ᠬᠦᠭᠵᠢᠬᠦᠯᠦᠯᠳᠡ ᠦᠬᠡᠷᠡᠴᠢᠯᠡᠯᠳᠡ ᠶᠢᠨ ᠲᠤᠪᠴᠢᠶ᠎ᠠ
ᠨᠡᠶᠢᠲᠡᠯᠡᠭᠰᠡᠨ ᠴᠠᠭ᠄
2024/3/8

   ᠨᠢᠭᠡ  ᠂  ᠤᠯᠤᠰ᠂ ᠦᠪᠡᠷᠳᠡᠭᠡᠨ ᠵᠠᠰᠠᠬᠤ ᠤᠷᠤᠨ ᠪᠠ ᠬᠤᠳᠠ ᠶᠢᠨ ᠠᠷᠠᠳ ᠢᠷᠭᠡᠨ ᠤ ᠠᠵᠤ  ᠠᠬᠤᠢ ᠪᠠ

ᠨᠡᠶᠢᠭᠡᠮ ᠤᠨ ᠬᠦᠭᠵᠢᠯᠳᠡ ᠶᠢᠨ ᠪᠠᠶᠢᠯᠳᠤᠬᠤ ᠪᠣᠳᠤᠯᠭ᠎ᠠ᠂ ᠴᠢᠭᠯᠡᠯᠳᠡ᠂ ᠲᠥᠷᠥ ᠶᠢᠨ ᠪᠣᠳᠤᠯᠭ᠎ᠠ ᠪᠠ ᠬᠦᠮᠦᠨ

ᠠᠮᠠ ᠶᠢᠨ ᠲᠦᠯᠦᠪᠵᠢᠬᠦᠯᠭᠡ ᠶᠢᠨ ᠲᠤᠭᠳᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃  ᠬᠤᠸᠠᠳᠧ ᠰᠢᠶᠠᠨ ᠤ

ᠠᠷᠠᠳ ᠢᠷᠭᠡᠨ ᠤ ᠠᠵᠤ ᠠᠬᠤᠢ ᠪᠠ ᠨᠡᠶᠢᠭᠡᠮ ᠤᠨ ᠤᠷᠳᠤ  ᠬᠤᠭᠤᠴᠠᠭᠠᠨ ᠤ ᠲᠥᠰᠦᠪᠯᠡᠯ᠂ ᠵᠢᠯ ᠤᠨ

ᠬᠦᠭᠵᠢᠯᠳᠡ ᠶᠢᠨ ᠲᠦᠯᠦᠪᠯᠡᠯᠭᠡ ᠶᠢ ᠰᠤᠳᠤᠯᠤᠨ ᠲᠤᠷᠠᠳᠴᠤ᠂  ᠤᠷᠤᠨ ᠨᠤᠲᠤᠭ ᠤᠨ ᠬᠡᠪᠴᠢᠶᠠᠨ ᠤ ᠠᠵᠤ

ᠠᠬᠤᠢ ᠶᠢᠨ ᠬᠦᠭᠵᠢᠯᠳᠡ ᠲᠥᠰᠦᠪᠯᠡᠯ ᠪᠠ ᠡᠯ᠎ᠡ ᠭᠤᠤᠯ ᠠᠵᠢᠯ ᠤᠨ ᠲᠦᠰᠤᠪᠯᠡᠯ ᠢ ᠵᠤᠬᠢᠶᠠᠨ ᠲᠤᠭᠳᠠᠭᠠᠨ᠎ᠠ᠃ ᠡᠬᠢ

ᠪᠠᠶᠠᠯᠢᠭ ᠢ ᠨᠠᠭᠡᠭᠡᠨ ᠠᠰᠢᠭᠯᠠᠬᠤ᠂  ᠡᠬᠢ ᠪᠠᠶᠠᠯᠢᠭ ᠢ ᠠᠷᠪᠢᠯᠠᠨ ᠭᠠᠮᠨᠠᠬᠤ᠂ ᠶᠡᠷᠦᠩᠭᠡᠶᠢᠯᠡᠨ ᠠᠰᠢᠭᠯᠠᠬᠤ

ᠲᠦᠯᠦᠪᠵᠢᠬᠦᠯᠭᠡ ᠶᠢ ᠵᠤᠬᠢᠶᠠᠨ᠎ᠠ᠃ ᠰᠢᠶᠠᠨ ᠤ ᠵᠠᠰᠠᠭ ᠤᠨ ᠤᠷᠳᠤᠨ ᠤ ᠨᠠᠶᠢᠳᠠᠯᠠᠭ᠎ᠠ ᠪᠠᠷ ᠰᠢᠶᠠᠨ ᠤ ᠠᠷᠠᠳ ᠤᠨ

