ᠨᠢᠭᠡ᠂ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠵᠣᠷᠢᠯᠭ᠎ᠠ ᠨᠢ ᠶᠠᠭᠤ ᠪᠣᠶ︖ | ᠰᠢᠢᠳᠪᠦᠷᠢᠲᠤ ᠪᠤᠳᠤᠯᠭ᠎ᠠ ᠲᠣᠭᠲᠠᠭᠠᠬᠤ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ | ᠰᠢᠢᠳᠪᠦᠷᠢᠲᠤ ᠪᠤᠳᠤᠯᠭ᠎ᠠ ᠲᠣᠭᠲᠠᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠵᠣᠬᠢᠶᠠᠨ ᠪᠠᠶᠢᠭᠤᠯᠬᠤ ᠬᠠᠤᠯᠢ︾ ᠶᠢᠨ ︽ᠳᠤᠮᠳᠠᠳᠤ ᠤᠯᠤᠰ ᠤᠨ ᠡᠪ ᠬᠠᠮᠲᠤ ᠨᠠᠮ ᠤᠨᠬᠤᠸᠠᠳᠧ | ᠰᠢᠶᠠᠨ ᠤ ᠬᠤᠷᠢᠶ᠎ᠠ ᠶᠢᠨ ︿ᠭᠤᠷᠪᠠᠨ ᠴᠢᠬᠤᠯᠠ ᠨᠢᠭᠡ ᠶᠡᠭᠡ﹀ ᠶᠢᠨ ᠬᠡᠷᠡᠭ ᠵᠥᠪᠯᠡᠬᠦ | ᠰᠢᠢᠳᠪᠦᠷᠢᠲᠤ ᠪᠤᠳᠤᠯᠭ᠎ᠠ ᠲᠣᠭᠲᠠᠭᠠᠬᠤ ᠵᠦᠢᠯᠡᠰ ᠤᠨ ᠲᠣᠳᠣᠷᠬᠠᠶ ᠬᠠᠭᠤᠳᠠᠰᠤ︾ ᠶᠢ | ᠦᠨᠳᠦᠰᠦᠯᠡᠨ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠲᠣᠳᠣᠷᠬᠠᠶ ᠬᠠᠭᠤᠳᠠᠰᠤ ᠶᠢ | ᠲᠣᠭᠲᠠᠭᠠᠪᠠ᠃ | ᠬᠤᠶᠠᠷ᠂ ︽ᠭᠤᠷᠪᠠᠨ ᠴᠢᠬᠤᠯᠠ ᠨᠢᠭᠡ ᠶᠡᠭᠡ︾ ᠶᠢᠨ ᠨᠡᠷ᠎ᠡ ᠦᠭᠡ ᠶᠢᠨ ᠲᠤᠬᠠᠶ ᠲᠠᠶᠢᠯᠪᠤᠷᠢᠯᠠᠯᠲᠠ | ︽ᠭᠤᠷᠪᠠᠨ ᠴᠢᠬᠤᠯᠠ ᠨᠢᠭᠡ ᠶᠡᠭᠡ︾ ᠭᠡᠳᠡᠭ ᠨᠢ ᠴᠢᠬᠤᠯᠠ ᠶᠡᠭᠡ ᠠᠰᠠᠭᠤᠳᠠᠯ ᠤᠨ ᠲᠤᠬᠠᠶ | ᠰᠢᠢᠳᠪᠦᠷᠢᠲᠤ ᠪᠤᠳᠤᠯᠭ᠎ᠠ ᠲᠣᠭᠲᠠᠭᠠᠬᠤ᠂ ᠴᠢᠬᠤᠯᠠ ᠺᠠᠳ᠋ᠷ ᠢ ᠲᠣᠮᠢᠯᠠᠵᠤ ᠪᠠᠭᠤᠯᠭᠠᠬᠤ ︵ | ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠠᠵᠢᠯ ᠤᠨ ᠬᠤᠪᠢᠶᠠᠷᠢᠯᠠᠯ ᠢ ᠰᠤᠳᠤᠯᠬᠤ︶᠂ ᠴᠢᠬᠤᠯᠠ | ᠶᠡᠭᠡ ᠵᠦᠢᠯᠡᠰ ᠢ ᠲᠣᠬᠢᠷᠠᠭᠤᠯᠬᠤ᠂ ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠬᠦ ᠶᠢ ᠵᠢᠭᠠᠵᠤ ᠪᠠᠶᠢᠨ᠎ᠠ᠃ | ᠭᠤᠷᠪᠠ᠂ ︽ᠭᠤᠷᠪᠠᠨ ᠴᠢᠬᠤᠯᠠ ᠨᠢᠭᠡ ᠶᠡᠭᠡ︾ ᠶᠢᠨ ᠬᠡᠷᠡᠭ ᠵᠥᠪᠯᠡᠬᠦ ᠰᠢᠢᠳᠪᠦᠷᠢᠲᠤ | ᠪᠤᠳᠤᠯᠭ᠎ᠠ ᠲᠣᠭᠲᠠᠭᠠᠬᠤ ᠵᠦᠢᠯᠡᠰ ᠤᠨ ᠲᠣᠳᠣᠷᠬᠠᠶ ᠬᠠᠭᠤᠳᠠᠰᠤᠨ ᠳᠤ ᠶᠠᠭᠤ ᠶᠠᠭᠤ ᠪᠠᠭᠲᠠᠬᠤ ᠪᠤᠢ︖ | ︵ᠨᠢᠭᠡ︶ ᠴᠢᠬᠤᠯᠠ ᠶᠡᠭᠡ ᠠᠰᠠᠭᠤᠳᠠᠯ ᠤᠨ ᠲᠤᠬᠠᠶ ᠰᠢᠢᠳᠪᠦᠷᠢᠲᠤ ᠪᠤᠳᠤᠯᠭ᠎ᠠ | ᠲᠣᠭᠲᠠᠭᠠᠬᠤ | 1. ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠴᠢᠬᠤᠯᠠ ᠶᠡᠭᠡ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠰᠠᠨᠠᠯ᠂ | ᠲᠥᠰᠦᠯ ᠪᠠ ᠠᠷᠭ᠎ᠠ ᠬᠡᠮᠵᠢᠶ᠎ᠡ ᠵᠡᠷᠭᠡ ᠶᠢ ᠰᠤᠳᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | 2. ︽ᠲᠠᠪᠤᠨ ᠶᠡᠭᠡ ᠡᠭᠦᠷᠭᠡ︾ ᠶᠢ ᠰᠤᠳᠤᠯᠤᠨ ᠨᠠᠶᠢᠳᠠᠪᠤᠷᠢᠵᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠠᠯ᠎ᠠ ᠶᠢᠨ ᠴᠢᠬᠤᠯᠠ ᠠᠷᠭ᠎ᠠ | ᠬᠡᠮᠵᠢᠶ᠎ᠡ ᠶᠢ ᠰᠤᠳᠤᠯᠤᠨ᠎ᠠ᠃ | 3. ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠳᠤ ᠳᠡᠪᠰᠢᠭᠦᠯᠦᠨ ᠬᠢᠨᠠᠨ | ᠶᠠᠷᠢᠯᠴᠠᠭᠤᠯᠬᠤ ᠴᠢᠬᠤᠯᠠᠲᠠᠶ ᠴᠢᠬᠤᠯᠠ ᠵᠦᠢᠯᠡᠰ ᠢ ᠰᠤᠳᠤᠯᠤᠨ᠎ᠠ᠃ | 4. ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠲᠦᠷᠦ ᠶᠢᠨ ᠪᠤᠳᠤᠯᠭ᠎ᠠ ᠶᠢᠨ | ᠴᠢᠨᠠᠷᠲᠠᠶ ᠪᠢᠴᠢᠭ ᠮᠠᠲ᠋ᠧᠷᠢᠶᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠶᠠᠷᠢᠯᠴᠠᠨ᠎ᠠ᠃ | | 5. ᠤᠯᠤᠰ ᠠᠷᠠᠳ ᠤᠨ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢᠨ ᠣᠨ ᠤ ᠲᠥᠯᠥᠪᠯᠡᠭᠡ ᠶᠢ | ᠭᠦᠢᠴᠡᠳᠬᠡᠭᠰᠡᠨ ᠪᠠᠶᠢᠳᠠᠯ ᠪᠠ ᠤᠯᠤᠰ ᠠᠷᠠᠳ ᠤᠨ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢᠨ ᠲᠥᠰᠦᠯ ᠢ ᠬᠢᠨᠠᠨ ᠶᠠᠷᠢᠯᠴᠠᠨ᠎ᠠ᠃ | 6. ᠳᠡᠭᠡᠳᠦ ᠱᠠᠲᠤᠨ ᠤ ᠨᠠᠮ ᠤᠨ ᠬᠤᠷᠢ᠊ ᠡᠶ᠎ᠡ ᠶᠢᠨ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ ᠵᠢᠴᠢ ᠡᠯ᠎ᠡ | ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠲᠥᠰᠦᠯ ᠢ ᠬᠢᠨᠠᠨ ᠵᠥᠪᠯᠡᠨ᠎ᠡ᠃ | 7. ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠤᠳᠤᠯᠤᠨ ᠶᠠᠷᠢᠯᠴᠠᠨ᠎ᠠ᠃ | 8. ᠰᠢᠶᠠᠨ ᠤ ᠵᠠᠰᠠᠭ ᠤᠨ ᠣᠷᠳᠣᠨ ᠤ ᠰᠤᠳᠤᠯᠬᠤ ᠴᠢᠬᠤᠯᠠᠲᠠᠶ ᠪᠤᠰᠤᠳ ᠴᠢᠬᠤᠯᠠ ᠶᠡᠭᠡ | ᠰᠢᠢᠳᠪᠦᠷᠢᠲᠤ ᠪᠤᠳᠤᠯᠭ᠎ᠠ ᠲᠣᠭᠲᠠᠭᠠᠬᠤ ᠵᠦᠢᠯ ᠤᠳ᠃ | ︵ᠬᠤᠶᠠᠷ︶ ᠴᠢᠬᠤᠯᠠ ᠺᠠᠳ᠋ᠷ ᠢ ᠲᠣᠮᠢᠯᠠᠵᠤ ᠪᠠᠭᠤᠯᠭᠠᠨ᠎ᠠ ︵ᠰᠢᠶᠠᠨ ᠤ ᠵᠠᠰᠠᠭ ᠤᠨ ᠣᠷᠳᠣᠨ ᠤ ᠤᠳᠤᠷᠢᠳᠬᠤ | ᠪᠠᠭ ᠤᠨ ᠠᠵᠢᠯ ᠤᠨ ᠬᠤᠪᠢᠶᠠᠷᠢᠯᠠᠯ ᠢ ᠰᠤᠳᠤᠯᠤᠨ᠎ᠠ︶ | 9. ᠰᠢᠶᠠᠨ ᠤ ᠳᠠᠷᠤᠭ᠎ᠠ᠂ ᠰᠢᠶᠠᠨ ᠤ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠪᠠ ᠲᠣᠬᠢᠷᠠᠭᠤᠯᠬᠤ | ᠶᠠᠪᠤᠳᠠᠯ ᠤᠳ ᠢ ᠰᠤᠳᠤᠯᠬᠤ ᠬᠡᠷᠡᠭᠲᠡᠶ᠃ | 10. ᠰᠢᠶᠠᠨ ᠤ ᠨᠠᠮ ᠤᠨ ᠬᠤᠷᠢᠶ᠎ᠠ ᠪᠠᠷ ᠶᠠᠷᠢᠯᠴᠠᠭᠤᠯᠤᠨ ᠲᠣᠭᠲᠠᠭᠠᠯᠭᠠᠭᠰᠠᠨ ᠵᠠᠰᠠᠭ ᠤᠨ ᠣᠷᠳᠣᠨ ᠤ | ᠠᠵᠢᠯ ᠤᠨ ᠰᠠᠯᠠᠭ᠎ᠠ ᠮᠥᠴᠢᠷ ᠪᠠ ᠪᠠᠶᠢᠭᠤᠯᠤᠮᠵᠢ ᠶᠢᠨ ᠤᠳᠤᠷᠢᠳᠬᠤ ᠪᠦᠷᠢᠯᠳᠦᠬᠦᠨ ᠢ ᠲᠣᠮᠢᠯᠠᠨ᠎ᠠ᠃ | ︵ᠭᠤᠷᠪᠠ︶ ᠴᠢᠬᠤᠯᠠ ᠶᠡᠭᠡ ᠲᠥᠷᠥᠯ ᠵᠦᠢᠯ ᠤᠨ ᠲᠤᠬᠢᠷᠠᠭᠤᠯᠤᠯᠳᠠ | 11. ᠴᠢᠬᠤᠯᠠ ᠶᠡᠭᠡ ᠠᠵᠤ ᠠᠬᠤᠶ ᠶᠢᠨ ᠲᠥᠷᠥᠯ ᠵᠦᠢᠯ᠂ ᠴᠢᠬᠤᠯᠠ ᠶᠡᠭᠡ ᠰᠠᠭᠤᠷᠢ | ᠪᠡᠯᠡᠳᠬᠡᠮᠵᠢ ᠶᠢᠨ ᠢᠨᠵᠧᠨᠧᠷᠢᠩ᠂ ᠴᠢᠬᠤᠯᠠ ᠶᠡᠭᠡ ᠣᠯᠠᠨ ᠨᠡᠶᠢᠲᠡ ᠶᠢᠨ ᠦᠢᠯᠡᠴᠢᠯᠡᠭᠡᠨ ᠤ | ᠲᠥᠷᠥᠯ ᠵᠦᠶ᠋ᠯ ᠤᠨ ᠲᠣᠬᠢᠷᠠᠭᠤᠯᠤᠯᠲᠠ ᠵᠢᠴᠢ ᠬᠤᠪᠢᠷᠠᠭᠤᠯᠤᠯᠲᠠ ᠶᠢ ᠰᠤᠳᠤᠯᠤᠨ᠎ᠠ᠃ | 12. ᠨᠡᠯᠢᠶᠡᠳ ᠴᠢᠩᠭ᠎ᠠ ᠨᠥᠯᠥᠭᠡᠯᠡᠨ ᠳᠠᠶᠢᠴᠢᠯᠠᠬᠤ ᠦᠶ᠋ᠯᠡᠳᠦᠯ ᠲᠠᠢ᠂ ᠣᠯᠠᠨ ᠨᠡᠶᠢᠲᠡ ᠶᠢᠨ ᠠᠮᠤᠷ | ᠲᠦᠪᠰᠢᠨ᠂ ᠣᠯᠠᠨ ᠲᠦᠮᠡᠨ ᠤ ᠠᠰᠢᠭ ᠲᠤᠰᠠ ᠳᠤ ᠬᠤᠯᠪᠣᠭᠳᠠᠬᠤ ᠪᠣᠯᠤᠮᠵᠢ ᠲᠠᠢ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠲᠥᠷᠥᠯ ᠵᠦᠢᠯ ᠪᠠ ᠭᠤᠤᠯᠳᠠᠯᠭ᠎ᠠ ᠲᠠᠢ ᠠᠵᠤ ᠦᠢᠯᠡᠰ ᠤᠨ ᠵᠠᠯᠭᠠᠨ ᠵᠣᠯᠭᠠᠭᠤᠯᠬᠤ | ᠲᠥᠷᠥᠯ ᠵᠦᠢᠯ ᠢ ᠰᠤᠳᠤᠯᠤᠨ᠎ᠠ᠃ | 13. ᠴᠢᠬᠤᠯᠠ ᠶᠡᠭᠡ ᠡᠬᠢ ᠪᠠᠶᠠᠯᠢᠭ ᠢ ᠳᠣᠭᠢᠷᠠᠭᠤᠯᠬᠤ᠂ ᠨᠡᠭᠡᠭᠡᠨ ᠬᠥᠭᠵᠢᠭᠦᠯᠬᠦ ᠵᠡᠷᠭᠡ ᠶᠠᠪᠤᠳᠠᠯ ᠢ | ᠰᠤᠳᠤᠯᠤᠨ᠎ᠠ᠃ | 14. ᠴᠢᠬᠤᠯᠠ ᠶᠡᠭᠡ ᠠᠵᠢᠯᠯᠠᠭ᠎ᠠ ᠪᠠ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠲᠥᠷᠥᠯ ᠵᠦᠢᠯ ᠢ | ᠳᠣᠭᠢᠷᠠᠭᠤᠯᠬᠤ ᠶᠠᠪᠤᠳᠠᠯ ᠢ ᠰᠤᠳᠤᠯᠬᠤ ᠬᠡᠷᠡᠭᠲᠡᠶ᠃ | 15. ᠰᠢᠶᠠᠨ ᠤ ᠵᠠᠰᠠᠭ ᠤᠨ ᠣᠷᠳᠣᠨ ᠤ ᠰᠤᠳᠤᠯᠬᠤ ᠴᠢᠬᠤᠯᠠᠲᠠᠶ ᠪᠤᠰᠤᠳ ᠴᠢᠬᠤᠯᠠ ᠶᠡᠭᠡ ᠵᠦᠢᠯᠡᠰ ᠢ | ᠲᠣᠬᠢᠷᠠᠭᠤᠯᠬᠤ ᠵᠦᠢᠯᠡᠰ᠃ | ︵ᠲᠥᠷᠪᠡ︶ ᠶᠡᠭᠡ ᠲᠣᠭᠠᠨ ᠤ ᠪᠡᠯᠡ ᠮᠥᠩᠭᠦ ᠶᠢᠨ ᠬᠡᠷᠡᠭᠯᠡᠯᠲᠡ | 16. ᠰᠢᠶᠠᠨ ᠤ ᠲᠤᠰ ᠱᠠᠲᠤᠨ ᠤ ᠡᠳ᠋ ᠤᠨ ᠵᠠᠰᠠᠭ ᠤᠨ ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ | ᠲᠥᠰᠦᠪ ᠤᠨ ᠲᠥᠰᠦᠯ ᠤᠨ ᠮᠡᠳᠡᠭᠦᠯᠦᠯᠲᠡ ᠶᠢ ᠰᠤᠳᠤᠯᠤᠨ᠎ᠠ᠃ | 17. ᠰᠢᠶᠠᠨ ᠤ ᠲᠤᠰ ᠱᠠᠲᠤᠨ ᠤ ᠣᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ ᠤᠨ | ᠲᠥᠰᠦᠯ ᠤᠨ ᠲᠤᠬᠠᠶ ᠮᠡᠳᠡᠭᠦᠯᠦᠯᠲᠡ ᠶᠢ ᠰᠤᠳᠤᠯᠤᠨ᠎ᠠ᠃ | 18. ᠪᠣᠳᠠᠲᠠᠶ ᠰᠢᠶᠠᠩ ᠪᠠᠯᠭᠠᠰᠤ ᠪᠤᠶᠤ ᠪᠣᠳᠠᠲᠠᠶ ᠵᠦᠢᠯᠡᠰ ᠤᠨ ᠳᠡᠭᠡᠳᠦ ᠱᠠᠲᠤᠨ ᠠᠴᠠ ᠰᠢᠯᠵᠢᠭᠦᠯᠦᠨ ᠥᠭᠬᠦ | ᠪᠡᠯᠡ ᠮᠥᠩᠭᠦ ᠶᠢ ᠬᠤᠪᠢᠶᠠᠷᠢᠯᠠᠬᠤ ᠵᠢᠴᠢ ᠬᠡᠷᠡᠭᠯᠡᠬᠦ ᠵᠦᠢᠯᠡᠰ ᠢ ᠲᠣᠳᠣᠷᠬᠠᠶ ᠲᠣᠭᠲᠠᠭᠠᠭᠰᠠᠨ ᠦᠭᠡᠢ ᠪᠠᠶᠢᠬᠤ ᠶᠢ | ᠰᠤᠳᠤᠯᠬᠤ ᠬᠡᠷᠡᠭᠲᠡᠶ᠃ | 19. ᠰᠢᠶᠠᠨ ᠤ ᠲᠤᠰ ᠱᠠᠲᠤᠨ ᠤ ᠲᠥᠰᠦᠪ ᠤᠨ ᠲᠤᠭᠢᠷᠠᠭᠤᠯᠤᠯᠳᠠ ᠶᠢᠨ ᠵᠦᠢᠯᠡᠰ ᠢ ᠰᠤᠳᠤᠯᠤᠨ᠎ᠠ᠃ | 20. ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢ ᠬᠤᠪᠢᠶᠠᠷᠢᠯᠠᠨ ᠬᠡᠷᠡᠭᠯᠡᠬᠦ ᠵᠦᠶ᠋ᠯᠡᠰ ᠢ | ᠰᠤᠳᠤᠯᠤᠨ᠎ᠠ᠃ | 21. ᠰᠢᠶᠠᠨ ᠤ ᠲᠣᠰ ᠱᠠᠲᠤᠨ ᠤ ᠦᠯᠡᠳᠡᠭᠡᠯ ᠪᠠᠯᠠ ᠮᠥᠩᠭᠦ ᠶᠢᠨ ᠴᠢᠯᠥᠭᠡᠲᠡᠶ ᠴᠢᠯᠥᠭᠡᠲᠡᠶ ᠵᠦᠶ᠋ᠯᠡᠰ ᠢ | ᠰᠤᠳᠤᠯᠬᠤ ᠬᠡᠷᠡᠭᠲᠡᠶ᠃ | 22. ᠥᠮᠴᠢᠯᠡᠬᠦ ᠡᠷᠬᠡ ᠶᠢ ᠰᠢᠯᠵᠢᠭᠦᠯᠦᠨ ᠥᠭᠭᠦᠭᠰᠡᠨ ᠠᠴᠠ ᠪᠣᠯᠵᠣ ᠤᠯᠤᠰ ᠲᠤ ᠪᠠᠯᠠ ᠭᠠᠷᠭᠠᠭᠰᠠᠨ ᠠᠵᠤ | ᠠᠬᠤᠶᠢᠯᠠᠯ ᠤᠨ ᠡᠵᠡᠮᠳᠡᠬᠦ ᠬᠤᠪᠢ ᠶᠢᠨ ᠡᠷᠬᠡ ᠶᠢ ᠳᠠᠭᠢᠵᠤ ᠡᠵᠡᠮᠰᠢᠬᠦ ᠪᠠᠨ ᠪᠤᠯᠢᠬᠤ ᠪᠤᠶᠤ ᠵᠥᠪᠳᠡᠯᠴᠡᠬᠡᠷ ᠢᠶᠠᠷ | ᠬᠤᠪᠢᠶᠠᠷᠢᠯᠠᠨ ᠰᠢᠯᠵᠢᠭᠦᠯᠬᠦ ᠵᠡᠷᠭᠡ ᠢᠯᠡ ᠪᠤᠰᠤ ᠠᠷᠭ᠎ᠠ ᠮᠠᠶ᠋ᠢᠭ ᠢᠶᠠᠷ ᠳᠠᠮᠵᠢᠭᠤᠯᠤᠨ ᠡᠵᠡᠩᠨᠡᠯᠲᠡ ᠶᠢᠨ ᠴᠢᠨᠠᠷᠲᠠᠶ | ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠶ᠋ᠳᠪᠦᠷᠢᠯᠡᠬᠦ ᠶᠢ ᠰᠤᠳᠤᠯᠬᠤ ᠬᠡᠷᠡᠭᠲᠡᠶ᠃ | 23. ᠰᠢᠶᠠᠨ ᠤ ᠵᠠᠰᠠᠭ ᠤᠨ ᠣᠷᠳᠣᠨ ᠤ ᠰᠤᠳᠤᠯᠬᠤ ᠴᠢᠬᠤᠯᠠᠲᠠᠶ ᠪᠤᠰᠤᠳ ᠶᠡᠭᠡ ᠲᠣᠭᠠᠨ ᠤ ᠪᠡᠯᠡ ᠮᠥᠩᠭᠦ ᠶᠢ | ᠬᠡᠷᠡᠭᠯᠡᠬᠦ ᠶᠠᠪᠤᠳᠠᠯ ᠤᠳ᠃ | | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠠᠩᠭ᠎ᠠ | | | |