ ᠪᠠ ᠠᠵᠤ

ᠠᠬᠤᠶᠢᠯᠠᠯ ᠤᠨ ᠲᠤᠰᠢᠶᠠᠭᠰᠠᠨ ᠳᠠᠭᠠᠳᠬᠠᠯ ᠳᠤ ᠲᠤᠰᠠᠯᠠᠬᠤ ᠮᠥᠩᠭᠦ ᠬᠠᠮᠲᠤᠪᠠᠷ ︽ᠳᠠᠭᠠᠳᠬᠠᠯ ᠳᠤ ᠲᠤᠰᠠᠯᠠᠬᠤ

ᠮᠥᠩᠭᠦ ᠶᠢᠨ ᠲᠠᠲᠠᠭᠠᠯ︾ ᠢ ᠪᠦᠷᠢᠯᠳᠦᠭᠦᠯᠵᠦ ᠲᠦᠭᠰᠢᠭᠦᠷᠢ ᠶᠢ ᠠᠯᠭᠤᠷᠯᠠᠨ ᠰᠤᠯᠠᠯᠠᠬᠤ ᠠᠷᠭ᠎ᠠ ᠮᠠᠶ᠋ᠢᠭ ᠪᠣᠯᠭᠠᠭᠰᠠᠨ

ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠪᠦᠷᠢᠯᠳᠦᠭᠦᠯᠦᠨ᠎ᠡ᠃

7. ︽ᠮᠢᠩᠭᠠᠨ ᠵᠦᠢᠯ ᠤᠨ ᠠᠮᠠᠯᠠᠯᠲᠠ︾᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ

ᠭᠡᠷ 2023 ᠣᠨ ᠤ 5 ᠰᠠᠷ᠎ᠠ ᠶᠢᠨ 17 ᠤ ᠡᠳᠦᠷ ︽ᠤᠯᠠᠭᠠᠨᠴᠠᠪ ᠬᠤᠲᠠ ᠶᠢᠨ ︿ᠮᠢᠩᠭᠠᠨ ᠵᠦᠢᠯ ᠤᠨ

ᠠᠮᠠᠯᠠᠯᠲᠠ﹀ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠠᠵᠢᠯᠯᠠᠭ᠎ᠠ ᠶᠢᠨ ᠠᠵᠢᠯ ᠤᠨ

ᠲᠥᠰᠥᠯ︾ ᠢ ᠳᠠᠷᠤᠮᠠᠯᠯᠠᠨ ᠲᠠᠷᠬᠠᠭᠠᠪᠠ᠃ ᠳᠥᠷᠪᠡᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂

ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ᠂ ᠬᠤᠲᠠ ᠶᠢᠨ ᠶᠠᠪᠤᠳᠠᠯ ᠤᠨ

ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠦᠢᠯᠡᠴᠢᠯᠡᠭᠡ ᠶᠢ ᠲᠠᠰ ᠳᠡᠪᠰᠢᠭᠦᠯᠬᠦ᠂ ᠬᠤᠳᠠᠯᠳᠤᠭᠠᠨ ᠤ

ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ

ᠡᠷᠬᠡ ᠶᠢ ᠬᠠᠮᠠᠭᠠᠯᠠᠨ ᠬᠡᠷᠡᠭᠯᠡᠬᠦ ᠶᠢ ᠴᠢᠩᠭᠠᠳᠬᠠᠬᠤ ᠵᠡᠷᠭᠡ 19 ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ

ᠳᠤᠷᠠᠳᠤᠨ ᠭᠠᠷᠭᠠᠵᠤ᠂ ᠰᠠᠨᠠᠭᠠᠴᠢᠯᠠᠭ᠎ᠠ   ᠠᠴᠠ ᠪᠠᠨ ᠨᠡᠶᠢᠭᠡᠮ ᠨᠡᠶᠢᠲᠡ ᠳᠤ ︽ᠬᠤᠶᠠᠷ ᠨᠠᠷᠢᠨ ᠲᠠᠩᠰᠠ︾᠂

ᠨᠡᠶᠢᠲᠡ 1225 ᠵᠦᠢᠯ ᠤᠨ ᠠᠮᠠᠯᠠᠯᠲᠠ ᠶᠢ ᠢᠯᠡ ᠪᠣᠯᠭᠠᠪᠠ᠃

8. ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ᠄ ᠵᠥᠪᠰᠢᠶᠡᠷᠡᠭᠦᠯᠬᠦ ᠪᠠᠷ ᠪᠠᠶᠢᠭ᠎ᠠ

ᠲᠥᠷᠥᠯ ᠵᠦᠢᠯ᠂ ᠰᠤᠯᠠ ᠪᠠᠶᠢᠬᠤ ᠭᠠᠵᠠᠷ ᠰᠢᠷᠣᠢ᠂ ᠳᠠᠷᠤᠭᠳᠠᠮᠠᠯ ᠪᠡᠯᠡ ᠮᠥᠩᠭᠦ᠂ ︽ᠬᠠᠭᠠᠰ ᠳᠤᠲᠠᠭᠤ︾

ᠢᠨᠵᠧᠨᠧᠷᠢᠩ᠂ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢᠨ ᠦᠨᠳᠦᠰᠦᠨ

ᠵᠦᠢᠯ ᠢ ᠶᠡᠭᠡ ᠪᠠᠷ ᠡᠬᠢᠯᠡᠭᠦᠯᠬᠦ ᠲᠤᠰᠬᠠᠢ ᠠᠵᠢᠯᠯᠠᠭ᠎ᠠ᠃

9. ᠡᠮᠡᠭᠲᠡᠶᠢᠴᠦᠳ ᠤᠨ ︽ᠬᠤᠶᠠᠷ ᠥᠮᠡᠨ︾᠄ ᠬᠥᠬᠦᠨ ᠪᠤᠯᠴᠢᠷᠬᠠᠢ ᠶᠢᠨ ᠥᠮᠡᠨ᠂ ᠰᠠᠪᠠ ᠶᠢᠨ ᠬᠦᠵᠦᠭᠦᠨ ᠤ

ᠥᠮᠡᠨ᠃

10. ︽ᠬᠤᠶᠠᠷ ᠢ ᠬᠥᠩᠭᠡᠷᠡᠭᠦᠯᠬᠦ︾᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ

ᠬᠡᠲᠦ ᠬᠦᠨᠳᠦ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ

ᠪᠦᠲᠦᠮᠵᠢᠲᠡᠶ ᠬᠥᠩᠭᠡᠷᠡᠭᠦᠯᠦᠨ᠎ᠡ᠃

11. ︽ᠳᠣᠯᠤᠭ᠎ᠠ ᠶᠢ ᠲᠤᠰᠠᠯᠠᠬᠤ︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠄ ᠬᠤᠭᠤᠯᠠ ᠤᠮᠳᠠ ᠳᠤ

