ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ ᠠᠵᠤ ᠦᠢᠯᠡᠰ ᠤᠨ ᠭᠠᠵᠠᠷ ᠬᠡᠷᠡᠭᠯᠡᠬᠦ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/5/16

    ᠣᠶᠢᠷ᠎ᠠ ᠳᠤ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠵᠠᠷ ᠬᠡᠷᠡᠭᠯᠡᠬᠦ ᠴᠢᠬᠤᠯᠠ

ᠬᠦᠴᠦᠨ ᠵᠦᠢᠯ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠤᠰᠬᠠᠶ ᠠᠩᠭᠢ ᠪᠠᠶᠢᠭᠤᠯᠵᠤ᠂ ᠬᠠᠤᠯᠢ ᠴᠠᠭᠠᠵᠠ ᠶᠢᠨ

ᠬᠤᠷᠢᠭ᠎ᠠ ᠱᠤᠭᠤᠮ ᠪᠠ ᠡᠬᠢ ᠪᠠᠶᠠᠯᠢᠭ ᠤᠨ ᠠᠮᠤᠷ ᠲᠦᠪᠰᠢᠨ ᠤ ᠤᠯᠠᠭᠠᠨ ᠱᠤᠭᠤᠮ ᠢ ᠪᠠᠲᠤ ᠰᠠᠬᠢᠵᠤ ᠪᠠᠶᠢᠭ᠎ᠠ

ᠤᠷᠢᠲᠠᠯ ᠳᠣᠤᠷ᠎ᠠ᠂ ᠬᠥᠭᠵᠢᠯᠲᠡ ᠶᠢ ᠪᠠᠲᠤᠯᠠᠬᠤ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠬᠤᠳᠠᠯᠳᠤᠭ᠎ᠠ ᠡᠷᠭᠢᠯᠡᠬᠦ

ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠬᠦᠴᠦᠨ ᠵᠦᠢᠯ ᠤᠨ ᠪᠠᠲᠤᠯᠠᠭ᠎ᠠ ᠶᠢ

ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ ᠵᠦᠢᠯ ᠤᠨ ᠭᠠᠵᠠᠷ ᠰᠣᠩᠭᠤᠬᠤ᠂ ᠬᠠᠶᠢᠨ ᠬᠡᠮᠵᠢᠬᠦ᠂ ᠵᠢᠷᠤᠵᠤ

ᠲᠥᠯᠥᠪᠯᠡᠬᠦ᠂ ᠭᠠᠵᠠᠷ ᠲᠠᠲᠠᠪᠤᠷᠢᠯᠠᠬᠤ᠂ ᠭᠠᠵᠠᠷ ᠰᠢᠷᠣᠶ ᠵᠥᠪᠰᠢᠶᠡᠷᠡᠬᠦ᠂ ᠲᠥᠯᠥᠪᠵᠢᠭᠦᠯᠭᠡ ᠳᠤ ᠬᠡᠷᠡᠭᠯᠡᠬᠦ ᠭᠠᠵᠠᠷ ᠢ

ᠲᠥᠬᠦᠷᠵᠢᠭᠦᠯᠬᠦ ᠪᠠ ᠭᠠᠵᠠᠷ ᠰᠢᠷᠣᠶ ᠶᠢᠨ ᠬᠠᠩᠭᠠᠯᠭ᠎ᠠ ᠵᠡᠷᠭᠡ ᠬᠠᠮᠢᠶ᠎ᠠ ᠪᠥᠬᠦᠶ ᠠᠵᠢᠯ ᠳᠤ ᠤᠷᠢᠳᠴᠢᠯᠠᠨ

ᠣᠷᠣᠯᠴᠠᠵᠤ᠂ ᠪᠥᠬᠦ ᠶᠠᠪᠤᠴᠠ ᠶᠢᠨ ᠮᠥᠷᠳᠡᠯᠲᠡ ᠦᠢᠯᠡᠴᠢᠯᠡᠭᠡ ᠬᠠᠩᠭᠠᠵᠤ᠂ ᠴᠠᠭ ᠲᠤᠬᠠᠶ ᠳᠤᠨᠢ ᠮᠥᠷᠳᠡᠬᠦ᠂ ᠴᠠᠭ

