ᠬᠤᠸᠠᠳᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠤᠯᠠᠨ ᠲᠦᠮᠡᠨ ᠤ ᠲᠤᠭ ᠬᠦᠷᠲᠡᠵᠦ ᠲᠠᠯᠠᠷᠬᠠᠯ ᠢᠶᠠᠨ ᠳᠡᠪᠰᠢᠭᠦᠯᠪᠡ
ᠨᠡᠶᠢᠲᠡᠯᠡᠭᠰᠡᠨ ᠴᠠᠭ᠄
2024/4/26

    ᠣᠶᠢᠷ᠎ᠠ ᠳᠤ᠂ ᠮᠠᠨ ᠤ ᠰᠢᠶᠠᠨ ᠤ ᠨᠢᠭᠡᠨ ᠢᠳᠡᠷ ᠨᠠᠰᠤᠨ ᠤ ᠡᠷᠡᠭᠲᠡᠢ ︽ᠰᠢᠷᠦᠭᠦᠨ ᠭᠠᠯ ᠳᠦᠷᠡᠯᠵᠡᠨ᠂ ᠠᠷᠠᠳ

ᠣᠯᠠᠨ ᠤ ᠠᠶᠤᠯ ᠲᠦᠭᠰᠢᠭᠦᠷᠢ ᠠᠴᠠ ᠠᠶᠤᠬᠤ ᠦᠭᠡᠢ︾ ᠭᠡᠰᠡᠨ ᠦᠰᠦᠭ ᠲᠠᠢ ᠬᠤᠪᠢᠰᠬᠠᠯᠲᠤ ᠤᠯᠠᠭᠠᠨ ᠬᠡᠮᠡᠷᠯᠢᠭ

ᠲᠤᠭ ᠲᠠᠢ ᠪᠠᠶᠢᠵᠤ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠬᠦᠷᠴᠦ᠂ ᠪᠦᠬᠦ

ᠵᠢᠯᠣᠭᠤᠳᠤᠭᠴᠢ ᠪᠠᠶᠢᠯᠳᠤᠭᠴᠢᠳ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠴᠠᠭ ᠲᠤᠬᠠᠶ ᠳᠤᠨᠢ

ᠠᠪᠤᠷᠠᠭᠰᠠᠨ ᠳᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃

1713789658281064003.jpg

   

     ᠣᠶᠢᠯᠠᠭᠠᠭᠰᠠᠨ ᠢᠶᠠᠷ᠂ 2024 ᠣᠨ ᠤ 1 ᠰᠠᠷ᠎ᠠ ᠶᠢᠨ 26 ᠤ ᠡᠳᠦᠷ ᠤᠨ 18 ᠴᠠᠭ ᠲᠤ᠂ ᠬᠤᠸᠠᠳᠧ

ᠰᠢᠶᠠᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠰᠠᠭᠤᠭᠠᠯᠢ

ᠠᠷᠠᠳ ᠤᠨ ᠴᠠᠭᠳᠠᠭ᠎ᠠ ᠳᠤ ᠮᠡᠳᠠᠭᠦᠯᠦᠭᠰᠡᠨ ᠢ ᠭᠥᠯᠢᠶᠡᠨ

ᠠᠪᠤᠭᠰᠠᠨ ᠢᠶᠠᠷ᠄ ᠰᠢᠶᠠᠨ ᠤ ᠰᠣᠶᠣᠯ ᠰᠠᠭᠤᠭᠠᠯᠢ ᠠᠷᠠᠳ ᠤᠨ ᠲᠣᠭᠤᠷᠢᠭ ᠤᠨ ᠨᠢᠭᠡ ᠰᠠᠭᠤᠭᠠᠯᠢ

ᠠᠷᠠᠳ ᠤᠨ ᠬᠡᠷ ᠲᠤ ᠭᠠᠯ ᠤᠨ ᠠᠶᠤᠯ ᠭᠠᠷᠤᠭᠰᠠᠨ ᠠᠴᠠ ᠪᠣᠯᠵᠣ᠂ ᠭᠠᠯ ᠤᠨᠲᠠᠷᠠᠭᠠᠵᠤ ᠠᠪᠤᠷᠠᠨ

ᠲᠤᠰᠠᠯᠠᠬᠤ ᠬᠥᠮᠦᠰ ᠲᠤᠬᠠᠶ ᠶᠢᠨ ᠲᠠᠯᠠᠪᠤᠷ ᠲᠤ ᠬᠦᠷᠴᠦ ᠠᠪᠤᠷᠠᠨ ᠲᠤᠰᠠᠯᠠᠬᠤ ᠴᠢᠬᠤᠯᠠᠲᠠᠶ ᠭᠡᠪᠡ᠃ ᠲᠦᠭᠰᠢᠭᠦᠷᠢ