ᠲᠤᠰᠠᠯᠠᠬᠤ᠂ ᠡᠮᠴᠢᠯᠡᠭᠡ ᠳᠤ ᠲᠤᠰᠠᠯᠠᠬᠤ᠂ ᠠᠷᠢᠭᠤᠨ ᠴᠡᠪᠡᠷ ᠲᠤ ᠲᠤᠰᠠᠯᠠᠬᠤ᠂ ᠪᠠᠴᠢᠮ ᠪᠠᠶᠢᠳᠠᠯ ᠳᠤ ᠲᠤᠰᠠᠯᠠᠬᠤ᠂

ᠠᠵᠢᠯ ᠦᠢᠯᠡᠰ ᠲᠤ ᠲᠤᠰᠠᠯᠠᠬᠤ᠂ ᠴᠡᠩᠭᠡᠯ ᠳᠤ ᠲᠤᠰᠠᠯᠠᠬᠤ᠂ ᠰᠤᠷᠤᠯᠭ᠎ᠠ ᠳᠤ ᠲᠤᠰᠠᠯᠠᠬᠤ᠃

12. ᠠᠶᠤᠯ ᠦᠭᠡᠢ ᠦᠢᠯᠡᠳᠪᠦᠷᠢᠯᠡᠯ ᠤᠨ ︽ᠬᠤᠶᠠᠷ ᠢ ᠪᠠᠷᠢᠮᠲᠠᠯᠠᠬᠤ︾᠄ ᠠᠮᠤᠷ ᠲᠦᠪᠰᠢᠨ ᠢᠶᠠᠷ ᠬᠥᠭᠵᠢᠭᠦᠯᠬᠦ ᠶᠢ

ᠪᠠᠷᠢᠮᠲᠠᠯᠠᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂

ᠶᠡᠷᠦᠩᠬᠡᠶᠢᠯᠡᠨ ᠵᠠᠰᠠᠬᠤ ᠴᠢᠭᠯᠡᠯᠲᠡ ᠶᠢ ᠪᠠᠷᠢᠮᠲᠠᠯᠠᠨ᠎ᠠ᠃

13.︽ ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ ︾ ᠄ ︽ ᠭᠤᠷᠪᠠᠨ ᠠᠷᠪᠢᠨ ︾ ᠭᠡᠳᠡᠭ ᠨᠢ

ᠬᠤᠷᠠᠯ ᠠᠷᠪᠢᠨ᠂ ᠠᠵᠢᠯᠯᠠᠭ᠎ᠠ ᠠᠷᠪᠢᠨ᠂ ᠭᠠᠳᠠᠭᠰᠢ ᠭᠠᠷᠬᠤ ᠨᠢ ᠠᠷᠪᠢᠨ᠃ ︽ ᠭᠤᠷᠪᠠᠨ ᠴᠥᠭᠡᠨ ︾ ᠭᠡᠳᠡᠭ ᠨᠢ

ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ ᠴᠥᠭᠡᠨ᠂ ᠪᠣᠳᠠᠲᠠᠢ ᠠᠰᠠᠭᠤᠳᠠᠯ ᠢ

ᠰᠢᠢᠳᠪᠦᠷᠢᠯᠡᠭᠰᠡᠨ ᠨᠢ ᠴᠥᠭᠡᠨ ᠪᠠᠶᠢᠬᠤ ᠶᠢ ᠬᠡᠯᠡᠵᠦ ᠪᠠᠶᠢᠨ᠎ᠠ᠃ ︽ ᠭᠤᠷᠪᠠᠨ ᠤᠳᠠᠭᠠᠨ ︾ ᠭᠡᠳᠡᠭ ᠨᠢ ᠰᠢᠢᠳᠪᠦᠷᠢᠲᠦ

ᠪᠣᠳᠣᠯᠭ᠎ᠠ ᠲᠣᠭᠲᠠᠭᠠᠬᠤ ᠳᠠᠭᠠᠨ ᠤᠳᠠᠭᠠᠨ᠂ ᠠᠵᠢᠯᠯᠠᠭ᠎ᠠ ᠳᠠᠭᠠᠨ ᠤᠳᠠᠭᠠᠨ᠂ ᠦᠷ᠎ᠡ ᠳ᠋ᠦᠩ ᠳᠡᠭᠡᠨ ᠤᠳᠠᠭᠠᠨ

ᠪᠠᠶᠢᠬᠤ ᠶᠢ ᠬᠡᠯᠡᠵᠦ ᠪᠠᠶᠢᠨ᠎ᠠ᠃

14. ︽ᠵᠢᠷᠭᠤᠭᠠᠨ ᠢᠨᠵᠧᠨᠧᠷᠢᠩ︾᠄ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂

ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠬᠡᠷᠡᠯ ᠴᠡᠨᠡᠭ ᠢ ᠨᠢᠭᠡ

ᠴᠣᠭᠴᠠᠵᠢᠭᠤᠯᠬᠤ ᠢᠨᠵᠧᠨᠧᠷᠢᠩ᠂ ᠳᠤᠯᠠᠭᠠᠯᠠᠬᠤ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ

ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ᠂ ᠴᠢᠯᠦᠭᠡᠲᠦ

ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ᠃

15᠂ ︽ᠭᠤᠷᠪᠠᠨ ᠭᠤᠷᠪᠠ︾ ᠶᠢᠨ ᠬᠥᠭᠵᠢᠯᠲᠡ ᠶᠢᠨ ᠠᠷᠭ᠎ᠠ ᠵᠠᠮ᠄ ︽ᠨᠠᠮ ᠤᠨ ᠪᠠᠶᠢᠭᠤᠯᠤᠯᠲᠠ ᠪᠠᠷ

ᠵᠢᠯᠣᠭᠤᠳᠤᠯᠭ᠎ᠠ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ︿ᠡᠴᠦᠰ ᠤᠨ ᠨᠢᠭᠡ ᠺᠢᠯᠣᠮᠧᠲᠷ﹀ ᠤᠨ ᠶᠡᠭᠡ

ᠰᠤᠷᠤᠯᠴᠠᠯᠭ᠎ᠠ᠂ ᠶᠡᠭᠡ ᠡᠬᠢᠯᠡᠯᠲᠡ ᠶᠢ ᠨᠠᠪᠲᠠᠷᠡᠭᠦᠯᠵᠦ᠂ ᠶᠡᠭᠡ ᠴᠡᠭᠴᠡᠯᠡᠨ ᠰᠠᠶᠢᠵᠢᠷᠠᠭᠤᠯᠬᠤ︾ ᠭᠤᠷᠪᠠᠨ ᠶᠡᠭᠡ

