ᠰᠢᠶᠠᠨ ᠤ ᠡᠪᠯᠡᠯ ᠤᠨ ᠬᠤᠷᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠲᠤ ᠪᠥᠬᠦ ᠤᠯᠤᠰ ᠤᠨ ᠥᠷᠭᠡᠨ ᠣᠯᠠᠨ ᠵᠠᠯᠠᠭᠤᠴᠤᠳ ᠲᠤ  ᠬᠡᠯᠡᠭᠰᠡᠨ ᠦᠭᠡ  ᠶᠢᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠬᠤ ᠬᠤᠷᠠᠯ ᠮᠠᠨ ᠤ ᠰᠢᠶᠠᠨ ᠤ ᠭᠠᠨ ᡁᠢ ᠮᠧᠶ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠲᠤ ᠶᠠᠪᠤᠭᠳᠠᠪᠠ᠃
ᠨᠡᠶᠢᠲᠡᠯᠡᠭᠰᠡᠨ ᠴᠠᠭ᠄
2024/5/11

    ᠰᠢ ᠶᠢᠨ ᠫᠢᠩ ᠶᠡᠷᠦᠩᠬᠡᠢ ᠱᠦᠵᠢ ᠶᠢᠨ ︽5 · 4︾ ᠤ ᠵᠠᠯᠠᠭᠤᠴᠤᠳ ᠤᠨ ᠪᠠᠶᠠᠷ ᠤᠨ ᠪᠦᠬᠦ ᠤᠯᠤᠰ ᠤᠨ

ᠥᠷᠭᠡᠨ ᠤᠯᠠᠨ ᠵᠠᠯᠠᠭᠤᠴᠤᠳ ᠲᠤ ᠲᠠᠯᠪᠢᠭᠰᠠᠨ ᠦᠭᠡ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ

ᠤᠬᠠᠭᠤᠯᠵᠤ ᠲᠤᠤᠱᠯᠠᠭᠤᠯᠵᠤ᠂ ᠥᠷᠭᠡᠨ ᠤᠯᠠᠨ ᠵᠠᠯᠠᠭᠤᠴᠤᠳ ᠢ ᠬᠦᠳᠦᠯᠦᠨ ᠵᠢᠯᠣᠭᠤᠳᠴᠤ ᠪᠠᠶᠢᠭᠠᠳ ᠲᠠᠪᠤᠨ

ᠰᠠᠷ᠎ᠠ ᠶᠢᠨ ᠳᠥᠷᠪᠡᠨ ᠤ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠡᠷᠡᠰ ᠭᠤᠶᠢᠪᠢᠰᠢ ᠦᠭᠡᠢ ᠪᠠᠷ ᠨᠠᠮ ᠤᠨ

ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢᠨ ᠲᠥᠯᠥᠭᠡ ᠶᠤᠮ᠃ ᠲᠦᠷᠦᠭᠦᠬᠡᠨ᠂ ᠰᠢᠶᠠᠨ ᠤ ᠡᠪᠯᠡᠯ ᠤᠨ

ᠨᠠᠮ ᠤᠨ ᠬᠤᠷᠢᠶ᠎ᠠ ᠮᠠᠨ ᠤ ᠰᠢᠶᠠᠨ ᠤ ᠭᠠᠨ ᡁᠢ ᠮᠧᠶ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠲᠤ ᠬᠦᠷᠴᠦ

ᠶᠡᠷᠦᠩᠬᠡᠶ ᠱᠦᠵᠢ ᠰᠢ ᠶᠢᠨ ᠫᠢᠩ ᠤᠨ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠢ ᠰᠤᠷᠤᠯᠴᠠᠨ

