ᠮᠠᠨ ᠤ ᠰᠢᠶᠠᠨ 4.26  ᠳᠤ ᠬᠡᠪᠯᠡᠯ ᠤᠨ ᠡᠷᠬᠡ ᠶᠢ ᠲᠥᠪᠯᠡᠷᠡᠭᠦᠯᠦᠨ ᠤᠬᠠᠭᠤᠯᠬᠤ ᠵᠢᠴᠢ ︽ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠦᠨᠳᠦᠰᠦᠨ ᠱᠠᠲᠤᠨ ᠳᠤ ᠣᠷᠣᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/29

    24 ᠳ᠋ᠦ᠋ᠭᠡᠷ ᠳᠡᠯᠡᠬᠡᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠳᠦᠷ ᠬᠦᠷᠴᠦ ᠢᠷᠡᠬᠦ

ᠲᠠᠰᠢᠷᠠᠮ ᠢᠶᠠᠷ᠂ ᠬᠡᠪᠯᠡᠯ ᠤᠨ ᠡᠷᠬᠡ ᠶᠢ ᠤᠬᠠᠭᠤᠯᠤᠨ ᠲᠦᠭᠡᠮᠡᠯᠵᠢᠭᠦᠯᠬᠦ ᠶᠢ ᠴᠢᠩᠭᠠᠳᠬᠠᠵᠤ᠂ ᠪᠦᠬᠦ ᠨᠡᠶᠢᠭᠡᠮ ᠤᠨ

ᠬᠡᠪᠯᠡᠯ ᠤᠨ ᠡᠷᠬᠡ ᠶᠢ ᠬᠦᠨᠳᠦᠳᠬᠡᠬᠦ ᠪᠠ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠥᠷᠭᠡᠨ ᠣᠯᠠᠨ ᠲᠦᠮᠡᠨ ᠤ ︽

ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ

ᠳᠡᠮᠵᠢᠯᠭᠡ ᠶᠢ ᠳᠡᠭᠡᠭᠰᠢᠯᠡᠭᠦᠯᠬᠦ ᠶᠢᠨ ᠲᠥᠯᠥᠭᠡ ᠣᠶᠢᠷ᠎ᠠ ᠳᠤ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ

ᠬᠡᠯᠲᠡᠰ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾

ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ

ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠴᠤᠤᠶᠠᠩ ᠪᠠᠯᠭᠠᠰᠤᠨ ᠤ ᠰᠢᠨ ᠷᠦᠩ ᠲᠣᠰᠬᠤᠨ ᠳᠤ

ᠬᠠᠮᠲᠤᠷᠠᠨ 4.26 ᠳᠤ ᠬᠡᠪᠯᠡᠯ ᠤᠨ ᠡᠷᠬᠡ ᠶᠢ ᠲᠥᠪᠯᠡᠷᠡᠭᠦᠯᠦᠨ ᠤᠬᠠᠭᠤᠯᠬᠤ ᠵᠢᠴᠢ ︽ᠱᠠᠯᠢᠭ ᠵᠠᠪᠬᠠᠶ

ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠦᠨᠳᠦᠰᠦᠨ

ᠱᠠᠲᠤᠨ ᠤᠠᠵᠢᠯᠯᠠᠭ᠎ᠠ ᠥᠷᠨᠢᠭᠦᠯᠪᠡ᠃

640.webp.jpg

    ᠠᠵᠢᠯᠯᠠᠭ᠎ᠠ ᠶᠢᠨ ᠳᠤᠮᠳᠠ᠂ ᠠᠵᠢᠯᠲᠠᠳ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ᠂ ᠤᠬᠠᠭᠤᠯᠭ᠎ᠠ ᠶᠢᠨ

ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠬᠦ ᠵᠡᠷᠭᠡ ᠠᠷᠭ᠎ᠠ ᠮᠠᠶ᠋ᠢᠭ ᠢᠶᠠᠷ

ᠳᠠᠮᠵᠢᠭᠤᠯᠤᠨ᠂ ᠨᠠᠰᠢ ᠴᠠᠰᠢ ᠶᠠᠪᠤᠵᠤ ᠪᠠᠶᠢᠭ᠎ᠠ ᠣᠯᠠᠨ ᠲᠦᠮᠡᠨ ᠳᠤ ᠲᠤᠰᠬᠠᠶ ᠠᠰᠢᠭ᠂ ᠲᠠᠸᠠᠷ ᠤᠨ ᠲᠡᠮᠳᠡᠭ᠂

ᠬᠡᠪᠯᠡᠯ ᠤᠨ ᠡᠷᠬᠡ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾

ᠵᠡᠷᠭᠡ ᠮᠡᠳᠡᠯᠭᠡ ᠶᠢ ᠲᠠᠶᠢᠯᠪᠤᠷᠢᠯᠠᠨ ᠥᠭᠴᠦ᠂ ᠣᠯᠠᠨ ᠲᠦᠮᠡᠨ ᠤ ᠳᠤᠷᠠᠳᠤᠭᠰᠠᠨ ᠥᠮᠴᠢᠯᠡᠬᠦ ᠡᠷᠬᠡ ᠶᠢ ᠬᠠᠮᠠᠭᠠᠯᠠᠬᠤ

᠂ ᠲᠤᠰᠬᠠᠶ ᠠᠰᠢᠭ ᠤᠨ ᠡᠷᠬᠡ ᠪᠠᠨ ᠬᠠᠮᠠᠭᠠᠯᠠᠬᠤ᠂ ᠲᠠᠸᠠᠷ ᠤᠨ ᠲᠡᠮᠳᠡᠭ ᠢ ᠬᠡᠷᠡᠭᠯᠡᠬᠦ ᠵᠡᠷᠭᠡ ᠠᠰᠠᠭᠤᠳᠠᠯ ᠳᠤ

ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠴᠦ᠂ ᠣᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ

ᠪᠠᠶᠢᠭᠠᠳ ᠰᠣᠶᠣᠯ ᠤᠨ ᠬᠤᠭ ᠨᠣᠪᠰᠢ ᠠᠴᠠ ᠵᠠᠶᠢᠳᠠᠭᠤᠯᠵᠤ᠂ ᠣᠯᠠᠨ ᠲᠦᠮᠡᠨ ᠤ ᠮᠡᠳᠡᠯᠭᠡ ᠶᠢᠨ ᠪᠦᠲᠦᠭᠡᠭᠳᠡᠬᠦᠨ ᠤ

ᠥᠮᠴᠢᠯᠡᠬᠦ ᠡᠷᠬᠡ ᠪᠠ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠬᠠᠤᠯᠢ ᠪᠤᠰᠤ ᠬᠤᠤᠷ

ᠬᠥᠨᠥᠭᠡᠯ ᠲᠠᠢ ᠬᠡᠪᠯᠡᠭᠳᠡᠬᠦᠨ ᠢ ᠲᠡᠪᠴᠢᠵᠦ᠂ ᠪᠣᠬᠢᠷᠲᠤᠯ ᠥᠬᠡᠶ ᠤᠩᠰᠢᠯᠭ᠎ᠠ ᠶᠢ ᠶᠡᠬᠡᠪᠡᠷ ᠰᠠᠨᠠᠭᠠᠴᠢᠯᠠᠪᠠ᠃

1714040500890084329.jpg

     ᠲᠣᠰ ᠤᠳᠠᠭᠠᠨ ᠤ ᠠᠵᠢᠯᠯᠠᠭ᠎ᠠ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠯ

ᠪᠦᠲᠦᠭᠡᠯ ᠤᠨ ᠡᠷᠬᠡ ᠶᠢᠨ ᠬᠠᠤᠯᠢ︾᠂ ︽ᠺᠣᠮᠫᠢᠦ᠋ᠲ᠋ᠧᠷ ᠤᠨ ᠵᠥᠭᠡᠯᠡᠨ ᠲᠣᠨᠤᠭ ᠢ ᠬᠠᠮᠠᠭᠠᠯᠠᠬᠤ ᠳᠦᠷᠢᠮ︾᠂ ︽

ᠮᠡᠳᠡᠭᠡ ᠵᠠᠩᠭᠢ ᠶᠢᠨ ᠰᠦᠯᠵᠢᠶᠡᠨ ᠤ ᠳᠠᠮᠵᠢᠭᠤᠯᠭ᠎ᠠ ᠶᠢᠨ ᠡᠷᠬᠡ ᠶᠢ ᠬᠠᠮᠠᠭᠠᠯᠠᠬᠤ ᠳᠦᠷᠢᠮ︾᠂ ︽ᠪᠦᠲᠦᠭᠡᠯ ᠢ