ᠲᠤᠬᠠᠶ ᠳᠤᠨᠢ ᠳᠣᠭᠢᠷᠠᠭᠤᠯᠬᠤ᠂ ᠴᠠᠭ ᠲᠤᠬᠠᠶ ᠳᠤᠨᠢ ᠬᠠᠷᠢᠭᠤ ᠲᠤᠰᠬᠠᠬᠤ ᠶᠢ ᠪᠡᠶᠡᠯᠡᠭᠦᠯᠵᠦ᠂ ᠲᠥᠷᠥᠯ ᠵᠦᠢᠯ ᠤᠨ

ᠭᠠᠵᠠᠷ ᠬᠠᠩᠭᠠᠬᠤ ᠨᠥᠬᠦᠴᠡᠯ ᠢ ᠲᠦᠷᠭᠡᠨ ᠬᠠᠩᠭᠠᠪᠠ᠃

   ᠲᠣᠰ ᠲᠣᠪᠴᠢᠶ᠎ᠠ ︽ᠭᠠᠵᠠᠷ ᠬᠡᠷᠡᠭᠯᠡᠬᠦ ᠨᠠᠷᠢᠨ ᠲᠠᠩᠰᠠ ᠶᠢᠨ ᠲᠦᠷᠢᠮ + ᠮᠡᠳᠡᠭᠳᠡᠵᠦ ᠠᠮᠠᠯᠠᠯᠳᠠ ᠶᠢᠨ ᠲᠦᠷᠢᠮ︾

 ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠪᠠᠯᠠ ᠣᠷᠣᠭᠤᠯᠤᠯᠲᠠ ᠶᠢᠨ ᠡᠷᠴᠢᠮ ᠵᠡᠷᠭᠡ ᠣᠯᠠᠨ ᠬᠦᠢᠴᠡᠳᠬᠡᠯ

ᠲᠤᠭ᠎ᠠ ᠶᠢᠨ ᠪᠦᠷᠢᠯᠳᠦᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠢᠵᠠᠭᠠᠷᠯᠠᠬᠤ ᠬᠦᠢᠴᠡᠳᠬᠡᠯ

ᠲᠤᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠰᠢᠨ᠎ᠡ ᠶᠢ ᠡᠭᠦᠳᠦᠨ ᠦᠢᠯᠡᠳᠦᠯᠭᠡᠵᠢᠭᠦᠯᠬᠦ ᠳᠡᠭᠡᠨ

ᠤᠷᠢᠳ ᠢᠶᠠᠷ ᠦᠨᠡᠯᠡᠯᠲᠡ ᠬᠢᠬᠦ᠂ ᠬᠡᠷᠡᠭ ᠤᠨ ᠡᠮᠦᠨ᠎ᠡ ᠪᠠᠷᠢᠮᠵᠢᠶ᠎ᠠ ᠲᠣᠭᠲᠠᠭᠠᠬᠤ᠂ ᠤᠴᠢᠷ ᠶᠠᠪᠤᠳᠠᠯ ᠤᠨ ᠳᠤᠮᠳᠠ

ᠠᠮᠠᠯᠠᠯᠲᠠ ᠬᠢᠬᠦ᠂ ᠤᠴᠢᠷ ᠶᠠᠪᠤᠳᠠᠯ ᠤᠨ ᠳᠠᠷᠠᠭ᠎ᠠ ᠬᠢᠨᠠᠨ ᠬᠠᠮᠢᠶᠠᠷᠬᠤ ᠶᠢ ᠴᠢᠩᠭᠠᠳᠬᠠᠬᠤ ︽ᠪᠠᠷᠢᠮᠵᠢᠶᠠᠲᠤ ᠭᠠᠵᠠᠷ︾

 ᠤᠨ ᠰᠢᠯᠵᠢᠭᠦᠯᠦᠨ ᠥᠭᠬᠦ ᠲᠦᠷᠢᠮ ᠢ ᠬᠡᠷᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠡᠯ᠎ᠡ ᠠᠵᠤ ᠦᠢᠯᠡᠰ ᠤᠨ