ᠠᠵᠢᠯᠯᠠᠭ᠎ᠠ ᠶᠢ ᠥᠷᠨᠢᠭᠦᠯᠵᠦ᠂ ︽ᠶᠠᠳᠠᠭᠤ   ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ

ᠪᠠᠬᠢᠵᠢᠭᠦᠯᠦᠨ ᠥᠷᠭᠡᠳᠬᠡᠬᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ

ᠵᠣᠷᠯᠣᠩ ᠤᠨ ᠬᠤᠪᠢᠰᠬᠠᠯ ᠬᠢᠬᠦ︾ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂

︽ᠠᠯᠠᠰᠢᠨ ᠬᠤᠨᠢᠨ ᠤ ᠠᠵᠤ ᠦᠢᠯᠡᠰ ᠢ ᠬᠥᠭᠵᠢᠭᠦᠯᠬᠦ᠂ ᠬᠤᠪᠴᠠᠰᠤ ᠬᠤᠨᠠᠷ ᠤᠨ ᠠᠵᠤ ᠦᠢᠯᠡᠰ ᠢ ᠬᠥᠭᠵᠢᠭᠦᠯᠦᠨ

ᠮᠠᠨᠳᠤᠭᠤᠯᠬᠤ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ︾ ᠭᠤᠷᠪᠠᠨ ᠶᠡᠭᠡ

ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃

16. ︽ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ · ᠳᠥᠷᠪᠡᠳᠦᠭᠡᠷ ᠤᠨ ᠠᠯᠪᠠᠨ ᠭᠡᠷ︾᠄

ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ · ᠠᠯᠠᠭᠠᠨ ᠠᠯᠪᠠᠨ ᠭᠡᠷ᠂ ᠮᠣᠩᠭᠤᠯ ᠤᠨ ᠲᠦᠷᠭᠡᠨ

ᠬᠤᠷᠳᠤᠴᠠ ᠶᠢᠨ ᠠᠯᠪᠠᠨ ᠭᠡᠷ · ᠨᠢᠭᠡᠳᠦᠭᠡᠷ ᠤᠳᠠᠭ᠎ᠠ ᠶᠢᠨ ᠠᠯᠪᠠᠨ ᠭᠡᠷ᠂ ᠮᠣᠩᠭᠤᠯ ᠤᠨ ᠲᠦᠷᠭᠡᠨ ᠬᠤᠷᠳᠤᠴᠠ ᠶᠢᠨ

ᠠᠯᠪᠠᠨ ᠭᠡᠷ · ᠲᠠᠨ ᠢ ᠬᠠᠪᠰᠤᠷᠤᠨ ᠠᠯᠪᠠᠨ ᠭᠡᠷ᠂ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ ·

ᠨᠢᠭᠡᠳᠦᠭᠡᠷ ᠰᠦᠯᠵᠢᠶ᠎ᠡ ᠶᠢᠨ ᠠᠯᠪᠠᠨ ᠭᠡᠷ᠃

17. ︽ᠵᠢᠷᠭᠤᠭ᠎ᠠ ᠶᠢ ᠭᠦᠢᠴᠡᠳᠬᠡᠬᠦ︾ ᠶᠢᠨ ᠦᠢᠯᠡᠴᠢᠯᠡᠭᠡ᠄ ᠪᠥᠬᠦ ᠶᠠᠪᠤᠴᠠ ᠳᠤ ᠭᠦᠢᠴᠡᠳᠬᠡᠬᠦ᠂ ᠥᠨᠳᠥᠷ ᠦᠷ᠎ᠡ

ᠪᠦᠲᠦᠮᠵᠢ ᠲᠠᠢ ᠭᠦᠢᠴᠡᠳᠬᠡᠬᠦ᠂ ᠰᠠᠨᠠᠭ᠎ᠠ ᠠᠮᠤᠷ ᠭᠦᠢᠴᠡᠳᠬᠡᠬᠦ᠂ ᠢᠨᠢᠶᠡᠮᠰᠦᠭᠯᠡᠨ ᠭᠦᠢᠴᠡᠳᠬᠡᠬᠦ᠂ ᠳᠠᠷᠤᠶᠢᠬᠠᠨ

ᠭᠦᠢᠴᠡᠳᠬᠡᠬᠦ᠂ ᠰᠡᠳᠬᠢᠯ ᠢ ᠳᠤᠯᠠᠭᠠᠴᠠᠭᠤᠯᠬᠤ ᠪᠠᠷ ᠭᠦᠢᠴᠡᠳᠬᠡᠨ᠎ᠡ᠃

18. ︽ᠲᠤᠯᠤᠭᠠᠨ ᠨᠢᠭᠡᠳᠦᠯᠲᠡᠢ︾ ᠪᠠᠷᠢᠮᠵᠢᠶ᠎ᠠ᠄ ᠪᠡᠶ᠎ᠡ ᠬᠡᠮ ᠤᠨ ᠭᠡᠷᠡᠴᠢᠯᠡᠯ᠂ ᠦᠨᠡᠮᠯᠡᠯ ᠤᠨ ᠦᠢᠯᠡᠴᠢᠯᠡᠭᠡ᠂

ᠬᠡᠷᠡᠭ ᠶᠠᠪᠤᠳᠠᠯ ᠤᠨ ᠦᠢᠯᠡᠴᠢᠯᠡᠭᠡ ᠶᠢ ᠨᠢᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠠᠯᠳᠤᠬᠤ

ᠰᠠᠨᠠᠭᠤᠯᠭ᠎ᠠ ᠶᠢ ᠨᠢᠭᠡᠳᠬᠡᠵᠦ᠂ ᠰᠠᠶᠢᠨ ᠮᠠᠭᠤ ᠶᠢᠨ ᠦᠨᠡᠯᠡᠯᠲᠡ ᠶᠢ ᠨᠢᠭᠡᠳᠬᠡᠵᠦ᠂ ᠬᠡᠷᠡᠭᠯᠡᠭᠴᠢ ᠶᠢᠨ ᠦᠢᠯᠡᠴᠢᠯᠡᠭᠡ ᠶᠢ

ᠨᠢᠭᠡᠳᠬᠡᠵᠦ᠂ ᠡᠷᠢᠵᠦ ᠬᠠᠶᠢᠬᠤ ᠦᠢᠯᠡᠴᠢᠯᠡᠭᠡ ᠶᠢ ᠨᠢᠭᠡᠳᠬᠡᠨ᠎ᠡ᠃

19. ︽ᠨᠠᠢᠮᠠᠨ ᠵᠦᠢᠯ︾ ᠤᠨ ᠬᠠᠷᠠᠯᠲᠠ ᠲᠠᠢ᠄ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠴᠣᠩᠬᠤ ᠲᠠᠢ