ᠲᠦᠯᠦᠭᠡᠯᠡᠭᠴᠢᠳ ᠤᠨ ᠶᠡᠭᠡ ᠬᠤᠷᠠᠯ ᠳᠤ ᠠᠷᠠᠳ ᠢᠷᠭᠡᠨ ᠤ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ

ᠲᠦᠯᠦᠪᠵᠢᠭᠦᠯᠭᠡ ᠶᠢ ᠮᠡᠳᠡᠬᠦᠯᠦᠨ᠎ᠡ᠃

   ᠬᠤᠶᠠᠷ᠂ ᠠᠷᠠᠳ ᠢᠷᠭᠡᠨ ᠤ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠪᠠᠶᠢᠳᠠᠯ ᠢ ᠬᠢᠨᠡᠨ ᠵᠠᠳᠠᠯᠤᠵᠤ᠂

ᠬᠤᠷᠸ᠎ᠠ ᠠᠵᠤ ᠠᠬᠤᠢ ᠶᠢᠨ ᠠᠵᠢᠯᠯᠠᠭᠠᠨ ᠳᠤ ᠤᠷᠢᠳᠴᠢᠯᠠᠨ ᠮᠡᠳᠡᠯᠳᠡ᠂ ᠰᠡᠷᠡᠮᠵᠢᠯᠡᠯᠳᠡ ᠶᠠᠪᠤᠭᠤᠯᠤᠨ᠎ᠠ᠃ ᠠᠵᠤ

ᠠᠬᠤᠢ ᠶᠢᠨ ᠠᠮᠤᠷ ᠲᠥᠪᠰᠢᠨ ᠳᠤ ᠬᠤᠯᠪᠤᠭᠳᠠᠬᠤ ᠴᠢᠬᠤᠯᠠ ᠠᠰᠠᠭᠤᠳᠠᠯ ᠢ ᠰᠤᠳᠤᠯᠠᠵᠤ᠂ ᠠᠵᠤ ᠠᠬᠤᠢ ᠶᠢᠨ

ᠲᠤᠬᠢᠷᠠᠭᠤᠯᠤᠯᠳᠠ ᠳᠤ ᠲᠥᠷᠦ ᠶᠢᠨ ᠪᠣᠳᠤᠯᠭ᠎ᠠ ᠶᠢᠨ ᠰᠠᠨᠠᠭᠤᠯᠭ᠎ᠠ ᠲᠤᠷᠠᠳᠴᠦ᠂ ᠠᠵᠤ ᠠᠬᠤᠢ ᠳᠤ ᠤᠷᠤᠰᠢᠵᠤ

ᠪᠠᠶᠢᠭ᠎ᠠ ᠴᠢᠬᠤᠯᠠ ᠶᠡᠭᠡ ᠠᠰᠠᠭᠤᠳᠠᠯ ᠢ ᠶᠡᠷᠦᠩᠭᠡᠶᠢᠯᠡᠨ ᠲᠤᠬᠢᠷᠠᠭᠤᠯᠤᠨ᠎ᠠ᠃

   ᠭᠤᠷᠪᠠ᠂ ᠠᠵᠤ ᠠᠬᠤᠢ ᠶᠢᠨ ᠰᠢᠰᠲ᠋ᠧᠮ ᠤᠨ ᠦᠬᠡᠷᠡᠴᠢᠯᠡᠯᠳᠡ ᠶᠢᠨ ᠴᠢᠬᠤᠯᠠ ᠶᠡᠭᠡ ᠠᠰᠠᠭᠤᠳᠠᠯ ᠢ ᠰᠤᠳᠤᠯᠠᠵᠤ᠂

ᠶᠡᠷᠦᠩᠭᠡᠶᠢᠯᠡᠭᠰᠡᠨ ᠴᠢᠨᠠᠷᠲᠠᠢ ᠠᠵᠤ ᠠᠬᠤᠢ ᠶᠢᠨ ᠰᠢᠰᠲ᠋ᠧᠮ ᠤᠨ ᠦᠬᠡᠷᠡᠴᠢᠯᠡᠯᠳᠡ ᠶᠢᠨ ᠲᠥᠰᠦᠯ ᠢ ᠵᠤᠬᠢᠶᠠᠨ