ᠳᠠᠩᠰᠠᠯᠠᠬᠤ ᠵᠦᠭᠯᠡᠭᠦᠷ︾ ᠵᠡᠷᠭᠡ ᠤᠬᠠᠭᠤᠯᠭ᠎ᠠ ᠶᠢᠨ ᠬᠠᠭᠤᠳᠠᠰᠤ ᠶᠢ 1300 ᠭᠠᠷᠤᠶ ᠲᠠᠷᠬᠠᠭᠠᠵᠤ᠂

ᠤᠬᠠᠭᠤᠯᠭ᠎ᠠ ᠶᠢᠨ ᠳᠡᠪᠲᠡᠷ 480 ᠭᠠᠷᠤᠶ ᠳᠡᠪᠲᠡᠷ᠂ ᠤᠬᠠᠭᠤᠯᠭ᠎ᠠ ᠶᠢᠨ ᠡᠳ᠋ 300 ᠭᠠᠷᠤᠶ ᠬᠤᠪᠢ ᠲᠠᠷᠬᠠᠭᠠᠵᠠᠶ᠃

1714093109738039516.jpg

     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ

ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ︽ᠱᠠᠯᠢᠭ ᠵᠠᠪᠬᠠᠶ ᠵᠦᠢᠯᠡᠰ ᠢ

ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠴᠢᠬᠤᠯᠠ ᠴᠢᠨᠠᠷ ᠪᠠ ᠵᠠᠶᠢᠯᠠᠰᠢ ᠥᠬᠡᠶ

ᠴᠢᠨᠠᠷ ᠢ ᠤᠯᠠᠮ ᠨᠢᠭᠡ ᠠᠯᠬᠤᠮ ᠲᠠᠨᠢᠭᠤᠯᠵᠤ᠂ ᠣᠯᠠᠨ ᠲᠦᠮᠡᠨ ᠤ ᠬᠤᠳᠠᠯ ᠬᠠᠭᠤᠷᠮᠠᠭ ᠢ ᠰᠡᠷᠭᠡᠶᠢᠯᠡᠨ ᠢᠯᠭᠠᠨ

ᠲᠠᠨᠢᠬᠤ ᠴᠢᠳᠠᠪᠤᠷᠢ ᠶᠢ ᠨᠡᠮᠡᠭᠳᠡᠭᠦᠯᠦᠨ᠂ ᠬᠠᠤᠯᠢ ᠪᠤᠰᠤ ᠬᠡᠪᠯᠡᠯ ᠤᠨ ᠠᠵᠢᠯᠯᠠᠭ᠎ᠠ᠂ ᠱᠠᠯᠢᠭ ᠵᠠᠪᠬᠠᠶ ᠵᠦᠢᠯᠡᠰ ᠵᠡᠷᠭᠡ

ᠡᠯ᠎ᠡ ᠵᠦᠢᠯ ᠤᠨ ᠪᠤᠯᠭᠢ ᠪᠦᠳᠦᠭᠦᠯᠢᠭ ᠬᠡᠪᠯᠡᠭᠳᠡᠬᠦᠨ ᠤ ᠪᠣᠷᠣᠯᠠᠭᠤᠯᠭ᠎ᠠ ᠪᠠ ᠰᠦᠯᠵᠢᠶᠡᠨ ᠳᠡᠭᠡᠷᠡᠬᠢ ᠬᠤᠤᠷ

ᠬᠥᠨᠥᠭᠡᠯ ᠲᠠᠢ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠠᠵᠢᠯᠯᠠᠭᠠᠨ ᠤ ᠤᠬᠠᠮᠰᠠᠷ ᠢ ᠳᠡᠭᠡᠭᠰᠢᠯᠡᠭᠦᠯᠪᠡ᠃

    ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠤ ︽ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ

ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ ᠳᠤᠭᠤᠶᠢᠯᠠᠩ ᠪᠠ ᠰᠣᠶᠣᠯ ᠤᠨ ᠵᠠᠬ᠎ᠠ

ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠡᠷᠦᠩᠬᠡᠶ ᠱᠦᠵᠢ ᠰᠢ ᠶᠢᠨ

ᠫᠢᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ

ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ︽ᠱᠠᠯᠢᠭ ᠵᠠᠪᠬᠠᠶ ᠵᠦᠢᠯᠡᠰ ᠢ

ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠨᠡᠶᠢᠭᠡᠮ ᠤᠨ ᠨᠥᠯᠥᠭᠡᠯᠡᠬᠦ ᠬᠦᠴᠦᠨ ᠢ