᠂ ᠣᠷᠣᠯᠠᠨ ᠭᠦᠢᠴᠡᠳᠬᠡᠬᠦ ᠠᠵᠢᠯᠲᠠᠨ ᠲᠠᠢ᠂ ᠠᠯᠪᠠᠨ ᠠᠵᠢᠯ ᠤᠨ ᠲᠥᠬᠦᠭᠡᠷᠦᠮᠵᠢ ᠲᠠᠢ᠂ ᠠᠵᠢᠯ ᠶᠠᠪᠤᠳᠠᠯ

ᠭᠦᠢᠴᠡᠳᠬᠡᠬᠦ ᠵᠦᠭᠯᠡᠭᠦᠷ ᠲᠠᠢ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠠᠰᠠᠭ ᠤᠨ ᠶᠠᠪᠤᠳᠠᠯ ᠤᠨ

ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠲᠠᠢ᠂ ᠣᠷᠣᠯᠠᠨ ᠭᠦᠢᠴᠡᠳᠭᠡᠭᠴᠢ ᠶᠢᠨ ᠬᠠᠷᠢᠭᠤᠴᠠᠯᠭ᠎ᠠ ᠶᠢᠨ

ᠨᠠᠷᠢᠨ ᠬᠠᠭᠤᠳᠠᠰᠤ ᠲᠠᠢ᠂ ᠳᠦᠷᠢᠮ ᠤᠨ ᠲᠣᠭᠲᠠᠴᠠ ᠲᠠᠢ᠂ ᠠᠵᠢᠯ ᠤᠨ ᠡᠬᠡ ᠲᠠᠩᠰᠠ ᠲᠠᠢ ᠪᠠᠶᠢᠬᠤ ᠬᠡᠷᠡᠭᠲᠡᠢ᠃

20. ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾

᠄ ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠡᠮᠴᠢᠯᠡᠭᠡ ᠶᠢ ᠳᠠᠬᠢᠨ ᠢᠶᠠᠷ ᠨᠡᠮᠡᠭᠳᠡᠭᠦᠯᠬᠦ

ᠲᠥᠯᠥᠪᠯᠡᠭᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠠᠬᠢᠨ ᠢᠶᠠᠷ

ᠨᠡᠮᠡᠭᠳᠡᠭᠦᠯᠬᠦ ᠲᠥᠯᠥᠪᠯᠡᠭᠡ᠂ ᠵᠢᠭᠤᠯᠴᠢᠯᠠᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠠᠵᠤ ᠦᠢᠯᠡᠰ ᠤᠨ

ᠬᠠᠮᠲᠤᠷᠠᠯᠴᠠᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ

ᠡᠭᠦᠳᠬᠦ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠃

21. ︽ ᠲᠠᠷᠢᠶᠠᠯᠠᠩ ᠤᠨ ᠪᠤᠰᠤ ᠪᠣᠯᠭᠠᠬᠤ ︾ ᠄ ᠲᠠᠷᠢᠶᠠᠨ ᠭᠠᠵᠠᠷ ᠳᠡᠭᠡᠷ᠎ᠡ ᠲᠠᠷᠢᠶᠠᠯᠠᠩ ᠤᠨ ᠪᠤᠰᠤ ᠠᠵᠢᠯᠯᠠᠭ᠎ᠠ

ᠬᠢᠵᠦ ᠪᠣᠯᠬᠤ ᠦᠭᠡᠢ᠂ ᠭᠠᠵᠠᠷ ᠰᠢᠷᠣᠢ ᠶᠢ ᠲᠠᠷᠢᠶᠠᠯᠠᠩ ᠤᠨ ᠪᠤᠰᠤ ᠪᠣᠯᠭᠠᠬᠤ ᠠᠷᠭ᠎ᠠ ᠵᠠᠮ ᠨᠢ ᠮᠠᠨ ᠤ ᠤᠯᠤᠰ ᠤᠨ

ᠤᠳᠤ ᠶᠢᠨ ᠬᠡᠷᠡᠭᠵᠢᠭᠦᠯᠵᠦ ᠪᠠᠶᠢᠭ᠎ᠠ ᠭᠠᠵᠠᠷ ᠰᠢᠷᠣᠢ ᠶᠢᠨ ᠳᠦᠷᠢᠮ ᠤᠨ ᠳᠣᠣᠷ᠎ᠠ᠂ ᠭᠠᠵᠠᠷ ᠰᠢᠷᠣᠢ ᠶᠢ

ᠲᠠᠷᠢᠶᠠᠯᠠᠩ ᠤᠨ ᠪᠤᠰᠤ ᠪᠣᠯᠭᠠᠬᠤ ᠳᠤ ᠭᠤᠣᠯᠳᠠᠭᠤ ᠭᠤᠷᠪᠠᠨ ᠵᠦᠢᠯ ᠤᠨ ᠠᠷᠭ᠎ᠠ ᠵᠠᠮ ᠪᠠᠶᠢᠳᠠᠭ᠄ ᠤᠯᠤᠰ ᠤᠨ

ᠪᠦᠲᠦᠭᠡᠨ ᠪᠠᠶᠢᠭᠤᠯᠤᠯᠲᠠ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ᠂ ᠬᠥᠳᠡᠭᠡ ᠲᠣᠰᠬᠤᠨ ᠤ ᠬᠠᠮᠲᠤ ᠶᠢᠨ

ᠪᠦᠲᠦᠭᠡᠨ ᠪᠠᠶᠢᠭᠤᠯᠤᠯᠲᠠ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠪᠠ ᠬᠥᠳᠡᠭᠡ ᠲᠣᠰᠬᠤᠨ ᠤ ᠬᠤᠪᠢ ᠬᠥᠮᠥᠨ ᠤ

ᠭᠡᠷ ᠪᠠᠶᠢᠰᠢᠩ ᠪᠠᠷᠢᠬᠤ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ᠃

22. ︽ᠠᠮᠤ ᠪᠤᠳᠠᠭᠠᠨ ᠤ ᠪᠤᠰᠤ ᠪᠣᠯᠭᠠᠬᠤ︾᠄ ᠲᠠᠷᠢᠶᠠᠴᠢᠳ ᠲᠠᠷᠢᠶᠠᠨ ᠭᠠᠵᠠᠷ ᠢᠶᠠᠨ ᠠᠮᠤ ᠪᠤᠳᠠᠭᠠᠨ ᠤ ᠪᠤᠰᠤ

ᠲᠠᠷᠢᠮᠠᠯ ᠳᠤ ᠬᠡᠷᠡᠭᠯᠡᠳᠡᠭ᠂ ᠵᠢᠱᠢᠶᠡᠯᠡᠪᠡᠯ ᠬᠥᠳᠡᠭᠡ ᠲᠣᠰᠬᠤᠨ ᠳᠤ ᠦᠷᠭᠦᠯᠵᠢ ᠬᠠᠷᠠᠭᠳᠠᠳᠠᠭ ᠲᠠᠷᠢᠶᠠᠨ ᠭᠠᠵᠠᠷ ᠢ

