5 ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠳ᠋ᠢᠶᠤᠤ ᠴᠦᠨ ᠬᠠᠶ ᠴᠠᠩᠱᠦ᠋ᠨ ᠪᠠᠯᠭᠠᠰᠤᠨ ᠤ ᠳ᠋ᠧ ᠱᠧᠩ ᠲᠣᠰᠬᠤᠨ᠂ ᠳᠣᠯᠤᠭᠠᠨᠬᠤᠳᠳᠤᠭ | ᠲᠣᠰᠬᠤᠨ ᠳᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠥᠷᠥᠯ ᠵᠦᠢᠯ ᠢ ᠬᠡᠷᠡᠭᠵᠢᠭᠦᠯᠵᠦ ᠪᠠᠶᠢᠭ᠎ᠠ | ᠪᠠᠶᠢᠳᠠᠯ ᠢ ᠪᠠᠶᠢᠴᠠᠭᠠᠨ ᠰᠤᠳᠤᠯᠪᠠ︔ ᠬᠤᠲᠠ ᠶᠢᠨ ᠲᠣᠭᠤᠷᠢᠭ ᠲᠤ ︽ᠳᠤᠯᠠᠭᠠᠨ ᠢᠨᠵᠧᠨᠧᠷᠢᠩ︾ ᠤᠨ ᠢᠯᠴᠢ | ᠬᠠᠩᠭᠠᠬᠤ ᠬᠤᠭᠤᠯᠠᠶ ᠶᠢᠨ ᠲᠣᠤᠷ ᠢ ᠰᠡᠯᠪᠢᠨ ᠵᠠᠰᠠᠵᠤ ᠥᠭᠡᠷᠡᠴᠢᠯᠡᠬᠦ ᠠᠵᠢᠯ ᠢ ᠪᠠᠶᠢᠴᠠᠭᠠᠨ ᠰᠤᠳᠤᠯᠪᠠ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠲᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ | ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢ | ᠪᠠᠶᠢᠴᠠᠭᠠᠨ ᠰᠤᠳᠤᠯᠪᠠ᠃ | ︽ᠳᠤᠯᠠᠭᠠᠨ ᠬᠠᠩᠭᠠᠬᠤ ᠢᠨᠵᠧᠨᠧᠷᠢᠩ︾ ᠢ ᠪᠠᠶᠢᠴᠠᠭᠠᠨ ᠰᠤᠳᠤᠯᠬᠤ ᠳᠠᠭᠠᠨ ᠳ᠋ᠢᠶᠤᠤ ᠴᠦᠨ ᠬᠠᠶ | ᠴᠢᠬᠤᠯᠠᠴᠢᠯᠠᠭᠰᠠᠨ ᠨᠢ᠂ ︽ᠳᠤᠯᠠᠭᠠᠨ ᠬᠠᠩᠭᠠᠬᠤ ᠢᠨᠵᠧᠨᠧᠷᠢᠩ︾ ᠢ ᠠᠷᠠᠳ ᠤᠨ ᠠᠮᠢᠳᠤᠷᠠᠯ ᠤᠨ ︽ᠨᠢᠭᠡᠳᠦᠭᠡᠷ | ᠨᠣᠮᠧᠷᠲᠤ ᠢᠨᠵᠧᠨᠧᠷᠢᠩ︾ ᠪᠣᠯᠭᠠᠵᠤ᠂ ᠪᠣᠳᠠᠲᠠᠶ ᠠᠷᠭ᠎ᠠ ᠬᠡᠮᠵᠢᠶ᠎ᠡ ᠠᠪᠴᠤ᠂ ᠪᠣᠳᠠᠲᠠᠶ ᠠᠵᠢᠯ ᠬᠢᠵᠦ᠂ ︽ | ᠳᠤᠯᠠᠭᠠᠨ ᠬᠠᠩᠭᠠᠬᠤ ᠢᠨᠵᠧᠨᠧᠷᠢᠩ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠢᠳᠡᠪᠬᠢᠲᠡᠶ | ᠳᠥᠯᠭᠢᠨ ᠠᠬᠢᠭᠤᠯᠵᠤ᠂ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ | ᠂ ᠢᠯᠴᠢ ᠬᠠᠩᠭᠠᠬᠤ ᠶᠠᠰᠤ ᠴᠢᠨᠠᠷ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠶ᠃ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠤᠨ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠬᠤᠲᠠ ᠪᠠᠯᠭᠠᠰᠤᠨ ᠤ ᠢᠯᠴᠢ ᠬᠠᠩᠭᠠᠬᠤ ︽ᠳᠤᠯᠠᠭᠠᠯᠠᠭ᠎ᠠ ᠶᠢᠨ | ᠢᠨᠵᠧᠨᠧᠷᠢᠩ︾ ᠤᠨ ᠡᠭᠦᠷᠭᠡ ᠨᠢᠭᠡᠪᠦᠷᠢ ᠶᠢᠨ ᠬᠠᠷᠢᠭᠤᠴᠠᠯᠭᠠᠲᠤ ᠨᠢᠭᠡᠴᠡ᠂ ᠬᠠᠷᠢᠭᠤᠴᠠᠯᠭᠠᠲᠠᠨ ᠢ ᠲᠣᠳᠣᠷᠬᠠᠶᠢᠯᠠᠵᠤ | ᠂ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠠᠵᠢᠯ ᠤᠨ ᠬᠤᠭᠤᠴᠠᠭ᠎ᠠ ᠶᠢ | ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠡᠯ᠎ᠡ ᠵᠦᠢᠯ ᠤᠨ ᠠᠵᠢᠯ ᠢ ᠴᠠᠭ ᠲᠤᠬᠠᠶ ᠳᠤᠨᠢ | ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ ᠢ ᠪᠠᠶᠢᠴᠠᠭᠠᠨ ᠰᠤᠳᠤᠯᠬᠤ ᠳᠠᠭᠠᠨ᠂ ᠳ᠋ᠢᠶᠤᠤ ᠴᠦᠨ ᠬᠠᠶ ᠱᠠᠭᠠᠷᠳᠠᠭᠰᠠᠨ ᠨᠢ᠂ | ᠡᠯ᠎ᠡ ᠰᠢᠶᠠᠩ ᠪᠠᠯᠭᠠᠰᠤ᠂ ᠡᠯ᠎ᠡ ᠨᠢᠭᠡᠴᠡ ᠶᠢᠨ ᠬᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ | ᠰᠠᠶᠢᠲᠤᠷ ᠬᠢᠵᠦ᠂ ᠰᠢᠰᠲ᠋ᠧᠮᠲᠦ ᠦᠵᠡᠯᠲᠡ ᠶᠢ ᠪᠠᠷᠢᠮᠲᠠᠯᠠᠨ᠂ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠪᠠᠨ | ᠴᠢᠩᠭᠠᠳᠬᠠᠵᠤ᠂ ᠮᠧᠬᠠᠨᠢᠭ ᠬᠦᠴᠦᠨ᠂ ᠬᠥᠮᠦᠨ ᠤ ᠬᠦᠴᠦᠨ ᠤ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ | ᠥᠬᠡᠶ ᠴᠢᠩᠭᠠᠷᠠᠭᠤᠯᠵᠤ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠰᠠᠯᠬᠢᠨ ᠬᠦᠴᠦᠨ ᠬᠡᠷᠡᠯ ᠴᠡᠨᠡᠭ ᠤᠨ ᠨᠢᠭᠡ | ᠴᠣᠭᠴᠠᠵᠢᠭᠤᠯᠬᠤ ᠢᠨᠵᠧᠨᠧᠷᠢᠩ ᠤᠨ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ | ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ | ᠴᠢᠩᠭᠠᠳᠬᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠠᠮᠢ ᠠᠬᠤᠶ ᠶᠢ ᠰᠠᠶᠢᠵᠢᠷᠠᠭᠤᠯᠬᠤ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠮᠢ ᠠᠬᠤᠶ ᠶᠢᠨ ᠢᠨᠵᠧᠨᠧᠷᠢᠩ᠂ ᠠᠷᠠᠳ ᠢ ᠪᠠᠶᠠᠵᠢᠭᠤᠯᠬᠤ | ᠢᠨᠵᠧᠨᠧᠷᠢᠩ ᠪᠣᠯᠭᠠᠬᠤ ᠬᠡᠷᠡᠭᠲᠡᠶ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ | ᠡᠦ ᠴᠢᠯᠠᠭᠤ᠂ ᠵᠠᠰᠠᠭ ᠤᠨ ᠣᠷᠳᠣᠨ ᠤ ᠠᠯᠪᠠᠨ ᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠠᠮᠢ ᠠᠬᠤᠢ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ᠂ ᠴᠠᠬᠢᠯᠭᠠᠨ ᠬᠠᠩᠭᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶᠠᠨ ᠤ ᠭᠤᠣᠯ ᠬᠠᠷᠢᠭᠤᠴᠠᠯᠭᠠᠲᠠᠨ ᠵᠢᠴᠢ ᠴᠠᠩᠱᠦ᠋ᠨ ᠪᠠᠯᠭᠠᠰᠤ᠂ ᠡᠳ᠋ ᠤᠨ ᠵᠠᠰᠠᠭ ᠤᠨ | ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠠᠩᠭ᠎ᠠ | |