ᠪᠠᠶᠢᠭᠤᠯᠤᠨ ᠲᠤᠭᠤᠷᠪᠢᠨ ᠲᠤᠭᠳᠠᠭᠠᠨ᠎ᠠ᠃

   ᠲᠥᠷᠪᠡ᠂ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠪᠡᠯᠡ ᠤᠷᠤᠭᠤᠯᠬᠤ ᠶᠡᠷᠦᠩᠭᠡᠢ ᠬᠡᠪᠴᠢᠶ᠎ᠡ ᠪᠠ  ᠪᠡᠯᠡ

ᠤᠷᠤᠭᠤᠯᠬᠤ ᠪᠦᠳᠦᠴᠡ ᠶᠢᠨ ᠬᠢᠨᠠᠯᠳᠠ ᠶᠢᠨ ᠬᠠᠷᠠᠯᠳᠡ᠂ ᠲᠥᠷᠦ ᠶᠢᠨ ᠪᠣᠳᠤᠯᠭ᠎ᠠ ᠵᠢᠴᠢ ᠠᠷᠭ᠎ᠠ ᠬᠡᠮᠵᠢᠶ᠎ᠡ ᠶᠢ

ᠰᠤᠳᠤᠯᠤᠨ ᠲᠤᠷᠠᠳᠤᠨ᠎ᠠ᠃ ᠤᠯᠤᠰ᠂ ᠦᠪᠡᠷᠳᠡᠭᠡᠨ ᠵᠠᠰᠠᠬᠤ ᠤᠷᠤᠨ ᠪᠠ ᠬᠤᠳᠠ ᠶᠢᠨ ᠬᠢᠨᠠᠨ ᠵᠦᠪᠰᠢᠶᠡᠷᠡᠭᠰᠡᠨ᠂

ᠬᠢᠨᠠᠨ ᠪᠠᠳᠤᠯᠠᠭᠰᠠᠨ᠂ ᠲᠠᠩᠰᠠᠨ ᠳᠤ ᠤᠷᠤᠭᠤᠯᠤᠭᠰᠠᠨ ᠪᠦᠳᠦᠭᠡᠨ ᠪᠠᠶᠢᠭᠤᠯᠤᠯᠳᠠ ᠶᠢᠨ ᠲᠦᠰᠦᠯ ᠢ ᠬᠢᠨᠠᠨ

ᠵᠦᠪᠰᠢᠶᠡᠷᠡᠵᠤ ᠲᠠᠮᠵᠢᠭᠤᠯᠤᠨ ᠮᠡᠳᠡᠬᠦᠯᠦᠨ᠎ᠡ᠃ ᠲᠤᠭᠳᠠᠭᠠᠯ ᠶᠤᠰᠤᠭᠠᠷ ᠬᠤᠸᠠᠳᠧ ᠰᠢᠶᠠᠨ ᠤ ᠲᠤᠮᠤ ᠴᠢᠬᠤᠯᠠ

ᠪᠦᠳᠦᠭᠡᠨ ᠪᠠᠶᠢᠭᠤᠯᠤᠯᠳᠠ ᠶᠢᠨ ᠲᠦᠰᠥᠯ  ᠲᠤᠮᠦ ᠴᠢᠬᠤᠯᠠ ᠭᠠᠳᠠᠭᠠᠳᠤ ᠪᠡᠯᠡ ᠤᠷᠤᠭᠤᠯᠤᠯᠳᠠ ᠶᠢᠨ ᠲᠥᠰᠦᠯ ᠢ

ᠬᠢᠨᠠᠨ ᠵᠦᠪᠰᠢᠶᠡᠷᠡᠬᠦ᠂ ᠬᠢᠨᠠᠨ ᠪᠠᠲᠤᠯᠠᠬᠤ᠂ ᠲᠠᠩᠰᠠᠨ ᠳᠤ ᠤᠷᠤᠭᠤᠯᠤᠨ᠎ᠠ᠃ ᠭᠠᠳᠠᠭᠠᠳᠤ ᠶᠢᠨ ᠵᠢᠭᠡᠯᠡᠯᠭᠡ ᠶᠢᠨ

ᠪᠦᠳᠦᠭᠡᠨ ᠪᠠᠶᠢᠭᠤᠯᠤᠯᠳᠠ ᠶᠢᠨ ᠪᠡᠯᠡ ᠮᠦᠩᠭᠦ ᠶᠢ ᠬᠡᠷᠡᠭᠯᠡᠬᠦ ᠶᠢ ᠵᠢᠯᠤᠭᠤᠳᠤᠨ ᠬᠢᠨᠠᠨᠯᠳᠠ ᠲᠠᠯᠪᠢᠨ᠎ᠠ᠃ ᠲᠦᠰᠥᠯ ᠤᠨ

ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠬᠢᠨᠠᠨ ᠪᠠᠶᠢᠴᠠᠭᠠᠵᠤ᠂ ᠬᠤᠯᠪᠤᠭᠳᠠᠯ ᠪᠦᠬᠦᠢ ᠰᠠᠯᠭ᠎ᠠ ᠮᠦᠴᠢᠷ ᠤᠨ

ᠬᠡᠷᠡᠭᠵᠢᠬᠦᠯᠵᠦ ᠪᠠᠶᠢᠭ᠎ᠠ ᠪᠦᠳᠦᠭᠡᠨ ᠪᠠᠶᠢᠭᠤᠯᠤᠯᠳᠠ ᠶᠢᠨ ᠲᠥᠰᠦᠯ ᠤᠨ ᠵᠢᠯ ᠤᠨ ᠲᠦᠯᠦᠪᠵᠢᠭᠦᠯᠭᠡ ᠶᠢ

ᠵᠣᠬᠢᠴᠠᠭᠤᠯᠤᠨ᠎ᠠ᠃

   ᠲᠠᠪᠤ᠂ ᠠᠵᠤ ᠦᠢᠯᠡᠳᠪᠦᠷᠢ ᠶᠢᠨ ᠪᠦᠳᠦᠴᠡ ᠶᠢᠨ ᠪᠠᠶᠢᠯᠳᠤᠬᠤ  ᠪᠣᠳᠤᠯᠭ᠎ᠠ ᠶᠢᠨ ᠲᠤᠬᠢᠷᠠᠭᠤᠯᠤᠯᠳᠠ ᠪᠠ

ᠠᠬᠢᠯᠲᠠ ᠶᠢ ᠲᠦᠯᠬᠢᠨ ᠠᠬᠢᠭᠤᠯᠤᠨ᠎ᠠ᠃ ᠤᠯᠤᠰ ᠠᠷᠠᠳ ᠤᠨ ᠠᠵᠤ ᠠᠬᠤᠢ ᠶᠢᠨ ᠴᠢᠬᠤᠯᠠ ᠠᠵᠤ

ᠦᠢᠯᠡᠳᠪᠦᠷᠢ ᠶᠢᠨ ᠬᠦᠭᠵᠢᠯᠳᠡ ᠶᠢᠨ ᠪᠠᠶᠢᠳᠤᠯᠬᠤ ᠲᠥᠷᠦ ᠶᠢᠨ ᠪᠣᠳᠤᠯᠭ᠎ᠠ ᠪᠠ ᠲᠦᠰᠦᠪᠯᠡᠯ ᠢ ᠲᠤᠷᠠᠳᠤᠨ᠎ᠠ᠃ ᠪᠦᠬᠦ

ᠰᠢᠶᠠᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠲᠦᠰᠦᠪᠯᠡᠯ᠂ ᠲᠦᠯᠦᠪᠯᠡᠯᠭᠡ ᠶᠢᠨ

ᠨᠡᠶᠢᠯᠡᠬᠦ ᠲᠡᠩᠴᠡᠬᠦᠷᠢ ᠶᠢ ᠰᠠᠶᠢᠳᠤᠷ ᠬᠢᠨ᠎ᠡ᠃ ᠮᠠᠯ ᠠᠵᠤ ᠠᠬᠤᠢ ᠶᠢᠨ ᠬᠦᠭᠵᠢᠯᠲᠡ ᠶᠢᠨ ᠴᠢᠬᠤᠯᠠ ᠶᠡᠭᠡ

ᠠᠰᠠᠭᠤᠳᠠᠯ ᠢ ᠰᠤᠳᠤᠯᠤᠨ ᠵᠣᠬᠢᠴᠠᠭᠤᠯᠤᠨ᠎ᠠ᠃ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠲᠦᠰᠦᠪᠯᠡᠯ ᠢ

ᠵᠤᠬᠢᠶᠠᠨ ᠬᠡᠷᠡᠭᠵᠢᠬᠦᠯᠦᠨ᠎ᠡ᠃

   ᠵᠢᠷᠭᠤᠭ᠎ᠠ᠂ ᠪᠦᠬᠦ ᠰᠢᠶᠠᠨ ᠤ ᠭᠠᠳᠠᠭᠠᠳᠤ ᠨᠡᠭᠡᠭᠡᠯᠲᠡ᠂ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠠᠵᠢᠯ ᠢ