ᠮᠡᠳᠡᠭᠦᠯᠦᠭᠰᠡᠨ ᠢ ᠣᠯᠤᠭᠰᠠᠨ ᠤ ᠳᠠᠷᠠᠭ᠎ᠠ᠂ ᠰᠢᠶᠠᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ

ᠳᠠᠷᠤᠶ ᠲᠦᠷᠭᠡᠨ ᠴᠠᠭᠳᠠᠭ᠎ᠠ ᠭᠠᠷᠭᠠᠵᠤ ᠲᠤᠬᠠᠶ ᠶᠢᠨ ᠲᠠᠯᠠᠪᠤᠷ ᠲᠤ ᠬᠦᠷᠴᠦ 

ᠰᠢᠢᠳᠪᠦᠷᠢᠯᠡᠪᠡ᠃ ᠣᠬᠤᠷᠬᠠᠨ ᠬᠤᠭᠤᠴᠠᠭᠠᠨ ᠳᠤ ᠪᠠᠶᠢᠳᠠᠯ ᠢ ᠣᠶᠢᠯᠠᠭᠠᠭᠰᠠᠨ ᠤ

ᠳᠠᠷᠠᠭ᠎ᠠ᠂ ᠵᠢᠯᠤᠭᠤᠳᠤᠭᠴᠢ ᠠᠴᠠ ᠠᠪᠤᠷᠠᠨ ᠲᠤᠰᠠᠯᠠᠬᠤ ᠲᠥᠰᠦᠯ ᠢ ᠦᠳᠲᠡᠷ ᠲᠦᠷᠭᠡᠨ ᠲᠣᠭᠲᠠᠭᠠᠨ ᠲᠦᠷᠭᠡᠨ

ᠪᠠᠶᠢᠯᠳᠤᠵᠤ᠂ 50 ᠮᠢᠨᠦ᠋ᠲ ᠤᠨ ᠠᠪᠤᠷᠠᠨ ᠲᠤᠰᠠᠯᠠᠯᠲᠠ ᠶᠢ ᠥᠩᠭᠡᠷᠡᠭᠡᠵᠦ᠂ ᠭᠠᠯ ᠢ ᠠᠮᠵᠢᠯᠲᠠ ᠲᠠᠢ ᠤᠨᠲᠠᠷᠠᠭᠠᠪᠠ᠃

    ᠭᠠᠯ ᠤᠨᠲᠠᠷᠠᠭᠠᠵᠤ ᠪᠠᠷᠠᠭᠰᠠᠨ ᠤ ᠳᠠᠷᠠᠭ᠎ᠠ᠂ ᠳᠠᠬᠢᠨ ᠨᠣᠴᠣᠵᠤ ᠳᠡᠶᠢᠯᠬᠦ ᠪᠣᠯᠤᠯᠴᠠᠭ᠎ᠠ ᠶᠢ ᠨᠤᠲᠠᠯᠠᠭᠰᠠᠨ ᠤ

ᠳᠠᠷᠠᠭ᠎ᠠ᠂ ᠲᠤᠬᠠᠶ ᠶᠢᠨ ᠲᠠᠯᠠᠪᠤᠷ ᠤᠨ ᠵᠢᠯᠤᠭᠤᠳᠤᠭᠴᠢ ᠠᠴᠠ ᠰᠠᠭᠤᠭᠠᠯᠢ ᠠᠷᠠᠳ ᠤᠳ ᠲᠤ ᠭᠡᠷ ᠲᠡᠭᠡᠨ

ᠰᠠᠭᠤᠵᠤ ᠭᠠᠯ ᠰᠡᠷᠭᠡᠶᠢᠯᠡᠬᠦ ᠶᠡᠷᠦ ᠶᠢᠨ ᠮᠡᠳᠡᠯᠭᠡ ᠵᠢᠴᠢ ᠠᠩᠬ᠎ᠠ ᠡᠭᠦᠰᠦᠭᠰᠡᠨ ᠭᠠᠯ ᠤᠨ ᠠᠶᠤᠯ ᠤᠨ ᠲᠤᠬᠠᠶ ᠭᠠᠯ