︽ᠠᠮᠤ ᠪᠤᠳᠠᠭᠠᠨ ᠤ ᠪᠤᠰᠤ ᠪᠣᠯᠭᠠᠬᠤ︾ ᠦᠵᠡᠭᠳᠡᠯ ᠪᠣᠯᠣᠨ᠎ᠠ᠃ ᠡᠭᠦᠨ ᠳᠤ ᠭᠤᠣᠯᠳᠠᠭᠤ ᠲᠠᠷᠢᠶᠠᠨ ᠭᠠᠵᠠᠷ ᠳᠡᠭᠡᠷ᠎ᠡ

ᠭᠡᠷ ᠪᠠᠷᠢᠬᠤ᠂ ᠲᠠᠷᠢᠶᠠᠨ ᠭᠠᠵᠠᠷ ᠢ ᠰᠢᠷᠣᠢ ᠠᠪᠬᠤ᠂ ᠡᠯᠡᠰᠦ ᠮᠠᠯᠲᠠᠬᠤ᠂ ᠠᠵᠢᠯ ᠤᠨ ᠰᠠᠷᠠᠪᠴᠢ ᠪᠠᠷᠢᠬᠤ᠂ ᠲᠡᠵᠢᠭᠡᠨ

ᠦᠷᠡᠵᠢᠭᠦᠯᠬᠦ ᠲᠠᠯᠠᠪᠠᠢ ᠪᠠᠶᠢᠭᠤᠯᠬᠤ ᠵᠡᠷᠭᠡ ᠠᠮᠤ ᠪᠤᠳᠠᠭ᠎ᠠ ᠦᠢᠯᠡᠳᠪᠦᠷᠢᠯᠡᠬᠦ ᠪᠤᠰᠤ ᠠᠵᠢᠯᠯᠠᠭ᠎ᠠ ᠨᠤᠭᠤᠳ ᠲᠤ

ᠬᠡᠷᠡᠭᠯᠡᠬᠦ ᠵᠡᠷᠭᠡ ᠪᠠᠭᠲᠠᠳᠠᠭ ᠪᠠᠶᠢᠨ᠎ᠠ᠃ ᠡᠭᠦᠨ ᠳᠤ ᠭᠤᠣᠯᠳᠠᠭᠤ ᠲᠠᠷᠢᠶᠠᠨ ᠭᠠᠵᠠᠷ ᠳᠡᠭᠡᠷ᠎ᠡ ᠭᠡᠷ ᠪᠠᠷᠢᠬᠤ᠂ ᠲᠠᠷᠢᠶᠠᠨ

ᠭᠠᠵᠠᠷ ᠢ ᠰᠢᠷᠣᠢ ᠠᠪᠬᠤ᠂ ᠡᠯᠡᠰᠦ ᠮᠠᠯᠲᠠᠬᠤ᠂ ᠠᠵᠢᠯ ᠤᠨ ᠰᠠᠷᠠᠪᠴᠢ ᠪᠠᠷᠢᠬᠤ᠂ ᠲᠡᠵᠢᠭᠡᠨ ᠦᠷᠡᠵᠢᠭᠦᠯᠬᠦ ᠲᠠᠯᠠᠪᠠᠢ

ᠪᠠᠶᠢᠭᠤᠯᠬᠤ ᠵᠡᠷᠭᠡ ᠠᠮᠤ ᠪᠤᠳᠠᠭ᠎ᠠ ᠦᠢᠯᠡᠳᠪᠦᠷᠢᠯᠡᠬᠦ ᠪᠤᠰᠤ ᠠᠵᠢᠯᠯᠠᠭ᠎ᠠ ᠨᠤᠭᠤᠳ ᠢ ᠬᠢᠭᠰᠡᠨ ᠪᠠᠶᠢᠨ᠎ᠠ᠃

23.ᠭᠠᠵᠠᠷ ᠰᠢᠷᠣᠢ ᠶᠢᠨ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾᠄ ᠭᠠᠵᠠᠷ ᠰᠢᠷᠣᠢ ᠶᠢᠨ ᠠᠰᠢᠭᠯᠠᠯᠲᠠ ᠶᠢᠨ

ᠶᠡᠷᠦᠩᠬᠡᠢ ᠲᠥᠯᠦᠪᠵᠢᠭᠦᠯᠭᠡ ᠶᠢ ᠦᠨᠳᠦᠰᠦᠯᠡᠨ᠂ ᠲᠠᠷᠢᠶᠠᠨ ᠭᠠᠵᠠᠷ ᠪᠣᠯᠭᠠᠨ ᠡᠮᠬᠢᠯᠡᠨ ᠳᠠᠬᠢᠨ ᠬᠠᠭᠠᠯᠪᠤᠷᠢᠯᠠᠬᠤ ᠪᠠᠷ

ᠪᠠᠶᠢᠭ᠎ᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠬᠡᠰᠡᠭ ︵ᠳᠠᠷᠤᠢ

ᠬᠠᠭᠤᠴᠢᠨ ᠭᠠᠵᠠᠷ ᠢ ᠨᠤᠷᠠᠭᠠᠬᠤ︶ ᠪᠠ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠠᠷ

ᠪᠠᠶᠢᠭ᠎ᠠ ᠭᠠᠵᠠᠷ ᠰᠢᠷᠣᠢ ᠶᠢᠨ ᠬᠡᠰᠡᠭ ︵ᠳᠠᠷᠤᠢ ᠰᠢᠨ᠎ᠡ ᠭᠠᠵᠠᠷ ᠢ ᠪᠠᠶᠢᠭᠤᠯᠬᠤ︶ ᠵᠡᠷᠭᠡ ᠲᠠᠯᠠᠪᠠᠶ ᠶᠢ ᠬᠠᠮᠲᠤ ᠳᠤᠨᠢ

ᠰᠢᠨ᠎ᠡ ᠪᠠᠷ ᠬᠠᠭᠤᠴᠢᠨ ᠭᠠᠵᠠᠷ ᠢ ᠨᠤᠷᠠᠭᠠᠬᠤ ᠲᠥᠷᠥᠯ ᠵᠦᠢᠯ ᠤᠨ ᠲᠣᠭᠤᠷᠢᠭ ︵ᠳᠥᠭᠦᠮᠴᠢᠯᠡᠭᠡᠳ ᠲᠥᠷᠥᠯ

ᠵᠦᠢᠯ ᠤᠨ ᠲᠣᠭᠤᠷᠢᠭ ᠭᠡᠨ᠎ᠡ︶ ᠢ ᠪᠠᠶᠢᠭᠤᠯᠤᠨ᠎ᠠ᠃ ᠰᠢᠨ᠎ᠡ ᠶᠢ ᠪᠠᠶᠢᠭᠤᠯᠵᠤ ᠬᠠᠭᠤᠴᠢᠨ ᠢ ᠨᠤᠷᠠᠭᠠᠬᠤ ᠪᠠ ᠭᠠᠵᠠᠷ

ᠰᠢᠷᠣᠢ ᠶᠢ ᠡᠮᠬᠢᠯᠡᠨ ᠴᠡᠭᠴᠡᠯᠡᠵᠦ ᠳᠠᠬᠢᠨ ᠬᠠᠭᠠᠯᠪᠤᠷᠢᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠥᠷᠥᠯ

ᠵᠦᠢᠯ ᠤᠨ ᠣᠷᠣᠨ ᠤ ᠳᠣᠲᠣᠷᠠᠬᠢ ᠡᠯ᠎ᠡ ᠲᠥᠷᠥᠯ ᠤᠨ ᠭᠠᠵᠠᠷ ᠰᠢᠷᠣᠢ ᠶᠢᠨ ᠲᠠᠯᠠᠪᠠᠶ ᠶᠢᠨ ᠲᠡᠩᠴᠡᠭᠦᠷᠢ ᠶᠢ

ᠪᠠᠲᠤᠯᠠᠭᠰᠠᠨ ᠰᠠᠭᠤᠷᠢᠨ ᠳᠡᠭᠡᠷ᠎ᠡ᠂ ᠬᠠᠮᠤᠭ ᠡᠴᠦᠰ ᠲᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ

ᠶᠡᠷᠦᠩᠬᠡᠢ ᠬᠡᠮᠵᠢᠶ᠎ᠡ ᠶᠢ ᠨᠡᠮᠡᠭᠳᠡᠭᠦᠯᠬᠦ ᠦᠭᠡᠢ᠂ ᠲᠠᠷᠢᠶᠠᠨ ᠭᠠᠵᠠᠷ ᠤᠨ ᠲᠠᠯᠠᠪᠠᠶ ᠶᠢ ᠪᠠᠭᠠᠰᠬᠠᠬᠤ ᠦᠭᠡᠢ᠂ ᠶᠠᠰᠤ

ᠴᠢᠨᠠᠷ ᠢ ᠪᠠᠭᠤᠷᠠᠭᠤᠯᠬᠤ ᠦᠭᠡᠢ᠂ ᠬᠤᠲᠠ ᠬᠥᠳᠡᠭᠡ ᠶᠢᠨ ᠬᠡᠷᠡᠭᠯᠡᠬᠦ ᠭᠠᠵᠠᠷ ᠤᠨ ᠪᠠᠶᠢᠷᠢᠰᠢᠭᠤᠯᠤᠯᠲᠠ ᠶᠢ ᠨᠠᠩ ᠵᠦᠢ

ᠵᠣᠬᠢᠰᠲᠠᠢ ᠪᠣᠯᠭᠠᠬᠤ ᠬᠠᠷᠠᠯᠲᠠ ᠶᠢ ᠪᠡᠶᠡᠯᠡᠭᠦᠯᠦᠨ᠎ᠡ᠃

24. ︽ᠨᠢᠭᠡ ᠨᠠᠰᠤᠲᠠᠨ ᠨᠢᠭᠡ ᠪᠠᠭ᠎ᠠ︾᠄ ︽ᠨᠢᠭᠡ ᠨᠠᠰᠤᠲᠠᠨ︾ ᠭᠡᠳᠡᠭ ᠨᠢ ᠨᠠᠰᠤᠵᠢᠯ ᠤᠨ ᠠᠰᠠᠷᠠᠮᠵᠢ ᠶᠢᠨ

ᠦᠢᠯᠡᠴᠢᠯᠡᠭᠡ ᠶᠢ ᠵᠢᠭᠠᠵᠤ ᠪᠣᠶ︔ ︽ᠨᠢᠭᠡ ᠵᠢᠵᠢᠭ︾ ᠭᠡᠳᠡᠭ ᠨᠢ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ

ᠦᠢᠯᠡᠴᠢᠯᠡᠭᠡ ᠶᠢ ᠵᠢᠭᠠᠵᠤ ᠪᠠᠶᠢᠨ᠎ᠠ᠃

25. ︽ᠵᠢᠷᠭᠤᠭᠠᠨ ᠥᠭᠦᠯᠡᠪᠦᠷᠢ ᠶᠢᠨ ᠪᠣᠳᠠᠲᠤ ᠬᠡᠷᠡᠭ ᠪᠠ ᠶᠣᠰᠣ ᠤᠴᠢᠷ︾᠄ ᠥᠪᠥᠷ ᠮᠣᠩᠭᠤᠯ ᠣᠷᠣᠨ ᠪᠣᠯ

ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠡᠷᠲᠡ ᠨᠠᠮ ᠤᠨ ᠵᠣᠬᠢᠶᠠᠨ ᠪᠠᠶᠢᠭᠤᠯᠤᠯᠲᠠ  ᠶᠢ

ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ

ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ

ᠪᠠᠶᠢᠭᠤᠯᠤᠭᠳᠠᠭᠰᠠᠨ ᠶᠤᠮ᠃ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠬᠥᠭᠵᠢᠵᠦ

ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠭᠠᠷᠤᠭᠰᠠᠨ ᠬᠦᠨᠳᠦ ᠶᠡᠭᠡ ᠵᠥᠷᠢᠶ᠎ᠡ ᠶᠢ ᠴᠥᠮ

ᠨᠠᠮ ᠤᠨ ᠲᠥᠪ ᠬᠤᠷᠢᠶ᠎ᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ

ᠬᠥᠭᠵᠢᠯᠲᠡ ᠶᠢᠨ ᠠᠮᠵᠢᠯᠲᠠ ᠶᠢ ᠪᠣᠯ ᠰᠢ ᠶᠢᠨ ᠫᠢᠩ ᠶᠡᠷᠦᠩᠬᠡᠢ ᠱᠦᠵᠢ ᠶᠢᠨ ᠳᠣᠲᠣᠨᠣ ᠬᠠᠯᠠᠮᠵᠢᠯᠠᠯ ᠪᠠ

ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠤ

ᠵᠢᠱᠢᠶᠡᠴᠢ ᠪᠣᠯᠤᠭᠰᠠᠨ ᠤ ᠬᠤᠪᠢ ᠳᠤ ᠵᠢᠱᠢᠶᠡᠴᠢ ᠪᠣᠯᠤᠭᠰᠠᠨ ᠤ ᠬᠤᠪᠢ ᠳᠤ ᠨᠠᠮ ᠤᠨ ᠦᠭᠡ ᠶᠢ ᠰᠣᠨᠣᠰᠳᠠᠭ ᠶᠤᠮ᠃

