ᠮᠠᠨ ᠤ ᠰᠢᠶᠠᠨ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/27

     4 ᠰᠠᠷ᠎ᠠ ᠶᠢᠨ 24 ᠤ ᠡᠳᠦᠷ᠂ ᠮᠠᠨ ᠤ ᠰᠢᠶᠠᠨ 2024 ᠣᠨ ᠤ ᠵᠠᠰᠠᠭ ᠤᠨ ᠣᠷᠳᠣᠨ ᠤ ᠠᠷᠢᠭᠤᠨ

ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋

ᠱᠦᠵᠢ᠂ᠰᠢᠶᠠᠨ ᠤ ᠵᠠᠰᠠᠭ ᠤᠨ ᠣᠷᠳᠣᠨ ᠤ  ᠳᠠᠷᠤᠭ᠎ᠠ ᠳ᠋ᠢᠶᠣᠤ ᠴᠦᠨ ᠬᠠᠢ ᠬᠤᠷᠠᠯ ᠳᠤ ᠣᠷᠣᠯᠴᠠᠵᠤ ᠶᠠᠷᠢᠶ᠎ᠠ

ᠲᠠᠯᠪᠢᠵᠠᠢ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ

ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠣᠣ ᠵᠢᠶᠠᠨ ᠭᠦᠸᠧ ᠤᠷᠢᠯᠭ᠎ᠠ ᠪᠠᠷ

ᠣᠷᠣᠯᠴᠠᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ

ᠳᠠᠷᠤᠭ᠎ᠠ ᠯᠢᠦ ᠰᠢᠶᠠᠩ ᠶᠠᠩ ᠬᠤᠷᠠᠯ ᠢ ᠡᠷᠭᠢᠯᠡᠪᠡ᠃

1714040220264041990.jpg

    ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ

ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ

ᠵᠠᠰᠠᠬᠤ ᠣᠷᠣᠨ᠂ ᠬᠤᠳᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ

ᠤᠯᠠᠮᠵᠢᠯᠠᠨ ᠰᠤᠷᠤᠯᠴᠠᠵᠤ᠂ ᠪᠦᠬᠦ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ

ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠠᠵᠢᠯ ᠢ ᠪᠠᠶᠢᠷᠢᠯᠠᠭᠤᠯᠪᠠ᠃

    ᠬᠤᠷᠠᠯ ᠠᠴᠠ᠂ ᠪᠦᠬᠦ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠡᠷᠬᠡᠪᠰᠢ ᠨᠠᠮ ᠤᠨ ᠰᠤᠷᠲᠠᠯ

ᠴᠢᠬᠡᠴᠢ ᠵᠠᠰᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ

ᠪᠤᠳᠤᠯ ᠢᠶᠠᠨ ᠴᠢᠨᠠᠭᠰᠢᠳᠠ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ

ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ

ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ

ᠨᠡᠪᠲᠡᠷᠬᠡᠢ ᠣᠶᠢᠯᠠᠭᠠᠵᠤ᠂ ᠤᠯᠤᠰ ᠲᠦᠷᠦ ᠶᠢ ᠡᠷᠬᠢᠮᠯᠡᠬᠦ ᠶᠢ ᠬᠠᠮᠤᠭ ᠤᠨ ᠲᠡᠷᠢᠭᠦᠨ ᠳᠤ ᠲᠠᠯᠪᠢᠵᠤ᠂ ᠬᠠᠮᠤᠭ ᠤᠨ

ᠪᠣᠳᠠᠲᠠᠢ ᠳᠤ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ

ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ

ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ

ᠥᠷᠭᠡᠳᠬᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ 

ᠲᠤᠤᠱᠯᠠᠭᠤᠯᠵᠤ ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ

ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠦᠢᠯᠡᠳᠦᠯᠭᠡᠵᠢᠭᠦᠯᠬᠦ ᠬᠡᠷᠡᠭᠲᠡᠢ᠃ ᠨᠡᠶᠢᠲᠡᠯᠢᠭ

