5 ᠰᠠᠷ᠎ᠠ ᠶᠢᠨ 12 ᠤᠨ ᠡᠳᠦᠷ᠂ ᠮᠠᠨ ᠤ ᠰᠢᠶᠠᠨ ᠤ ᠠᠷᠠᠳ ᠤᠨ ᠠᠭᠤᠳᠠᠮ ᠲᠠᠯᠠᠪᠠᠶ ᠳᠤ ︽5 · 12︾ ᠤᠨ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | ᠡᠨᠡ ᠵᠢᠯ ᠤᠨ 5 ᠰᠠᠷ᠎ᠠ ᠶᠢᠨ 12 ᠤᠨ ᠡᠳᠦᠷ ᠪᠣᠯ ᠪᠥᠬᠦ ᠤᠯᠤᠰ ᠤᠨ 16 ᠳ᠋ᠤᠭᠠᠷ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠡᠳᠦᠷ ᠪᠣᠯᠤᠨ᠎ᠠ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ | ᠪᠠᠴᠢᠮ ᠪᠠᠶᠢᠳᠠᠯ ᠢ ᠠᠷᠭᠠᠴᠠᠭᠠᠬᠤ - ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ | ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠬᠦ︾ ᠪᠠᠷ ᠭᠤᠤᠯ ᠰᠡᠳᠦᠪ ᠪᠤᠯᠭᠠᠪᠠ᠃ ᠠᠵᠢᠯᠯᠠᠭ᠎ᠠ ᠶᠢᠨ ᠲᠤᠬᠠᠶ ᠶᠢᠨ | ᠲᠠᠯᠠᠪᠤᠷ ᠲᠤ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠡᠯᠭᠦᠭᠡ ᠪᠢᠴᠢᠭᠡᠰᠦ | ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠶᠢᠨ ᠤᠬᠠᠭᠤᠯᠭ᠎ᠠ᠂ ᠲᠣᠨᠤᠭ ᠲᠥᠬᠦᠭᠡᠷᠦᠮᠵᠢ ᠶᠢᠨ ᠳᠡᠯᠭᠡᠨ ᠦᠵᠡᠭᠦᠯᠬᠦ᠂ | ᠤᠬᠠᠭᠤᠯᠤᠨ ᠲᠠᠶᠢᠯᠪᠤᠷᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠠᠷᠠᠳ ᠣᠯᠠᠨ ᠤ ᠭᠠᠵᠠᠷ ᠬᠥᠳᠡᠯᠦᠯᠲᠡ ᠶᠢ ᠠᠷᠭᠠᠴᠠᠬᠤ᠂ ᠦᠶᠡᠷ ᠢ ᠰᠡᠷᠭᠡᠶᠢᠯᠡᠬᠦ᠂ ᠰᠢᠲᠠᠮᠠᠬᠠᠶ | ᠬᠡᠶ ᠶᠢᠨ ᠬᠡᠷᠡᠭᠯᠡᠯᠲᠡ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠮᠡᠳᠡᠯᠭᠡ ᠪᠠ ᠪᠠᠴᠢᠮ ᠪᠠᠶᠢᠳᠠᠯ ᠢ ᠠᠷᠭᠠᠴᠠᠬᠤ ᠤᠷ᠎ᠠ ᠴᠢᠳᠠᠪᠤᠷᠢ ᠶᠢ ᠤᠬᠠᠭᠤᠯᠵᠤ᠂ ᠲᠤᠬᠠᠶ ᠶᠢᠨ | ᠲᠠᠯᠠᠪᠤᠷ ᠲᠤ ᠣᠯᠠᠨ ᠲᠦᠮᠡᠨ ᠤ ᠯᠠᠪᠯᠠᠭ᠎ᠠ ᠳᠤ ᠬᠠᠷᠢᠭᠤᠯᠲᠠ ᠥᠭᠴᠦ᠂ ᠡᠯ᠎ᠡ ᠲᠥᠷᠥᠯ ᠤᠨ ᠤᠬᠠᠭᠤᠯᠭ᠎ᠠ ᠶᠢᠨ | ᠮᠠᠲ᠋ᠧᠷᠢᠶᠠᠯ᠂ ᠤᠬᠠᠭᠤᠯᠭ᠎ᠠ ᠶᠢᠨ ᠡᠳ᠋ ᠪᠣᠳᠠᠰ ᠵᠡᠷᠭᠡ ᠶᠢ 2000 ᠭᠠᠷᠤᠶ ᠬᠤᠪᠢ ᠲᠠᠷᠬᠠᠭᠠᠪᠠ᠃ | | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ︽ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠡᠳᠦᠷ︾ ᠤᠨ ᠬᠤᠭᠤᠴᠠᠭᠠᠨ ᠳᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠮᠡᠳᠡᠯᠭᠡ ᠶᠢ ᠶᠡᠭᠡ ᠪᠠᠷ ᠲᠦᠭᠡᠮᠡᠯᠵᠢᠭᠦᠯᠦᠨ᠂ ᠣᠯᠠᠨ ᠲᠦᠮᠡᠨ ᠲᠠᠢ ᠵᠠᠶ | ᠵᠠᠪᠰᠠᠷ ᠥᠬᠡᠶ ᠬᠠᠷᠢᠯᠴᠠᠨ ᠰᠣᠯᠢᠯᠴᠠᠵᠤ᠂ ᠣᠯᠠᠨ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠡᠳᠡᠨ ᠳᠤ ᠭᠠᠮᠰᠢᠭ ᠠᠴᠠ ᠵᠠᠶᠢᠯᠠᠵᠤ | ᠥᠪᠡᠷ ᠢ ᠪᠠᠨ ᠠᠪᠤᠷᠠᠬᠤ ᠤᠷ᠎ᠠ ᠴᠢᠳᠠᠪᠤᠷᠢ ᠶᠢ ᠨᠠᠩ ᠰᠠᠶᠢᠲᠤᠷ ᠡᠵᠡᠮᠰᠢᠭᠦᠯᠵᠦ᠂ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ | ᠲᠥᠯᠥᠭᠡ ᠶᠤᠮ᠃ | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠠᠩᠭ᠎ᠠ | | |