26. ︽ᠳᠤᠯᠤᠭ᠎ᠠ ᠪᠠᠷ ᠵᠢᠱᠢᠶᠡᠴᠢ ᠪᠣᠯᠬᠤ︾᠄ ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠬᠤ᠂

ᠶᠡᠷᠦᠩᠬᠡᠢ ᠱᠦᠵᠢ ᠰᠢ ᠶᠢᠨ ᠫᠢᠩ  ᠢ ᠰᠠᠯᠤᠯ ᠦᠭᠡᠢ ᠳᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ

ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤᠳᠬᠠᠬᠤ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ︔ ᠦᠨᠳᠦᠰᠦᠲᠡᠨ ᠤ ᠭᠠᠵᠠᠷ ᠣᠷᠣᠨ ᠳᠤ

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤᠮᠳᠠ

ᠵᠢᠱᠢᠶᠡᠴᠢ ᠪᠣᠯᠬᠤ ᠬᠡᠷᠡᠭᠲᠡᠢ; ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ

ᠵᠠᠮ ᠢᠶᠠᠷ ᠵᠢᠱᠢᠶᠡᠴᠢ ᠪᠣᠯᠬᠤ ᠬᠡᠷᠡᠭᠲᠡᠢ; ᠬᠢᠯᠢ ᠬᠢᠵᠠᠭᠠᠷ ᠣᠷᠣᠨ ᠢ ᠬᠥᠭᠵᠢᠭᠦᠯᠵᠦ ᠲᠣᠭᠲᠠᠭᠤᠨ ᠪᠠᠶᠢᠯᠭᠠᠬᠤ ᠶᠢᠨ

ᠳᠠᠭᠠᠤ ᠬᠢᠯᠢ ᠬᠢᠵᠠᠭᠠᠷ ᠣᠷᠣᠨ ᠢ ᠪᠠᠬᠢᠵᠢᠭᠦᠯᠬᠦ ᠳᠤ ᠵᠢᠱᠢᠶᠡᠴᠢ ᠪᠣᠯᠬᠤ ᠬᠡᠷᠡᠭᠲᠡᠢ︔ ᠬᠢᠯᠢ ᠬᠢᠵᠠᠭᠠᠷ ᠣᠷᠣᠨ ᠤ

ᠬᠤᠯᠪᠤᠭᠠᠯᠠᠨ ᠨᠡᠪᠲᠡᠷᠡᠯᠴᠡᠬᠦ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠤᠨ ᠲᠠᠯ᠎ᠠ ᠪᠠᠷ ᠵᠢᠱᠢᠶᠡᠴᠢ

ᠪᠣᠯᠬᠤ ᠬᠡᠷᠡᠭᠲᠡᠢ︔ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ᠃

27. ︽ᠨᠠᠢᠮᠠ ᠳᠤ ᠣᠷᠣᠭᠤᠯᠬᠤ︾ ᠠᠵᠢᠯᠯᠠᠭ᠎ᠠ᠄ ᠭᠡᠷ ᠪᠦᠯᠢ᠂ ᠠᠯᠪᠠᠨ ᠪᠠᠶᠢᠭᠤᠯᠭ᠎ᠠ᠂ ᠨᠡᠶᠢᠭᠡᠮ ᠲᠣᠭᠤᠷᠢᠭ᠂

ᠬᠥᠳᠡᠭᠡ ᠲᠣᠰᠬᠤᠨ᠂ ᠰᠤᠷᠭᠠᠭᠤᠯᠢ᠂ ᠠᠵᠤ ᠠᠬᠤᠶᠢᠯᠠᠯ᠂ ᠰᠦᠮ᠎ᠡ ᠬᠡᠶᠢᠳ᠂ ᠴᠡᠷᠢᠭ ᠤᠨ ᠬᠤᠸᠠᠷᠠᠨ ᠳᠤ ᠣᠷᠣᠨ᠎ᠠ

28. ︽ᠬᠤᠶᠠᠷ ᠮᠥᠩᠭᠦ ᠭᠤᠷᠪᠠᠨ ᠳᠦᠷᠢᠮ︾᠄ ᠬᠤᠶᠠᠷ ᠮᠥᠩᠭᠦ᠄ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠪᠠ

ᠠᠮᠠᠷᠬᠠᠨ ᠥᠷᠢᠲᠦᠬᠦ ᠠᠵᠢᠯ ᠲᠥᠷᠥᠯ ᠳᠤ ᠨᠡᠶᠢᠳᠡᠮ ᠳᠡᠭᠡᠨ ︽ᠴᠠᠯᠢᠩ ᠤᠨ ᠪᠠᠲᠤᠯᠠᠭ᠎ᠠ ᠶᠢᠨ ᠮᠥᠩᠭᠦ︾ ᠪᠠᠶᠢᠭᠤᠯᠵᠤ

᠂ ᠣᠶᠢᠷ᠎ᠠ ᠶᠢᠨ ᠵᠢᠯ ᠤᠳ ᠲᠤ ᠴᠠᠯᠢᠩ ᠥᠷᠢᠲᠦᠬᠦ ᠪᠠᠶᠢᠳᠠᠯ ᠨᠡᠯᠢᠶᠡᠳ ᠠᠷᠪᠢᠨ ᠭᠠᠷᠤᠭᠰᠠᠨ ᠬᠤᠲᠠ ᠰᠢᠶᠠᠨ ᠳᠤ ︽

ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ︾ ᠪᠠᠶᠢᠭᠤᠯᠬᠤ ᠶᠢ ᠰᠦᠪᠡᠭᠴᠢᠯᠡᠨ᠎ᠡ︔ ᠭᠤᠷᠪᠠᠨ ᠳᠦᠷᠢᠮ᠄

ᠪᠠᠷᠢᠯᠭ᠎ᠠ ᠶᠢ ᠶᠡᠷᠦᠩᠬᠡᠶᠢᠯᠡᠨ ᠳᠠᠭᠠᠭᠠᠴᠢᠯᠠᠭᠰᠠᠨ ᠠᠵᠤ ᠠᠬᠤᠶᠢᠯᠠᠯ ᠤᠨ ᠬᠤᠪᠢᠶᠠᠨ ᠳᠠᠭᠠᠭᠠᠴᠢᠯᠠᠭᠰᠠᠨ ᠠᠵᠤ

ᠠᠬᠤᠶᠢᠯᠠᠯ ᠤᠨ ᠴᠠᠯᠢᠩ ᠥᠷᠢᠲᠦᠬᠦ ᠠᠰᠠᠭᠤᠳᠠᠯ ᠢ ᠬᠠᠷᠢᠭᠤᠴᠠᠨ ᠰᠢᠢᠳᠪᠦᠷᠢᠯᠡᠬᠦ ︽ᠬᠠᠷᠢᠭᠤᠴᠠᠯᠭ᠎ᠠ ᠶᠢᠨ ᠳᠦᠷᠢᠮ︾