ᠡᠭᠦᠷᠭᠡᠯᠡᠵᠤ᠂ ᠪᠦᠬᠦ ᠰᠢᠶᠠᠨ ᠤ ᠭᠠᠳᠠᠭᠠᠳᠤ  ᠨᠡᠭᠡᠭᠡᠯᠳᠡ᠂ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ᠂

ᠭᠠᠳᠠᠭᠠᠳᠤ ᠠᠷᠠᠯᠵᠢᠶ᠎ᠠ᠂ ᠠᠵᠤ ᠠᠬᠤᠢ ᠶᠢᠨ ᠮᠡᠷᠭᠡᠵᠢᠯ ᠤᠨ ᠬᠠᠮᠳᠤᠷᠠᠯᠴᠠᠭ᠎ᠠ ᠪᠠ ᠭᠠᠳᠠᠭᠠᠳᠤ ᠪᠡᠯᠡ ᠶᠢ

ᠠᠰᠢᠭᠯᠠᠭᠰᠠᠨ ᠬᠦᠭᠵᠢᠯᠳᠡ ᠶᠢᠨ ᠪᠠᠶᠢᠯᠳᠤᠬᠤ ᠪᠣᠳᠤᠯᠭ᠎ᠠ ᠪᠠ ᠴᠢᠭᠯᠡᠯᠳᠡ ᠶᠢᠨ ᠲᠥᠷᠦ ᠶᠢᠨ ᠪᠣᠳᠤᠯᠭ᠎ᠠ ᠶᠢ

ᠰᠤᠳᠤᠯᠤᠨ ᠲᠤᠷᠠᠳᠴᠤ᠂ ᠪᠦᠬᠦ ᠰᠢᠶᠠᠨ ᠤ ᠭᠠᠳᠠᠭᠠᠳᠤ ᠪᠡᠯᠡ ᠶᠢ ᠠᠰᠢᠭᠯᠠᠭᠰᠠᠨ ᠶᠡᠷᠦᠩᠭᠡᠢ ᠬᠡᠪᠴᠢᠶ᠎ᠡ ᠪᠠ

ᠬᠠᠨᠳᠤᠯᠠᠭ᠎ᠠ ᠶᠢ ᠪᠡᠲᠤᠯᠠᠵᠤ᠂ ᠪᠦᠬᠦ ᠰᠢᠶᠠᠨ ᠤ ᠬᠠᠩᠭᠠᠯᠭ᠎ᠠ ᠶᠢᠨ ᠬᠡᠷᠡᠭᠴᠡᠭᠡᠨ ᠤ ᠪᠠᠶᠢᠳᠠᠯ ᠢ ᠰᠤᠳᠤᠯᠤᠨ ᠵᠠᠳᠠᠯᠤᠨ᠎ᠠ᠃

   ᠲᠤᠯᠤᠭ᠎ᠠ  ᠂ ᠣᠯᠣᠰ ᠤᠨ ᠪᠠᠷᠠᠭᠤᠨ ᠣᠷᠤᠨ ᠢ ᠶᠡᠬᠡᠪᠡᠷ ᠨᠡᠭᠡᠭᠡᠨ ᠬᠦᠭᠵᠢᠬᠦᠯᠬᠦ ᠬᠤᠯᠪᠤᠭᠳᠠᠯ ᠪᠦᠬᠦᠢ

ᠲᠥᠷᠦ ᠶᠢᠨ ᠪᠣᠳᠤᠯᠭ᠎ᠠ ᠪᠠ ᠠᠷᠭ᠎ᠠ ᠬᠡᠮᠵᠢᠶ᠎ᠡ ᠶᠢ ᠲᠤᠤᠱᠯᠠᠭᠤᠯᠤᠨ  ᠨᠠᠶᠢᠳᠠᠪᠤᠷᠢᠵᠢᠭᠤᠯᠵᠦ᠂ ᠪᠠᠷᠠᠭᠤᠨ ᠤᠷᠤᠨ ᠢ

ᠶᠡᠬᠡᠪᠡᠷ ᠨᠡᠭᠡᠭᠡᠨ ᠬᠦᠭᠵᠢᠬᠦᠯᠬᠦ ᠭᠤᠤᠯᠳᠠᠯᠭᠠᠳᠤ ᠲᠥᠰᠦᠯ ᠢ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠭᠤᠤᠯ

