ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ 55 ᠳ᠋ᠤᠭᠠᠷ ᠳᠡᠯᠡᠬᠡᠶ ᠶᠢᠨ ᠳᠡᠯᠡᠬᠡᠶ ᠶᠢᠨ ᠪᠥᠮᠪᠥᠷᠴᠡᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2024/4/27

    4 ᠰᠠᠷ᠎ᠠ ᠶᠢᠨ 22 ᠤᠨ ᠡᠳᠦᠷ ᠪᠣᠯ 55 ᠳ᠋ᠤᠭᠠᠷ ︽ᠳᠡᠯᠡᠬᠡᠶ ᠶᠢᠨ ᠪᠥᠮᠪᠥᠷᠴᠡᠭ ᠤᠨ ᠡᠳᠦᠷ︾ ᠪᠣᠯᠤᠨ᠎ᠠ᠂

ᠤᠯᠤᠰ ᠤᠨ ᠠᠮᠢ ᠠᠬᠤᠶ ᠶᠢᠨ ᠠᠮᠤᠷ ᠲᠦᠪᠰᠢᠨ ᠤ ᠴᠢᠬᠤᠯᠠ ᠶᠡᠭᠡ ᠬᠠᠷᠢᠭᠤᠴᠠᠯᠭ᠎ᠠ ᠶᠢ ᠦᠨᠡᠨ ᠬᠦ

ᠭᠦᠢᠴᠡᠳᠭᠡᠬᠦ ᠶᠢᠨ ᠲᠥᠯᠥᠭᠡ᠂ ᠶᠡᠷᠦᠩᠬᠡᠶ ᠱᠦᠵᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ

ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠤᠬᠠᠭᠤᠯᠵᠤ᠂ ᠮᠠᠨ ᠤ ᠰᠢᠶᠠᠨ ᠤ

ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠳᠡᠯᠡᠬᠡᠶ ᠶᠢᠨ ᠪᠥᠮᠪᠥᠷᠴᠡᠭ ᠢ ᠪᠣᠬᠢᠷᠲᠤᠯ ᠠᠴᠠ ᠵᠠᠶᠢᠳᠠᠭᠤᠯᠵᠤ᠂

ᠪᠣᠬᠢᠷᠲᠤᠯ ᠥᠬᠡᠶ ᠬᠡᠷ ᠣᠷᠣᠨ ᠳᠤ ᠣᠷᠣᠭᠤᠯᠬᠤ︾ ᠪᠠᠷ ᠭᠤᠤᠯ ᠰᠡᠳᠦᠪ ᠪᠣᠯᠭᠠᠵᠤ᠂ ᠠᠯᠢ ᠣᠯᠠᠨ

ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃

    ᠠᠵᠢᠯᠯᠠᠭ᠎ᠠ ᠨᠢ ᠣᠯᠠᠨ ᠵᠦᠢᠯ ᠤᠨ ᠬᠡᠯᠪᠡᠷᠢ ᠶᠢ ᠠᠪᠴᠤ᠂ ᠮᠠᠨ ᠤ ᠰᠢᠶᠠᠨ ᠤ ᠠᠷᠠᠳ ᠤᠨ ᠠᠭᠤᠳᠠᠮ

ᠲᠠᠯᠠᠪᠠᠶ ᠳᠤ ᠠᠰᠠᠭᠤᠨ ᠯᠠᠪᠯᠠᠬᠤ ᠲᠠᠪᠴᠠᠩ ᠪᠠᠶᠢᠭᠤᠯᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ

ᠮᠠᠲ᠋ᠧᠷᠢᠶᠠᠯ ᠲᠠᠷᠬᠠᠭᠠᠬᠤ᠂ ᠣᠯᠠᠨ ᠲᠦᠮᠡᠨ ᠤ ᠯᠠᠪᠯᠠᠭ᠎ᠠ ᠳᠤ ᠬᠠᠷᠢᠭᠤᠯᠲᠠ ᠥᠭᠬᠦ᠂ ᠪᠠᠶᠢᠭᠠᠯᠢ ᠶᠢᠨ ᠡᠬᠢ

ᠪᠠᠶᠠᠯᠢᠭ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠪᠠᠶᠢᠳᠠᠯ ᠤᠯᠤᠰ ᠤᠨ ᠪᠣᠳᠣᠯᠭ᠎ᠠ ᠶᠢ

ᠤᠬᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠨ᠎ᠡ ᠣᠶᠢᠯᠠᠭᠠᠭᠳᠠᠬᠤᠨ᠂ ᠰᠢᠨ᠎ᠡ

ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠵᠦ᠂ ᠪᠥᠬᠦ ᠨᠡᠶᠢᠭᠡᠮ ᠢᠶᠠᠷ ᠢᠶᠠᠨ ᠪᠠᠶᠢᠭᠠᠯᠢ ᠶᠢᠨ ᠡᠬᠢ ᠪᠠᠶᠠᠯᠢᠭ ᠢ

ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠬᠥᠲᠥᠯᠦᠨ ᠵᠢᠯᠣᠭᠤᠳᠪᠠ᠃ ᠠᠵᠢᠯᠯᠠᠭ᠎ᠠ ᠶᠢᠨ ᠲᠤᠬᠠᠢ ᠶᠢᠨ

ᠲᠠᠯᠠᠪᠠᠢ ᠳᠤ ᠥᠷᠭᠡᠨ ᠤᠯᠠᠨ ᠬᠤᠳᠠ ᠶᠢᠨ ᠠᠷᠠᠳ ᠤᠨ ᠢᠳᠡᠪᠬᠢᠲᠡᠢ ᠣᠷᠣᠯᠴᠠᠬᠤ ᠶᠢ ᠲᠠᠲᠠᠵᠤ᠂ ᠰᠠᠶᠢᠨ ᠰᠠᠶᠢᠬᠠᠨ

ᠤᠬᠠᠭᠤᠯᠭ᠎ᠠ ᠶᠢᠨ ᠦᠷ᠎ᠡ ᠪᠦᠲᠦᠮᠵᠢ ᠤᠯᠪᠠ᠃

    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 1800 ᠭᠠᠷᠤᠶ ᠬᠤᠪᠢ ᠤᠬᠠᠭᠤᠯᠭ᠎ᠠ ᠶᠢᠨ

ᠮᠠᠲ᠋ᠧᠷᠢᠶᠠᠯ ᠬᠡᠪᠯᠡᠨ ᠲᠠᠷᠬᠠᠭᠠᠪᠠ᠃ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠮᠠᠨ ᠤ ᠰᠢᠶᠠᠨ ᠤ ᠥᠷᠭᠡᠨ

ᠣᠯᠠᠨ ᠲᠦᠮᠡᠨ ᠤ ᠪᠣᠬᠢᠷᠲᠤᠯ ᠥᠬᠡᠶ ᠠᠮᠢ ᠠᠬᠤᠶ ᠶᠢᠨ ᠬᠥᠭᠵᠢᠯᠲᠡ ᠶᠢᠨ ᠦᠵᠡᠯᠲᠡ ᠶᠢ ᠤᠯᠠᠮ ᠨᠢᠭᠡ ᠠᠯᠬᠤᠮ

ᠳᠡᠭᠡᠭᠰᠢᠯᠡᠭᠦᠯᠵᠦ᠂ ᠠᠮᠢ ᠠᠬᠤᠶ ᠶᠢᠨ ᠪᠣᠯᠪᠠᠰᠤᠨ ᠤ ᠣᠶᠢᠯᠠᠭᠠᠭᠳᠠᠬᠤᠨ ᠢ ᠤᠯᠠᠮ ᠨᠢᠭᠡ ᠠᠯᠬᠤᠮ ᠴᠢᠩᠭᠠᠳᠬᠠᠨ᠂

ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠶᠢᠯᠠᠭᠠᠭᠳᠠᠬᠤᠨ ᠢ ᠬᠥᠮᠦᠰ ᠤᠨ

ᠰᠡᠳᠬᠢᠯ ᠳᠤ ᠨᠠᠩ ᠭᠦᠨ ᠬᠠᠳᠠᠩᠰᠢᠭᠤᠯᠤᠨ᠎ᠠ᠃

 

ᠢᠷᠡᠯᠲᠡ᠄ ᠬᠤᠸᠠᠳᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ

ᠵᠣᠬᠢᠶᠠᠭᠴᠢ᠄ ᠯᠠᠨ ᠢᠦᠶ ᠱᠠᠨ

ᠣᠷᠴᠢᠭᠤᠯᠤᠭᠴᠢ᠄ ᠭᠠᠩᠭ᠎ᠠ

 

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2