ᠤᠬᠠᠭᠤᠯᠵᠤ ᠲᠤᠭᠤᠰᠢᠯᠠᠭᠤᠯᠬᠤ ᠪᠥᠬᠦ ᠤᠯᠤᠰ ᠤᠨ ᠥᠷᠭᠡᠨ ᠣᠯᠠᠨ ᠵᠠᠯᠠᠭᠤᠴᠤᠳ ᠲᠤ ᠲᠥᠪᠯᠡᠷᠡᠭᠦᠯᠦᠨ

ᠰᠤᠷᠤᠯᠴᠠᠬᠤ ᠬᠤᠷᠠᠯ ᠡᠷᠭᠢᠯᠡᠪᠡ᠃

1715258867760011365.jpg

     ᠬᠤᠷᠠᠯ ᠤᠨ ᠡᠬᠢᠨ ᠳᠤ᠂ ᠡᠪᠯᠡᠯ ᠤᠨ ᠬᠤᠷᠢᠶᠠᠨ ᠤ ᠱᠦᠵᠢ ᠶᠠᠨ ᠬᠠᠢ ᠲᠤᠤ ᠶᠡᠷᠦᠩᠬᠡᠢ ᠱᠦᠵᠢ ᠰᠢ ᠶᠢᠨ

ᠫᠢᠩ ᠤᠨ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠤᠨ ᠡᠳᠦᠷ ᠪᠦᠬᠦ ᠤᠯᠤᠰ ᠤᠨ ᠥᠷᠭᠡᠨ ᠤᠯᠠᠨ

ᠵᠠᠯᠠᠭᠤᠴᠤᠳ ᠲᠤ  ᠬᠡᠯᠡᠭᠰᠡᠨ ᠦᠭᠡᠨ ᠦ ᠵᠣᠷᠢᠭ ᠰᠠᠨᠠᠭ᠎ᠠ ᠶᠢ ᠳᠠᠭᠠᠭᠤᠯᠤᠨ

ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠠᠬᠢ ᠪᠠᠶᠠᠯᠢᠭ

ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ ᠬᠡᠷᠡᠭᠲᠡᠢ︔ ᠳᠠᠷᠠᠭ᠎ᠠ ᠳᠤᠨᠢ

ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠶᠡᠷᠦᠩᠬᠡᠢ ᠱᠦᠵᠢ ᠰᠢ ᠶᠢᠨ ᠫᠢᠩ ᠤᠨ 

ᠬᠡᠯᠡᠨᠰᠡᠨ ᠦᠭᠡᠨ ᠦ ᠵᠣᠷᠢᠭ ᠰᠠᠨᠠᠭᠠᠨ ᠤ ᠲᠣᠭᠤᠷᠢᠨ ᠳᠤ ᠰᠠᠨᠠᠯ ᠢᠶᠠᠨ ᠰᠣᠯᠢᠯᠴᠠᠨ

ᠶᠠᠷᠢᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃

     ᠤᠯᠠᠨ ᠢᠶᠠᠷ ᠢᠶᠠᠨ᠂ ᠶᠡᠷᠦᠩᠬᠡᠢ ᠱᠦᠵᠢ ᠶᠢᠨ ᠵᠠᠯᠠᠭᠤᠴᠤᠳ ᠲᠤ ᠥᠭᠭᠦᠭᠰᠡᠨ ᠴᠢᠩ ᠰᠡᠳᠬᠢᠯ ᠤᠨ

ᠨᠠᠶᠢᠳᠠᠯᠭ᠎ᠠ ᠶᠢ ᠪᠠᠲᠤ ᠴᠡᠭᠡᠵᠢᠯᠡᠵᠦ᠂ ᠲᠠᠪᠤᠨ ᠰᠠᠷ᠎ᠠ ᠶᠢᠨ ᠳᠥᠷᠪᠡᠨ ᠤ ᠵᠣᠷᠢᠭ ᠰᠠᠨᠠᠭ᠎ᠠ ᠶᠢ ᠵᠠᠯᠭᠠᠮᠵᠢᠯᠠᠨ

ᠪᠠᠳᠠᠷᠠᠭᠤᠯᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠯᠠᠪᠳᠠᠭᠤᠨ

ᠪᠠᠲᠤᠲᠠᠢ ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠡᠭᠦᠷᠭᠡ

ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ᠂ ᠬᠠᠷᠢᠯᠴᠠᠨ

ᠬᠠᠪᠰᠤᠷᠤᠯᠴᠠᠬᠤ᠂ ᠲᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠰᠡᠯᠡᠩ ᠲᠠᠢ᠂

ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠪᠠᠭᠤᠷᠢ ᠵᠦᠳᠡᠭᠦᠷᠢ ᠶᠢ ᠠᠮᠰᠠᠵᠤ ᠳᠡᠶᠢᠯᠬᠦ᠂ ᠴᠢᠷᠮᠠᠶᠢᠨ ᠲᠡᠮᠡᠴᠡᠬᠦ

ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠣᠯᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠤᠰ ᠢᠶᠠᠨ

ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ

ᠠᠬᠢᠭᠤᠯᠬᠤ ᠳᠤᠮᠳᠠ ᠵᠣᠷᠢᠭᠲᠠᠢ ᠪᠠᠷ ᠰᠠᠶᠢᠨ ᠳᠤᠷ᠎ᠠ ᠶᠢᠨ ᠬᠤᠰᠢᠭᠤᠴᠢ ᠪᠣᠯᠤᠨ᠎ᠠ ᠭᠡᠵᠦ ᠢᠯᠡᠳᠬᠡᠵᠡᠭᠡᠪᠡ᠃

     ᠳᠠᠷᠠᠭᠠᠴᠢ ᠶᠢᠨ ᠠᠯᠬᠤᠮ ᠳᠤ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ

ᠫᠢᠩ ᠤᠨ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠤᠨ ᠪᠦᠬᠦ ᠤᠯᠤᠰ ᠤᠨ ᠥᠷᠭᠡᠨ ᠤᠯᠠᠨ

ᠵᠠᠯᠠᠭᠤᠴᠤᠳ ᠲᠤ  ᠬᠡᠯᠡᠨᠰᠡᠨ ᠦᠭᠡᠨ ᠦ ᠵᠣᠷᠢᠭ ᠰᠠᠨᠠᠭ᠎ᠠ ᠶᠢ ᠦᠷᠭᠦᠯᠵᠢᠯᠡᠨ

ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠵᠤ᠂ ᠪᠦᠬᠦ ᠰᠢᠶᠠᠨ ᠤ ᠡᠪᠯᠡᠯ ᠤᠨ ᠭᠡᠰᠢᠭᠦᠨ ᠵᠠᠯᠠᠭᠤᠴᠤᠳ ᠢ

ᠬᠦᠳᠦᠯᠦᠨ ᠵᠢᠯᠣᠭᠤᠳᠴᠤ ᠪᠠᠶᠢᠭᠠᠳ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂

ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠭᠠᠪᠢᠶ᠎ᠠ ᠪᠠᠶᠢᠭᠤᠯᠵᠤ ᠦᠢᠯᠡᠰ ᠪᠤᠰᠬᠠᠬᠤ ᠠᠮᠢᠳᠤᠯᠢᠭ ᠦᠢᠯᠡᠳᠦᠯᠭᠡ

ᠪᠣᠯᠭᠠᠨ ᠬᠤᠪᠢᠷᠠᠭᠤᠯᠵᠤ᠂ ᠥᠷᠭᠡᠨ ᠤᠯᠠᠨ ᠡᠪᠯᠡᠯ ᠤᠨ ᠭᠡᠰᠢᠭᠦᠨ ᠪᠣᠯᠤᠨ ᠵᠠᠯᠠᠭᠤᠴᠤᠳ ᠤᠨ ᠰᠢᠨ᠎ᠡ ᠠᠶᠠᠨ ᠳᠤ

ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠶᠢ ᠵᠣᠷᠢᠭᠵᠢᠭᠤᠯᠵᠤ᠂ ᠵᠠᠯᠠᠭᠤ

ᠨᠠᠰᠤ ᠪᠠᠨ ᠨᠠᠮ ᠪᠣᠯᠤᠨ ᠠᠷᠠᠳ ᠲᠦᠮᠡᠨ ᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠭᠤᠶᠢᠳᠠ ᠰᠠᠶᠢᠬᠠᠨ ᠬᠤᠸᠠᠷ

ᠴᠡᠴᠡᠭ ᠳᠡᠯᠭᠡᠷᠡᠭᠦᠯᠦᠨ᠎ᠡ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ     

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2