 ᠢ ᠪᠠᠶᠢᠭᠤᠯᠵᠤ᠂ ᠴᠠᠯᠢᠩ ᠥᠷᠢᠲᠦᠵᠦ ᠤᠷᠭᠤᠵᠦ ᠳᠠᠯᠳᠠᠯᠠᠭᠰᠠᠨ ᠦᠶᠯᠡ ᠠᠵᠢᠯᠯᠠᠭ᠎ᠠ ᠳᠤ ︽ᠵᠠᠰᠠᠭ ᠵᠠᠬᠢᠷᠭᠠᠨ ᠤ

ᠬᠠᠤᠯᠢ ᠴᠠᠭᠠᠵᠠ ᠶᠢᠨ ᠬᠤᠯᠪᠤᠭᠠᠯᠠᠨ ᠬᠥᠳᠡᠯᠦᠯᠴᠡᠵᠦ ᠴᠣᠬᠢᠯᠲᠠ ᠥᠭᠬᠦ ᠲᠣᠭᠲᠠᠴᠠ︾ ᠶᠢ ᠪᠠᠶᠢᠭᠤᠯᠵᠤ᠂ ᠴᠠᠯᠢᠩ

ᠥᠷᠢᠲᠦᠭᠰᠡᠨ ᠬᠡᠷᠡᠭ ᠢ ᠰᠢᠢᠳᠪᠦᠷᠢᠯᠡᠬᠦ ᠳᠤ ︽ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠬᠠᠷᠢᠭᠤᠴᠠᠬᠤ ᠳᠦᠷᠢᠮ

︾ ᠢ ᠲᠡᠭᠦᠯᠳᠡᠷᠵᠢᠭᠦᠯᠦᠨ᠎ᠡ᠃

29᠂ ︽ᠬᠤᠶᠠᠷ ᠢ ᠲᠣᠭᠲᠠᠭᠠᠬᠤ︾᠄ ᠨᠠᠮ ᠠᠴᠠ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ

ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ  ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠬᠤ

ᠪᠠᠶᠢᠷᠢ ᠰᠠᠭᠤᠷᠢ ᠶᠢ ᠲᠣᠭᠲᠠᠭᠠᠪᠠ᠃

30᠂ ︽ᠬᠤᠶᠠᠷ ᠢ ᠬᠠᠮᠠᠭᠠᠯᠠᠬᠤ︾᠄ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶ᠎ᠠ ᠶᠢᠨ

ᠭᠤᠣᠯᠯᠠᠭᠴᠢ᠂ ᠪᠥᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ

ᠬᠤᠷᠢᠶ᠎ᠠ ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃

31.︽ᠳᠤᠯᠤᠭ᠎ᠠ ᠶᠢ ᠲᠠᠶᠠᠭᠳᠠᠬᠤ︾᠄ ︽ᠪᠢ ᠬᠥᠮᠥᠨ ᠢ ᠬᠦᠷᠬᠦ ᠦᠭᠡᠢ︾ ᠭᠡᠰᠡᠨ ᠪᠤᠳᠤᠯ ᠢᠶᠠᠨ ᠲᠠᠶᠠᠭᠳᠠᠬᠤ; ︽

ᠬᠥᠭᠵᠢᠭᠦᠯᠬᠦ ᠳᠤ ᠳᠡᠩᠳᠡᠭᠦᠦ ᠶᠠᠭᠠᠷᠠᠬᠤ ᠬᠡᠷᠡᠭ ᠦᠭᠡᠢ︾ ᠭᠡᠰᠡᠨ ᠪᠣᠳᠣᠯ   ᠢ  ᠲᠠᠶᠠᠭᠳᠠᠬᠤ ; 

︽ᠶᠠᠪᠤᠴᠠ   ᠶᠢ ᠴᠢᠬᠤᠯᠠᠴᠢᠯᠠᠬᠤ   ᠠᠴᠠ ᠪᠢᠰᠢ ᠦᠷ᠎ᠡ ᠳ᠋ᠦᠩ   ᠢ ᠥᠯᠥ ᠴᠢᠬᠤᠯᠠᠴᠢᠯᠠᠬᠤ︾ ᠦᠵᠡᠯ ᠤᠬᠠᠮᠰᠠᠷ   ᠢ

ᠲᠠᠶᠠᠭᠳᠠᠬᠤ ; ︽ᠵᠣᠷ ᠦᠭᠡᠢ ᠪᠣᠯ ᠡᠮ ᠥᠭᠬᠦ ᠠᠴᠠ ᠵᠢᠷᠦᠬᠡᠰᠢᠶᠡᠬᠦ︾ ᠠᠷᠭ᠎ᠠ ᠶᠢ ᠲᠠᠶᠠᠭᠳᠠᠬᠤ ;

 ︽ᠨᠢᠳᠦᠨ ᠡᠮᠦᠨᠡᠬᠢ ᠪᠠᠨ ᠬᠠᠷᠠᠬᠤ ᠳᠤ ᠠᠯᠤᠰ ᠬᠤᠯᠠ   ᠶᠢ ᠥᠯᠥ ᠬᠠᠷᠠᠬᠤ︾

ᠰᠡᠳᠬᠢᠬᠦᠢ ᠪᠠᠨᠲᠠᠶᠠᠭᠳᠠᠬᠤ ; ︽ᠨᠠᠷᠢᠨ ᠵᠦᠢᠯᠡᠰ   ᠢ ᠡᠷᠬᠢᠮᠯᠡᠬᠦ ᠦᠭᠡᠢ ᠪᠣᠯ ᠪᠠᠷᠤᠭ

ᠪᠣᠯᠴᠢᠬᠠᠨ᠎ᠠ︾ ᠭᠡᠰᠡᠨ ᠰᠡᠳᠬᠢᠯᠭᠡ   ᠶᠢ ᠲᠠᠶᠠᠭᠳᠠᠬᠤ ; ︽ᠦᠢᠯᠡᠳᠪᠦᠷᠢᠯᠡᠯ   ᠢ

ᠴᠢᠬᠤᠯᠠᠴᠢᠯᠠᠵᠤ ᠡᠵᠡᠩᠨᠡᠯᠲᠡ   ᠶᠢ ᠬᠥᠩᠭᠡᠪᠴᠢᠯᠡᠬᠦ︾ ᠦᠵᠡᠯᠲᠡ   ᠶᠢ ᠲᠠᠶᠠᠭᠳᠠᠬᠤ  ᠃

 

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

ᠣᠷᠴᠢᠭᠤᠯᠤᠭᠴᠢ᠄  ᠭᠠᠩᠭ᠎ᠠ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2