ᠤᠨᠲᠠᠷᠠᠭᠠᠬᠤ ᠠᠷᠭ᠎ᠠ ᠪᠣᠯᠤᠨ ᠠᠩᠬᠠᠷᠬᠤ ᠵᠦᠢᠯᠡᠰ ᠢ ᠲᠠᠶᠢᠯᠪᠤᠷᠢᠯᠠᠨ ᠥᠭᠴᠦ᠂ ᠠᠪᠤᠷᠠᠨ ᠲᠤᠰᠠᠯᠠᠬᠤ ᠠᠵᠢᠯᠲᠠᠨ

ᠪᠠᠭᠠᠵᠢ ᠬᠡᠷᠡᠭᠰᠡᠯ ᠢ ᠬᠤᠷᠢᠶᠠᠭᠰᠠᠨ ᠤ ᠳᠠᠷᠠᠭ᠎ᠠ ᠠᠩᠭᠢ ᠳᠠᠭᠠᠨ ᠪᠤᠴᠠᠵᠤ ᠲᠠᠶᠢᠨ ᠤ ᠪᠡᠯᠡᠳᠭᠡᠯ ᠢᠶᠠᠨ ᠰᠡᠷᠭᠦᠭᠡᠬᠦ

ᠬᠡᠷᠡᠭᠲᠡᠶ᠃ ᠲᠣᠰ ᠤᠳᠠᠭᠠᠨ ᠤ ᠭᠠᠯ ᠲᠦᠢᠮᠡᠷ ᠢ ᠰᠢᠢᠳᠪᠦᠷᠢᠯᠡᠬᠦ ᠳᠤ᠂ ᠶᠡᠭᠡ ᠠᠩᠭᠢ ᠴᠠᠭᠳᠠᠭ᠎ᠠ ᠬᠥᠳᠡᠯᠵᠦ᠂

ᠴᠠᠭ ᠲᠤᠬᠠᠶ ᠳᠤᠨᠢ ᠭᠠᠯ ᠤᠨᠲᠠᠷᠠᠭᠠᠵᠤ᠂ ᠣᠯᠠᠨ ᠲᠦᠮᠡᠨ ᠳᠤ ᠠᠵᠤ ᠠᠬᠤᠶ ᠶᠢᠨ ᠬᠤᠬᠢᠷᠠᠯ ᠢ ᠡᠭᠡᠭᠦᠯᠦᠨ

ᠠᠪᠴᠢᠷᠠᠵᠤ ᠥᠭᠴᠡᠶ᠃

    ᠬᠡᠮᠡᠷᠯᠢᠭ ᠲᠤᠭ ᠣᠯᠣᠭᠰᠠᠨ ᠤ ᠳᠠᠷᠠᠭ᠎ᠠ᠂ ᠬᠡᠮᠡᠷᠯᠢᠭ ᠲᠤᠭ ᠢ ᠣᠯᠤᠭᠰᠠᠨ ᠨᠢ ᠵᠥᠪᠬᠡᠨ ᠬᠡᠮᠡᠷᠯᠢᠭ ᠲᠤᠭ

ᠪᠣᠯᠬᠤ ᠪᠠᠷ ᠪᠠᠷᠠᠬᠤ ᠥᠬᠡᠶ᠂ ᠨᠠᠩ ᠴᠤ ᠬᠠᠷᠢᠭᠤᠴᠠᠯᠭ᠎ᠠ ᠮᠥᠨ᠂ ᠢᠷᠠᠭᠤ ᠠᠯᠳᠠᠷ ᠮᠥᠨ᠂ ᠨᠢᠭᠡ ᠬᠤᠪᠢ

ᠤᠯᠠᠮᠵᠢᠯᠠᠯ ᠮᠥᠨ᠃ ᠬᠡᠮᠡᠷᠯᠢᠭ ᠲᠤᠭ ᠳᠡᠭᠡᠷ᠎ᠡ ᠭᠡᠷᠡᠯ ᠭᠢᠯᠪᠠᠭ᠎ᠠ ᠪᠠᠨ ᠰᠠᠴᠤᠷᠠᠭᠤᠯᠤᠭᠰᠠᠨ ᠦᠰᠦᠭ ᠨᠢ

ᠵᠣᠷᠢᠭᠵᠢᠭᠤᠯᠤᠯ ᠪᠣᠯᠬᠤ ᠪᠠᠷ ᠪᠠᠷᠠᠬᠤ ᠥᠬᠡᠶ᠂ ᠨᠠᠩ ᠴᠤ ᠥᠷᠭᠡᠨ ᠣᠯᠠᠨ ᠳᠠᠷᠤᠭ᠎ᠠ ᠪᠠᠶᠢᠯᠳᠤᠭᠴᠢᠳ ᠤᠨ ᠬᠦᠴᠢᠷ ᠢ

ᠰᠦᠷᠦᠨ ᠤᠷᠤᠭᠰᠢᠯᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠤᠨ᠎ᠠ᠃ ᠦᠵᠡᠬᠦ ᠳᠤ ᠶᠡᠷᠦᠮᠳᠡᠭ ᠰᠢᠭ 

ᠬᠡᠮᠡᠷᠯᠢᠭ ᠲᠤᠭ ᠨᠢ ᠬᠠᠷᠢᠨ ᠠᠷᠠᠳ ᠤᠯᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠶᠢ ᠮᠡᠳᠡᠷᠡᠵᠦ