ᠴᠤᠭᠴᠠᠳᠤ ᠴᠢᠳᠠᠮᠵᠢ ᠶᠢᠨ ᠤᠷᠤᠨ ᠤ ᠲᠦᠯᠦᠪᠵᠢᠬᠦᠯᠭᠡ ᠶᠢ ᠵᠤᠬᠢᠴᠠᠩᠭᠤᠢ ᠡᠬᠦᠷᠭᠡᠯᠡᠬᠦ ᠶᠢᠨ ᠲᠠᠭᠠᠤ ᠬᠢᠨᠠᠨ ᠬᠡᠮᠵᠢᠵᠤ

ᠦᠨᠡᠯᠡᠨ ᠵᠢᠱᠢᠬᠦ ᠠᠵᠢᠯ ᠢ ᠬᠠᠷᠢᠭᠤᠴᠠᠨ᠎ᠠ᠃

   ᠨᠠᠢᠮᠠ᠂  ᠬᠦᠮᠦᠨ ᠠᠮᠠ  ᠪᠠ  ᠲᠦᠯᠦᠪᠯᠡᠭᠡᠳᠤ ᠦᠷᠡᠵᠢᠯ᠂  ᠰᠢᠨᠵᠢᠯᠡᠬᠦ ᠤᠬᠠᠭᠠᠨ ᠮᠡᠷᠭᠡᠵᠢᠯ᠂  ᠰᠤᠷᠭᠠᠨ 

ᠬᠦᠮᠦᠵᠢᠯ᠂ ᠰᠤᠶᠤᠯ᠂ ᠡᠷᠡᠭᠦᠯ ᠬᠠᠮᠠᠭᠠᠯᠠᠯ᠂ ᠲᠠᠮᠢᠷ ᠵᠡᠷᠬᠡ ᠨᠡᠶᠢᠭᠡᠮ ᠤᠨ ᠠᠵᠤ ᠦᠢᠯᠡᠰ ᠪᠠ ᠤᠯᠤᠰ ᠠᠷᠠᠳ ᠤᠨ

ᠠᠵᠤ ᠠᠬᠤᠢ ᠶᠢᠨ ᠬᠦᠭᠵᠢᠯᠳᠡ ᠶᠢ ᠵᠤᠯᠭᠠᠭᠤᠯᠬᠤ ᠲᠡᠩᠴᠡᠬᠦᠷᠢ ᠶᠢ ᠰᠠᠶᠢᠳᠤᠷ ᠬᠢᠨ᠎ᠡ᠃

   ᠶᠢᠰᠦ᠂ ᠦᠷᠬᠦᠯᠵᠢᠯᠡᠨ ᠬᠦᠭᠵᠢᠬᠦ ᠪᠠᠶᠢᠯᠳᠤᠬᠤ ᠪᠣᠳᠣᠯᠭ᠎ᠠ  ᠶᠢ ᠲᠥᠯᠬᠢᠨ ᠠᠬᠢᠭᠤᠯᠵᠤ᠂ ᠪᠦᠬᠦ ᠰᠢᠶᠠᠨ ᠤ

ᠡᠨᠧᠷᠬᠢ ᠠᠷᠪᠢᠯᠠᠵᠤ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠶᠡᠷᠦᠩᠭᠡᠢ

ᠲᠡᠩᠴᠡᠬᠦᠷᠢ ᠶᠢ ᠪᠠᠳᠤᠯᠠᠵᠤ᠂ ᠪᠦᠬᠦ ᠰᠢᠶᠠᠨ ᠤ ᠡᠷᠬᠢᠯᠳᠤᠳᠤ ᠠᠵᠤ ᠠᠬᠤᠢ ᠶᠢ ᠵᠤᠬᠢᠶᠠᠨ ᠪᠠᠶᠢᠭᠤᠯᠤᠨ ᠲᠦᠰᠦᠭᠡᠯᠡᠵᠦ᠂

ᠪᠦᠬᠦ ᠨᠡᠶᠢᠭᠡᠮ ᠤᠨ ᠡᠬᠢ ᠰᠤᠷᠪᠤᠯᠵᠢ ᠶᠢ ᠠᠷᠪᠢᠯᠠᠬᠤ ᠪᠠ ᠶᠡᠷᠦᠩᠭᠡᠶᠢᠯᠡᠭᠰᠡᠨ ᠲᠦᠰᠦᠪᠯᠡᠯ ᠢ ᠠᠰᠢᠭᠯᠠᠬᠤ ᠵᠢᠴᠢ

