ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠳ᠋ᠢᠶᠣᠣ ᠴᠦᠨ ᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 15 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/10

     5 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ

ᠳᠠᠷᠤᠭ᠎ᠠ ᠳ᠋ᠢᠶᠣᠣ ᠴᠦᠨ ᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ

ᠪᠠᠶᠢᠩᠭᠤ ᠶᠢᠨ ᠬᠤᠷᠢᠶᠠᠨ ᠤ 2024 ᠣᠨ ᠤ 15 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ

ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠩᠬᠠᠳᠤᠭᠠᠷ ᠤᠳᠠᠭ᠎ᠠ ᠶᠢᠨ

ᠬᠤᠷᠠᠯ᠂ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ

᠂ ᠠᠮᠤᠷ ᠠᠮᠤᠭᠤᠯᠠᠩ ᠬᠤᠸᠠᠳᠧ ᠶᠢᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ

ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃

    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠴᠦᠩᠴᠢᠩ ᠳᠤ ᠰᠢᠨᠵᠢᠯᠡᠨ ᠪᠠᠶᠢᠴᠠᠭᠠᠬᠤ᠂ ᠰᠢᠨ᠎ᠡ ᠴᠠᠭ

ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ᠂ ᠬᠠᠭᠤᠷᠠᠶ

ᠵᠠᠮ ᠤᠨ ᠴᠡᠷᠢᠭ ᠤᠨ ᠡᠮᠨᠡᠯᠭᠡ ᠶᠢᠨ ᠶᠡᠭᠡ ᠰᠤᠷᠭᠠᠭᠤᠯᠢ ᠶᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ

ᠶᠠᠷᠢᠶᠠᠨ ᠤ ᠵᠣᠷᠢᠭ ᠰᠠᠨᠠᠭ᠎ᠠ ᠪᠣᠯᠤᠨ ᠭᠤᠸᠠᠩᠳᠦ᠋ᠩ ᠤᠨ ᠮᠧᠶ ᠵᠧᠤ ᠬᠤᠲᠠ ᠶᠢᠨ ᠮᠧᠶ ᠳ᠋ᠠ ᠲᠦᠷᠭᠡᠨ ᠵᠠᠮ ᠤᠨ

ᠬᠡᠰᠡᠭ ᠤᠨ ᠨᠤᠷᠠᠭᠰᠠᠨ ᠭᠠᠮᠰᠢᠭ᠂ ︽5.1︾ ᠤ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ ᠪᠣᠯᠤᠨ ᠲᠠᠪᠤᠨ

ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠳᠤ ᠭᠠᠷᠭᠠᠭᠰᠠᠨ ᠵᠢᠭᠠᠪᠤᠷᠢ ᠶᠢᠨ

ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶᠠᠨ ᠤ

ᠣᠶᠢᠷ᠎ᠠ ᠶᠢᠨ ᠬᠤᠭᠤᠴᠠᠭᠠᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃

    ᠬᠤᠷᠠᠯ ᠠᠴᠠ ︽ᠠᠮᠤᠷ ᠠᠮᠤᠭᠤᠯᠠᠩ ᠬᠤᠸᠠᠳᠧ ᠶᠢᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ

ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ

ᠬᠠᠷᠢᠭᠤᠴᠠᠯᠭ᠎ᠠ ᠶᠢᠨ ᠨᠠᠷᠢᠨ ᠲᠠᠩᠰᠠ︾᠂ ︽ᠬᠤᠸᠠᠳᠧ ᠰᠢᠶᠠᠨ ᠤ ᠰᠢᠨ᠎ᠡ ᠴᠠᠭ ᠦᠶ᠎ᠡ ᠶᠢᠨ ︿ᠹᠧᠩᠴᠢᠶᠤᠤ ᠶᠢᠨ

ᠲᠤᠷᠰᠢᠯᠭ᠎ᠠ﹀ ᠶᠢ ᠪᠠᠷᠢᠮᠲᠠᠯᠠᠨ ᠬᠥᠭᠵᠢᠭᠦᠯᠵᠦ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ

ᠴᠢᠳᠠᠪᠤᠷᠢ ᠶᠢᠨ ︿ᠡᠭᠦᠷᠭᠡ ᠠᠷᠭ᠎ᠠ ᠬᠡᠮᠵᠢᠶ᠎ᠡ ᠶᠢᠨ ᠬᠠᠷᠢᠭᠤᠴᠠᠯᠭ᠎ᠠ﹀ ᠶᠢᠨ ᠨᠠᠷᠢᠨ ᠲᠠᠩᠰᠠ︾᠂ ︽ᠬᠤᠸᠠᠳᠧ

ᠰᠢᠶᠠᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ

ᠲᠤᠰᠬᠠᠢ ᠠᠵᠢᠯ ᠤᠨ ᠲᠣᠭᠲᠠᠴᠠ ᠶᠢᠨ ᠠᠵᠢᠯ ᠤᠨ ᠲᠦᠷᠢᠮ︾᠂ ︽ᠬᠤᠸᠠᠳᠧ ᠰᠢᠶᠠᠨ ᠤ ᠪᠦᠬᠦ ᠤᠯᠤᠰ ᠤᠨ

ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠶᠢᠨ

ᠬᠡᠷᠡᠭᠵᠢᠭᠦᠯᠬᠦ ᠲᠥᠰᠦᠯ︾᠂ ︽ᠬᠤᠸᠠᠳᠧ ᠰᠢᠶᠠᠨ ᠤ ︿ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ

ᠠᠬᠢᠭᠤᠯᠬᠤ ᠲᠤᠬᠠᠢ ᠰᠠᠨᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ︾ ᠶᠢ ᠬᠢᠨᠠᠨ

ᠵᠥᠪᠯᠡᠪᠡ᠃

    ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ

ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ

ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ

ᠠᠵᠢᠯ ᠤᠨ ᠭᠤᠤᠯ ᠰᠢᠵᠢᠮ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ

︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ

ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠷᠢᠰᠢᠯ ᠢ

ᠲᠦᠷᠭᠡᠨ ᠪᠦᠷᠢᠯᠳᠦᠭᠦᠯᠬᠦ ᠬᠡᠷᠡᠭᠲᠡᠶ᠃ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠲᠦᠷᠢᠮ ᠢ ᠪᠦᠬᠦ ᠲᠠᠯ᠎ᠠ ᠪᠠᠷ

ᠨᠠᠶᠢᠳᠠᠪᠤᠷᠢᠵᠢᠭᠤᠯᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂

ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠦᠨᠳᠦᠰᠦᠨ

ᠱᠠᠲᠤᠨ ᠤ ᠵᠡᠪᠰᠡᠭᠲᠦ ᠬᠦᠴᠦᠨ ᠤ ᠠᠵᠢᠯ ᠤᠨ ᠪᠦᠬᠦ ᠲᠠᠯ᠎ᠠ ᠶᠢᠨ ᠲᠠᠪᠰᠢᠯᠳᠠ ᠶᠢ ᠠᠬᠢᠭᠤᠯᠬᠤ ᠬᠡᠷᠡᠭᠲᠡᠢ᠃ ᠠᠶᠤᠯ

ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ

ᠠᠵᠢᠯ ᠢ ᠨᠠᠷᠢᠨ ᠪᠣᠳᠠᠲᠠᠢ ᠠᠳᠬᠤᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ

ᠬᠤᠷᠢᠭᠯᠠᠬᠤ ᠬᠡᠷᠡᠭᠲᠡᠢ᠃ ᠠᠵᠤ ᠠᠬᠤᠶ ᠶᠢᠨ ᠠᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ

ᠠᠯᠬᠤᠮ ᠨᠠᠷᠢᠯᠢᠬᠵᠢᠭᠤᠯᠤᠨ ᠬᠡᠮᠵᠢᠶᠡᠵᠢᠭᠦᠯᠵᠦ᠂ ᠬᠡᠷᠡᠭᠴᠡᠭᠡ ᠱᠠᠭᠠᠷᠳᠠᠯᠭ᠎ᠠ ᠪᠠᠨ ᠦᠷᠭᠦᠯᠵᠢᠯᠡᠨ ᠰᠡᠷᠭᠦᠭᠡᠬᠦ ᠪᠠ

ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠦᠬᠦ

ᠵᠢᠯ ᠤᠨ ᠠᠵᠤ ᠠᠬᠤᠢ ᠶᠢᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ

ᠲᠠᠯᠪᠢᠬᠤ ᠬᠡᠷᠡᠭᠲᠡᠢ᠃

    ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠲᠥᠪ ᠬᠤᠷᠢᠶ᠎ᠠ᠂ ᠥᠪᠡᠷᠲᠡᠭᠡᠨ ᠵᠠᠰᠠᠬᠤ

ᠣᠷᠣᠨ ᠪᠣᠯᠤᠨ ᠬᠤᠳᠠ ᠶᠢᠨ ᠳᠠᠪᠬᠤᠷᠭ᠎ᠠ ᠶᠢᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ

ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠠᠯᠪᠠᠨ ᠭᠡᠷ ᠤᠨ ᠵᠠᠷᠯᠠᠨ ᠮᠡᠳᠡᠭᠳᠡᠭᠰᠡᠨ

ᠨᠡᠶᠢᠲᠡᠯᠢᠭ ᠠᠰᠠᠭᠤᠳᠠᠯ ᠲᠠᠢ ᠨᠠᠷᠢᠨ ᠬᠢᠨᠠᠮᠠᠭᠠᠢ ᠬᠠᠷᠢᠴᠠᠭᠤᠯᠵᠤ᠂ ᠲᠤᠰ ᠲᠤᠰ ᠤᠨ ᠤᠷᠤᠨ ᠪᠠᠶᠢᠷᠢ ᠳᠠᠭᠠᠨ ᠣᠷᠣᠵᠤ

᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠰᠢᠰᠲ᠋ᠧᠮ ᠲᠠᠢ ᠡᠮᠬᠢᠯᠡᠵᠦ᠂ ᠵᠦᠢᠯ ᠵᠤᠷᠪᠤᠰ ᠳᠠᠷᠠᠭᠠᠯᠠᠨ

ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ

ᠳᠠᠷᠤᠭᠠᠰᠤ ᠶᠢ ᠬᠥᠩᠭᠡᠷᠡᠭᠦᠯᠬᠦ ᠠᠵᠢᠯ ᠢ ᠭᠦᠨᠵᠡᠭᠡᠶᠢᠷᠡᠭᠦᠯᠦᠨ ᠥᠷᠭᠡᠳᠬᠡᠬᠦ ᠶᠢ ᠠᠬᠢᠭᠤᠯᠬᠤ ᠬᠡᠷᠡᠭᠲᠡᠢ᠃ ᠪᠦᠬᠦ

ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ

ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠡᠵᠡᠮᠳᠡᠵᠦ᠂ ᠬᠠᠮᠲᠤ ᠶᠢᠨ ᠲᠠᠨᠢᠯᠲᠠ ᠶᠢ ᠤᠯᠠᠮ ᠨᠢᠭᠡ

ᠠᠯᠬᠤᠮ ᠨᠢᠭᠲᠠᠷᠠᠭᠤᠯᠵᠤ᠂ ᠳᠡᠭᠡᠳᠦ ᠲᠤᠤᠷᠠᠳᠤ ᠱᠠᠳᠤ ᠬᠤᠯᠪᠣᠭᠠᠯᠠᠨ ᠬᠥᠳᠡᠯᠦᠯᠴᠡᠬᠦ᠂ ᠵᠡᠷᠭᠡ ᠪᠠᠷ ᠠᠳᠬᠤᠨ

ᠬᠠᠮᠲᠤ ᠪᠠᠷ ᠬᠠᠮᠢᠶᠠᠷᠬᠤ ᠬᠦᠴᠦᠷᠬᠡᠭ ᠶᠡᠭᠡ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠪᠦᠬᠦ ᠰᠢᠶᠠᠨ ᠤ

ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠨᠡᠶᠢᠭᠡᠮ ᠤᠨ

ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠤᠨᠤᠯ ᠤᠨ

ᠰᠤᠳᠤᠯᠭᠠᠨ ᠢ ᠭᠦᠨᠵᠡᠭᠡᠢ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠤᠬᠠᠭᠤᠯᠭ᠎ᠠ ᠳᠡᠯᠭᠡᠷᠡᠭᠦᠯᠦᠯᠲᠡ ᠶᠢ

ᠥᠷᠭᠡᠨ ᠢᠶᠠᠷ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ

ᠠᠬᠢᠭᠤᠯᠵᠤ᠂ ᠪᠦᠬᠦ ᠰᠢᠶᠠᠨ ᠤ ᠰᠣᠶᠣᠯ ᠤᠨ ᠦᠢᠯᠡᠰ ᠪᠣᠯᠤᠨ ᠰᠣᠶᠣᠯ ᠤᠨ ᠠᠵᠤ ᠦᠢᠯᠡᠰ ᠤᠨ ᠶᠠᠰᠤ ᠴᠢᠨᠠᠷ ᠢ

ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃

    ᠬᠤᠷᠠᠯ ᠠᠴᠠ ᠪᠠᠰᠠ ᠪᠤᠰᠤᠳ ᠠᠵᠢᠯ ᠤᠨ ᠵᠦᠢᠯᠡᠰ ᠢ ᠬᠢᠨᠠᠨ ᠵᠥᠪᠯᠡᠵᠦ ᠰᠤᠳᠤᠯᠪᠠ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ     

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2