ᠮᠠᠭᠲᠠᠨ ᠰᠠᠶᠢᠰᠢᠶᠠᠬᠤ ᠶᠢ ᠠᠴᠢᠶᠠᠯᠠᠵᠤ᠂ ᠭᠠᠯ ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢᠳ ᠤᠨ ᠠᠶᠤᠯ

ᠲᠦᠭᠰᠢᠭᠦᠷᠢ ᠠᠴᠠ ᠠᠶᠤᠬᠤ ᠦᠭᠡᠢ᠂ ᠲᠦᠷᠭᠡᠨ ᠪᠥᠭᠡᠳ ᠥᠨᠳᠥᠷ ᠪᠦᠲᠦᠮᠵᠢᠲᠡᠢ ᠪᠠᠴᠢᠮ ᠪᠠᠶᠢᠳᠠᠯ ᠢ ᠠᠷᠭᠠᠴᠠᠨ

ᠰᠢᠢᠳᠪᠦᠷᠢᠯᠡᠬᠦ ᠴᠢᠳᠠᠪᠤᠷᠢ ᠶᠢ ᠨᠤᠲᠠᠯᠠᠪᠠ᠃

    ᠶᠡᠭᠡ ᠠᠩᠭᠢ ᠶᠢᠨ ᠪᠦᠬᠦ ᠬᠥᠮᠦᠰ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠶᠡᠷᠦᠩᠬᠡᠶᠢᠯᠡᠭᠰᠡᠨ

ᠴᠢᠨᠠᠷᠲᠠᠶ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠭᠢ ᠳᠤ ᠲᠤᠭ ᠣᠯᠭᠤᠬᠤ ᠰᠤᠷᠭᠠᠯ ᠦᠭᠡ ᠶᠢᠨ ᠵᠣᠷᠢᠭ

ᠰᠠᠨᠠᠭ᠎ᠠ ᠶᠢ ᠨᠠᠩ ᠡᠷᠡᠰ ᠪᠠᠲᠤ ᠦᠢᠯᠡᠳᠦᠯᠭᠡᠵᠢᠭᠦᠯᠵᠦ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ

ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾᠂ ᠥᠩᠭᠡᠷᠡᠭᠰᠡᠨ ᠲᠠᠢ ᠪᠠᠨ ᠠᠳᠠᠯᠢ ᠪᠠᠷ ᠠᠶᠤᠯ ᠲᠦᠭᠰᠢᠭᠦᠷᠢ ᠠᠴᠠ

ᠠᠶᠤᠬᠤ ᠦᠭᠡᠢ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ

ᠲᠥᠯᠥᠭᠡ ᠡᠷᠡᠯᠬᠡᠭᠯᠡᠨ ᠤᠷᠤᠭᠰᠢᠯᠠᠨ᠎ᠠ ᠭᠡᠵᠦ ᠢᠯᠡᠳᠬᠡᠵᠡᠭᠡᠪᠡ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠭᠠᠩᠭ᠎ᠠ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2