ᠲᠦᠷᠥ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠠ ᠶᠢ ᠲᠡᠩᠴᠡᠭᠦᠷᠢᠯᠡᠨ ᠬᠡᠷᠡᠭᠵᠢᠬᠦᠯᠦᠨ᠎ᠡ᠃

   ᠠᠷᠪᠠ᠂  ᠬᠤᠸᠠᠳᠧ ᠰᠢᠶᠠᠨ ᠤ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠳᠠ ᠶᠢᠨ ᠲᠦᠯᠦᠪᠯᠡᠭᠡ ᠶᠢ

ᠨᠠᠶᠢᠷᠠᠭᠤᠯᠤᠨ ᠵᠤᠬᠢᠶᠠᠵᠤ᠂ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠳᠠ ᠪᠠ ᠤᠯᠤᠰ  ᠠᠷᠠᠳ ᠤᠨ ᠠᠵᠤ

ᠠᠬᠤᠢ᠂ ᠤᠯᠤᠰ ᠤᠨ ᠬᠠᠮᠠᠭᠠᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠬᠠᠷᠢᠴᠠᠭ᠎ᠠ ᠶᠢ ᠰᠤᠳᠤᠯᠵᠤ᠂ ᠬᠤᠸᠠᠳᠧ

ᠰᠢᠶᠠᠨ ᠤ ᠤᠯᠤᠰ ᠠᠷᠠᠳ ᠤᠨ ᠠᠵᠤ ᠠᠬᠤᠢ ᠶᠢᠨ ᠬᠤᠯᠪᠤᠭᠳᠠᠯ ᠪᠦᠬᠦᠢ ᠠᠵᠢᠯ ᠢ ᠬᠡᠷᠡᠭᠵᠢᠬᠦᠯᠵᠦ᠂ ᠬᠤᠸᠠᠳᠧ

ᠰᠢᠶᠠᠨ ᠤ ᠤᠯᠤᠰ ᠤᠨ ᠬᠠᠮᠠᠭᠠᠯᠠᠯᠳᠠ ᠶᠢᠨ ᠳᠠᠶᠢᠴᠢᠯᠠᠯᠳᠠ ᠶᠢᠨ ᠵᠦᠪᠯᠡᠯ ᠤᠨ ᠬᠤᠯᠪᠤᠭᠳᠠᠯ ᠪᠦᠬᠦᠢ ᠠᠵᠢᠯ ᠢ

ᠡᠭᠦᠷᠬᠡᠯᠡᠨ᠎ᠡ᠃

   ᠠᠷᠪᠠᠨ ᠨᠢᠭᠡ᠂ ᠤᠯᠤᠰ᠂ ᠦᠪᠡᠷᠳᠡᠭᠡᠨ ᠵᠠᠰᠠᠬᠤ ᠤᠷᠤᠨ ᠪᠠ ᠬᠤᠳᠠ ᠶᠢᠨ ᠪᠠᠷᠠᠭᠠᠨ ᠤ ᠦᠨ᠎ᠡ ᠲᠠᠢ

ᠬᠤᠯᠪᠤᠭᠳᠠᠬᠤ ᠴᠢᠭᠯᠡᠯᠳᠡ ᠶᠢᠨ ᠲᠥᠷᠦ  ᠶᠢᠨ ᠪᠣᠳᠤᠯᠭ᠎ᠠ ᠶᠢ ᠨᠠᠶᠢᠳᠠᠪᠤᠷᠢᠵᠢᠭᠤᠯᠵᠦ᠂ ᠦᠨ᠎ᠡ ᠬᠠᠩᠰᠢ ᠶᠢᠨ

ᠲᠥᠷᠦ ᠶᠢᠨ ᠪᠣᠳᠣᠯᠭ᠎ᠠ ᠶᠢᠨ ᠬᠡᠷᠡᠭᠵᠢᠬᠦᠯᠦᠯᠳᠡ ᠳᠤ ᠬᠢᠨᠠᠯᠳᠠ ᠲᠠᠯᠪᠢᠨ᠎ᠡ᠃ ᠵᠠᠰᠠᠭ ᠤᠨ ᠤᠷᠳᠤᠨ ᠤ ᠵᠢᠯ ᠤᠨ ᠦᠨ᠎ᠡ