ᠠᠬᠢᠭᠤᠯᠵᠤ᠂ ᠬᠡᠪᠯᠡᠯ ᠤᠨ ᠡᠷᠬᠡ ᠶᠢᠨ ᠬᠠᠤᠯᠢ ᠲᠦᠷᠢᠮ ᠢ ᠲᠡᠭᠦᠯᠳᠡᠷᠵᠢᠭᠦᠯᠬᠦ᠂ ᠬᠠᠤᠯᠢ ᠬᠡᠷᠡᠭᠵᠢᠭᠦᠯᠦᠯᠲᠡ ᠶᠢ ᠬᠢᠨᠠᠨ

ᠬᠠᠮᠢᠶᠠᠷᠬᠤ᠂ ᠠᠵᠤ ᠦᠢᠯᠡᠰ ᠢ ᠬᠥᠭᠵᠢᠭᠦᠯᠬᠦ᠂ ᠨᠡᠶᠢᠭᠡᠮ ᠤᠨ ᠦᠢᠯᠡᠴᠢᠯᠡᠭᠡ ᠵᠡᠷᠭᠡ ᠭᠤᠤᠯᠳᠠᠯᠭ᠎ᠠ ᠲᠠᠢ ᠬᠦᠷᠢᠶᠡᠨ ᠤ

ᠲᠣᠭᠤᠷᠢᠨ ᠳᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠤᠰᠬᠠᠶ ᠠᠵᠢᠯᠯᠠᠭ᠎ᠠ᠂ ᠴᠢᠬᠤᠯᠠ

ᠶᠡᠭᠡ ᠬᠡᠷᠡᠭ᠂ ᠵᠥᠭᠡᠯᠡᠨ ᠲᠣᠨᠤᠭ ᠢ ᠵᠢᠩᠬᠢᠨᠢ ᠬᠡᠪᠯᠡᠯ ᠪᠣᠯᠭᠠᠬᠤ᠂ ᠠᠷᠠᠳ ᠤᠨ ᠳᠤᠮᠳᠠᠬᠢ ᠤᠳᠬ᠎ᠠ ᠤᠷᠠᠯᠢᠭ ᠤᠨ

ᠬᠡᠪᠯᠡᠯ ᠤᠨ ᠡᠷᠬᠡ ᠶᠢ ᠬᠠᠮᠠᠭᠠᠯᠠᠬᠤ ᠵᠡᠷᠭᠡ ᠠᠵᠢᠯ ᠤᠨ ᠲᠣᠭᠤᠷᠢᠨ ᠳᠤ ᠥᠷᠭᠡᠨ ᠳᠡᠯᠭᠡᠷ ᠤᠬᠠᠭᠤᠯᠭ᠎ᠠ ᠬᠢᠬᠦ ᠶᠢᠨ

ᠬᠠᠮᠲᠤ ᠬᠡᠪᠯᠡᠯ ᠤᠨ ᠡᠷᠬᠡ ᠶᠢᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠪᠣᠯᠪᠠᠰᠤᠷᠠᠭᠤᠯᠤᠯ ᠪᠠ

ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠬᠡ ᠳᠤ ᠬᠠᠯᠳᠠᠵᠤ

ᠬᠡᠪᠯᠡᠯ ᠬᠤᠯᠠᠭᠠᠶᠢᠯᠠᠭᠰᠠᠨ ᠡᠯ᠎ᠡ ᠲᠦᠷᠦᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠪᠯᠡᠯ ᠤᠨ

ᠡᠷᠬᠡ ᠶᠢᠨ ᠬᠠᠮᠢᠶᠠᠷᠤᠯᠲᠠ ᠶᠢᠨ ᠠᠵᠢᠯ ᠤᠨ ᠬᠢᠷᠢ ᠲᠦᠪᠰᠢᠨ ᠪᠠ ᠬᠦᠴᠦᠨ ᠴᠢᠳᠠᠪᠤᠷᠢ ᠶᠢ ᠲᠠᠰᠤᠷᠠᠯᠲᠠ ᠥᠬᠡᠶ

ᠳᠡᠭᠡᠭᠰᠢᠯᠡᠭᠦᠯᠵᠦ᠂ ᠪᠥᠬᠦ ᠰᠢᠶᠠᠨ ᠤ ᠬᠡᠪᠯᠡᠯ ᠤᠨ ᠡᠷᠬᠡ ᠶᠢᠨ ᠠᠵᠤ ᠦᠢᠯᠡᠰ ᠪᠠ ︽ᠱᠠᠯᠢᠭ ᠵᠠᠪᠬᠠᠶ ᠵᠦᠢᠯᠡᠰ ᠢ

ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ

ᠠᠬᠢᠭᠤᠯᠤᠨ᠎ᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠭᠠᠩᠭ᠎ᠠ

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2