ᠬᠡᠷᠡᠭ ᠤᠨ ᠵᠢᠱᠢᠶ᠎ᠡ ᠪᠠᠷ ᠲᠣᠯᠢ ᠪᠣᠯᠭᠠᠵᠤ᠂ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ

ᠴᠢᠩᠭ᠎ᠠ ᠠᠩᠬᠠᠷᠴᠤ᠂ ︽ᠭᠤᠷᠪᠠ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠭᠦᠨᠵᠡᠭᠡᠶ

ᠴᠡᠭᠴᠡᠯᠡᠨ ᠵᠠᠰᠠᠬᠤ ᠶᠢᠨ ᠲᠣᠭᠤᠷᠢᠨ ᠳᠤ᠂ ᠮᠥᠩᠭᠦᠨ ᠭᠦᠶ᠋ᠯᠭᠡᠭᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂

ᠡᠨᠧᠷᠭᠢ᠂ ᠡᠮ ᠡᠮᠨᠡᠯᠭᠡ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠠᠷᠠᠳ ᠤᠨ

ᠠᠮᠢᠳᠤᠷᠠᠯ ᠤᠨ ᠪᠠᠯᠠ ᠮᠥᠩᠭᠦ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ

ᠳᠣᠪᠤᠶᠢᠯᠭᠠᠨ᠂ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠤᠯᠤᠰ ᠲᠥᠷᠥ ᠶᠢᠨ ᠰᠠᠬᠢᠯᠭ᠎ᠠ ᠪᠠᠲᠤ

ᠪᠠ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠰᠤᠷᠲᠠᠯ ᠢᠶᠠᠨ ᠬᠦᠴᠦᠯᠡᠨ ᠬᠤᠪᠢᠷᠠᠭᠤᠯᠵᠤ

ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠥᠬᠡᠶ

᠂ ᠢᠯᠵᠠᠷᠠᠬᠤ ᠶᠢ ᠪᠤᠳᠤᠬᠤ ᠥᠬᠡᠶ ᠪᠠᠶᠢᠭᠤᠯᠤᠯ ᠲᠣᠭᠲᠠᠴᠠ ᠶᠢ ᠴᠢᠷᠮᠠᠶᠢᠨ ᠪᠠᠶᠢᠭᠤᠯᠵᠤ᠂ ︽ᠲᠠᠪᠤᠨ ᠶᠡᠭᠡ ᠡᠭᠦᠷᠭᠡ︾

᠂ ︽ᠵᠢᠷᠭᠤᠭᠠᠨ ᠢᠨᠵᠧᠨᠧᠷᠢᠩ︾ ᠪᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠡᠯ᠎ᠡ ᠵᠦᠶ᠋ᠯ ᠤᠨ

ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂

ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠠᠵᠤ ᠠᠬᠤᠶ ᠨᠡᠶᠢᠭᠡᠮ ᠤᠨ

ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠬᠤ ᠬᠡᠷᠡᠭᠲᠡᠶ᠃

    ᠰᠢᠶᠠᠨ ᠤ ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ ᠬᠤᠷᠠᠯ ᠳᠤ ᠣᠷᠣᠯᠴᠠᠵᠤ᠂ ᠵᠠᠰᠠᠭ ᠤᠨ

ᠣᠷᠳᠣᠨ ᠤ ᠡᠯ᠎ᠡ ᠪᠦᠷᠢᠯᠳᠦᠬᠦᠨ ᠰᠠᠯᠠᠭ᠎ᠠ ᠮᠥᠴᠢᠷ᠂ ᠰᠢᠶᠠᠨ ᠤ ᠬᠠᠷᠢᠶ᠎ᠠ ᠡᠯ᠎ᠡ ᠤᠯᠤᠰ ᠤᠨ ᠥᠮᠴᠢᠯᠡᠯ ᠤᠨ ᠠᠵᠤ

ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠳᠠᠷᠤᠭ᠎ᠠ ᠬᠤᠷᠠᠯ ᠳᠤ ᠣᠷᠣᠯᠴᠠᠪᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠭᠠᠩᠭ᠎ᠠ

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2