ᠬᠠᠩᠰᠢ ᠶᠢᠨ ᠲᠤᠬᠢᠷᠠᠭᠤᠯᠤᠯᠳᠠ ᠶᠢᠨ ᠲᠦᠯᠦᠪᠡᠯᠡᠭᠡ ᠶᠢ ᠰᠤᠳᠤᠯᠤᠨ ᠲᠤᠷᠠᠳᠴᠤ᠂ ᠴᠢᠬᠤᠯᠠ ᠲᠠᠸᠠᠷ ᠤᠨ ᠦᠨ᠎ᠡ

ᠬᠠᠩᠰᠢ ᠶᠢᠨ ᠬᠤᠪᠢᠷᠠᠯᠳᠠ ᠶᠢᠨ ᠪᠠᠶᠢᠳᠠᠯ ᠢ ᠵᠢᠱᠢᠨ ᠵᠠᠳᠠᠯᠤᠨ᠎ᠠ᠃ ᠡᠯ᠎ᠡ ᠵᠦᠢᠯ ᠤᠨ ᠦᠨ᠎ᠡ ᠬᠠᠩᠰᠢ ᠶᠢ

ᠲᠤᠬᠢᠷᠠᠭᠤᠯᠤᠨ ᠡᠵᠡᠮᠳᠡᠬᠦ ᠠᠷᠭ᠎ᠠ ᠪᠠᠷᠢᠯ ᠢᠶᠠᠷ ᠪᠠᠷᠠᠭᠠᠨ ᠤ ᠦᠨ᠎ᠡ ᠶᠢ ᠲᠤᠭᠳᠠᠪᠦᠷᠢᠵᠢᠭᠤᠯᠵᠤ᠂ ᠦᠨ᠎ᠡ ᠬᠠᠩᠰᠢ ᠶᠢᠨ

ᠬᠡᠯᠪᠡᠯᠵᠡᠬᠦ ᠶᠢ ᠪᠠᠭᠠᠰᠬᠠᠨ᠎ᠠ᠃

   ᠠᠷᠪᠠᠨ ᠬᠤᠶᠠᠷ᠂  ᠪᠦᠬᠦ  ᠰᠢᠶᠠᠨ  ᠤ  ᠨᠦᠭᠡᠴᠡ  ᠠᠮᠤ  ᠶᠢ  ᠬᠠᠷᠢᠭᠤᠴᠠᠨ  ᠬᠠᠮᠢᠶᠠᠷᠤᠨ᠎ᠠ᠃

   ᠠᠷᠪᠠᠨ ᠭᠤᠷᠪᠠ᠂ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠠᠴᠠ ᠲᠤᠰᠢᠶᠠᠭᠰᠠᠨ ᠪᠤᠰᠤᠳ

ᠵᠦᠢᠯ ᠤᠨ ᠨᠦᠬᠦᠪᠦᠷᠢᠯᠡᠬᠦ ᠵᠦᠢᠯ  ᠢ ᠬᠠᠷᠢᠭᠤᠴᠠᠨ ᠬᠦᠢᠴᠡᠳᠬᠡᠨ᠎ᠡ  ᠃

    ᠪᠠᠶᠢᠭᠤᠯᠭ᠎ᠠ ᠶᠢᠨ ᠬᠠᠶ᠋ᠢᠭ᠄  ᠬᠤᠸᠠᠳᠧ ᠰᠢᠶᠠᠨ  ᠤ ᠴᠠᠩ ᠱᠦᠨ ᠪᠠᠯᠭᠠᠰᠤᠨ ᠤ ᠴᠠᠩ ᠹᠧᠩ ᠶᠡᠭᠡ

ᠵᠡᠭᠡᠯᠢ ᠶᠢᠨ ᠪᠦᠳᠦᠭᠡᠨ ᠪᠠᠶᠢᠭᠤᠯᠤᠯᠳᠠ ᠵᠢᠨ‌‍ᠶᠡᠭᠡ ᠠᠰᠠᠷ ᠤᠨ ᠲᠦᠷᠪᠡᠳᠤᠭᠡᠷ ᠲᠠᠪᠬᠤᠷᠭ᠎ᠠ

    ᠬᠠᠷᠢᠯᠴᠠᠬᠤ ᠤᠳᠠᠰᠤ᠄ 0474___7904740

    ᠪᠠᠶᠢᠭᠤᠯᠭ᠎ᠠ ᠶᠢᠨ ᠢᠮᠧᠯ᠄ hd1jq4740@sina.com

                                   ᠤᠷᠴᠢᠭᠤᠯᠤᠭᠴᠢ᠄ ᠭᠠᠩᠭ᠎ᠠ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2