ᠮᠠᠨ ᠤ ᠰᠢᠶᠠᠨ 2024 ᠣᠨ ᠤ ᠪᠦᠬᠦ ᠰᠢᠶᠠᠨ ᠤ ᠦᠵᠡᠯ ᠤᠬᠠᠮᠰᠠᠷ ᠤᠨ ᠬᠡᠯᠪᠡᠷᠢ ᠬᠢᠭᠡᠳ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/27

     ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠶᠢᠨ

ᠲᠥᠯᠥᠭᠡ᠂ ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠥᠬᠦᠶ ᠣᠨᠣᠯ ᠤᠨ ᠮᠡᠳᠡᠯᠭᠡ ᠶᠢ ᠵᠥᠪ ᠡᠵᠡᠮᠰᠢᠵᠦ᠂ ᠡᠯ᠎ᠡ

ᠨᠢᠭᠡᠴᠡ ᠶᠢᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂

ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠪᠣᠶ ᠪᠣᠯᠭᠠᠪᠠ᠃ 4

ᠰᠠᠷ᠎ᠠ ᠶᠢᠨ 23 ᠤ ᠡᠳᠦᠷ᠂ ᠮᠠᠨ ᠤ ᠰᠢᠶᠠᠨ 2024 ᠣᠨ ᠤ ᠪᠥᠬᠦ ᠰᠢᠶᠠᠨ ᠤ ᠦᠵᠡᠯ ᠤᠬᠠᠮᠰᠠᠷ ᠤᠨ ᠬᠡᠯᠪᠡᠷᠢ

ᠬᠢᠭᠡᠳ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠢ ᠡᠷᠭᠢᠯᠡᠪᠡ

1713879221176092897.jpg

   

     ᠪᠣᠯᠪᠠᠰᠤᠷᠠᠯ ᠤᠨ ᠠᠩᠭᠢ ᠳᠤ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠦᠵᠡᠯ

ᠤᠬᠠᠮᠰᠠᠷ ᠤᠨ ᠬᠡᠯᠪᠡᠷᠢ ᠶᠢᠨ ᠰᠠᠯᠠᠭᠠᠨ ᠤ ᠬᠠᠷᠢᠭᠤᠴᠠᠯᠭᠠᠲᠠᠨ᠂ ᠳᠤᠮᠳᠠᠳᠤ ᠤᠯᠤᠰ ᠤᠨ ᠰᠢᠯᠵᠢᠮᠡᠯ ᠰᠦᠯᠵᠢᠶᠡᠨ ᠤ

ᠠᠮᠤᠷ ᠲᠦᠪᠰᠢᠨ ᠤ ᠢᠨᠵᠸᠨᠧᠷ ᠲᠣᠰ ᠲᠣᠰ ︽ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ

ᠬᠥᠲᠥᠯᠦᠨ ᠳᠠᠭᠠᠭᠤᠯᠬᠤ ᠬᠦᠴᠦᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ︾᠂ ︽ᠳᠤᠮᠳᠠᠳᠤ

ᠤᠯᠤᠰ ᠤᠨ ᠰᠢᠯᠵᠢᠮᠡᠯ ᠰᠦᠯᠵᠢᠶᠡᠨ ᠤ ᠠᠮᠤᠷ ᠲᠦᠪᠰᠢᠨ ᠤ ᠰᠣᠯᠢᠯᠴᠠᠭ᠎ᠠ︾ ᠶᠢᠨ ᠲᠤᠰᠬᠠᠶ ᠰᠡᠳᠦᠪᠲᠦ

ᠪᠣᠯᠪᠠᠰᠤᠷᠠᠭᠤᠯᠤᠯ ᠬᠢᠪᠠ᠃ ᠪᠣᠯᠪᠠᠰᠤᠷᠠᠯ ᠤᠨ ᠭᠤᠤᠯ ᠰᠡᠳᠦᠪ ᠲᠣᠪᠤᠶᠢᠮ᠎ᠠ᠂ ᠠᠭᠤᠯᠭ᠎ᠠ ᠪᠠᠶᠠᠯᠢᠭ᠂ ᠬᠡᠷᠡᠭ ᠤᠨ

ᠵᠢᠱᠢᠶ᠎ᠡ ᠠᠮᠢᠳᠤᠯᠢᠭ᠂ ᠦᠵᠡᠯ ᠤᠬᠠᠮᠰᠠᠷ ᠤᠨ ᠬᠡᠯᠪᠡᠷᠢ ᠪᠣᠯ ᠤᠯᠤᠰ ᠣᠷᠣᠨ ᠳᠤ ᠰᠡᠳᠬᠢᠯ ᠲᠠᠯᠪᠢᠵᠤ᠂

ᠦᠨᠳᠦᠰᠦᠲᠡᠨ ᠤ ᠰᠦᠭ ᠰᠦᠨᠡᠰᠦ ᠶᠢ ᠴᠣᠭᠴᠠᠯᠠᠬᠤ ᠠᠵᠢᠯ ᠮᠥᠨ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ

ᠪᠠ ᠬᠥᠲᠥᠯᠥᠨ ᠳᠠᠭᠠᠭᠤᠯᠬᠤ ᠬᠦᠴᠦᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢ ᠴᠢᠷᠮᠠᠶᠢᠨ

ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ

ᠪᠠᠬᠢᠵᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠬᠤᠪᠢ ᠬᠥᠮᠦᠨ ᠤ

ᠮᠡᠳᠡᠭᠡ ᠵᠠᠩᠭᠢ ᠠᠶᠤᠯ ᠲᠦᠭᠰᠢᠭᠦᠷᠢ ᠶᠢ ᠵᠠᠳᠠᠷᠠᠭᠤᠯᠬᠤ ᠵᠡᠷᠭᠡ ᠲᠠᠯ᠎ᠠ ᠪᠠᠷ ᠨᠠᠷᠢᠨ ᠲᠠᠶᠢᠯᠪᠤᠷᠢᠯᠠᠵᠤ᠂ ᠰᠢᠨ᠎ᠡ ᠴᠠᠭ

ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠪᠣᠳᠠᠲᠤ ᠠᠴᠢ

ᠬᠤᠯᠪᠣᠭᠳᠠᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠣᠳᠣᠷᠬᠠᠶᠢᠯᠠᠨ ᠥᠭᠦᠯᠡᠵᠦ᠂ ᠨᠡᠯᠢᠶᠡᠳ ᠴᠢᠩᠭ᠎ᠠ

ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ ᠪᠠᠶᠢᠵᠤ᠂ ᠪᠥᠬᠦ ᠰᠢᠶᠠᠨ ᠤ ᠴᠢᠨᠠᠷ ᠰᠠᠶᠢᠲᠠᠶ ᠬᠥᠭᠵᠢᠯᠲᠡ ᠳᠤ

ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃

     ᠬᠤᠷᠠᠯ ᠳᠤ ᠣᠷᠣᠯᠴᠠᠭᠰᠠᠳ ᠲᠤᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠶᠢ ᠨᠠᠷᠢᠨ ᠬᠢᠨᠠᠮᠠᠭᠠᠶ

ᠰᠤᠷᠤᠯᠴᠠᠨ ᠣᠶᠢᠯᠠᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠬᠤᠪᠢᠷᠠᠭᠤᠯᠬᠤ ᠶᠢ

ᠳᠥᠯᠭᠢᠨ ᠠᠬᠢᠭᠤᠯᠵᠤ᠂ ᠰᠣᠷᠣᠭᠰᠠᠨ ᠠᠵᠢᠯ ᠤᠨ ᠠᠷᠭ᠎ᠠ᠂ ᠣᠶᠢᠯᠠᠭᠠᠭᠳᠠᠬᠤᠨ ᠤ ᠰᠢᠨ᠎ᠡ ᠶᠢ ᠡᠭᠦᠳᠬᠦ ᠶᠢ ᠪᠣᠳᠠᠲᠠᠶ

ᠠᠵᠢᠯ ᠤᠨ ᠳᠤᠮᠳᠠ ᠬᠡᠷᠡᠭᠯᠡᠵᠦ᠂ ᠠᠵᠢᠯ ᠤᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠥᠬᠦ

ᠰᠢᠶᠠᠨ ᠤ ᠦᠵᠡᠯ ᠤᠬᠠᠮᠰᠠᠷ ᠤᠨ ᠬᠡᠯᠪᠡᠷᠢ ᠪᠠ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠦᠷᠭᠦᠯᠵᠢᠯᠡᠨ

ᠰᠠᠶᠢᠵᠢᠷᠠᠬᠤ ᠶᠢ ᠬᠠᠮᠲᠤ ᠪᠠᠷ ᠠᠬᠢᠭᠤᠯᠤᠨ᠎ᠠ ᠭᠡᠵᠦ ᠢᠯᠡᠳᠬᠡᠵᠡᠭᠡᠪᠡ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠭᠠᠩᠭ᠎ᠠ

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2