ᠲᠥᠷᠥᠯ ᠵᠦᠢᠯ ᠤᠨ ︽ᠵᠥᠪᠳᠡᠯᠴᠡᠵᠦ ᠳᠠᠷᠤᠶ ᠦᠢᠯᠡᠴᠢᠯᠡᠬᠦ︾᠂ ︽ᠭᠡᠷ᠎ᠡ ᠲᠣᠭᠲᠠᠪᠠᠯ ᠳᠠᠷᠤᠶ ᠭᠠᠵᠠᠷ ᠬᠠᠩᠭᠠᠬᠤ︾

᠂ ︽ᠠᠵᠢᠯ ᠡᠬᠢᠯᠡᠭᠦᠯᠪᠡᠯ ᠳᠠᠷᠤᠶ ᠢᠵᠢ ᠪᠦᠷᠢᠳᠦᠭᠦᠯᠬᠦ︾᠂ ︽ᠠᠵᠢᠯ ᠳᠠᠭᠤᠰᠪᠠᠯ ᠳᠠᠷᠤᠶ ᠦᠨᠡᠮᠯᠡᠯ ᠣᠯᠭᠤᠬᠤ︾

ᠵᠡᠷᠭᠡ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠪᠠ᠃ ᠠᠵᠢᠯ ᠡᠬᠢᠯᠡᠭᠦᠯᠬᠦ ᠪᠠᠷ ᠲᠥᠯᠥᠪᠯᠡᠵᠦ

ᠪᠠᠶᠢᠭ᠎ᠠ ᠲᠥᠷᠥᠯ ᠵᠦᠢᠯ ᠳᠤ ︽ᠰᠠᠭᠠᠳ ᠦᠭᠡᠶ ᠨᠡᠪᠲᠡᠷᠡᠬᠦ ᠵᠠᠮ︾᠂ ᠠᠮᠠᠯᠠᠯᠲᠠ ᠪᠠᠨ ᠮᠡᠳᠡᠭᠳᠡᠬᠦ᠂ ᠳᠤᠲᠠᠭᠤ ᠶᠢ

ᠬᠦᠯᠢᠶᠡᠨ ᠠᠪᠴᠤ ᠰᠢᠢᠳᠪᠦᠷᠢᠯᠡᠬᠦ᠂ ᠣᠨᠴᠣᠭᠤᠶ ᠤᠴᠢᠷ ᠢ ᠣᠨᠴᠣᠭᠤᠶ ᠰᠢᠢᠳᠪᠦᠷᠢᠯᠡᠬᠦ ᠵᠡᠷᠭᠡ ᠦᠢᠯᠡᠴᠢᠯᠡᠭᠡᠨ ᠢ

ᠪᠦᠬᠦ ᠲᠠᠯ᠎ᠠ ᠪᠠᠷ ᠬᠡᠷᠡᠭᠵᠢᠭᠦᠯᠵᠦ᠂ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ᠂ ᠡᠯ᠎ᠡ ᠲᠥᠷᠥᠯ ᠵᠦᠢᠯ ᠳᠤ

ᠬᠡᠷᠡᠭᠯᠡᠬᠦ ᠭᠠᠵᠠᠷ ᠨᠢᠭᠡᠪᠦᠷᠢ ᠶᠢ ᠲᠦᠷᠭᠡᠨ ᠮᠡᠳᠡᠭᠦᠯᠬᠦ᠂ ᠲᠦᠷᠭᠡᠨ ᠬᠢᠨᠠᠨ ᠵᠥᠪᠰᠢᠶᠡᠷᠡᠬᠦ᠂ ᠲᠦᠷᠭᠡᠨ ᠬᠠᠩᠭᠠᠬᠤ ᠶᠢ

ᠴᠢᠷᠮᠠᠶᠢᠨ ᠪᠡᠶᠡᠯᠡᠭᠦᠯᠬᠦ ᠬᠡᠷᠡᠭᠲᠡᠶ᠃

 

ᠢᠷᠡᠯᠲᠡ᠄ ᠬᠤᠸᠠᠳᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ

ᠵᠣᠬᠢᠶᠠᠭᠴᠢ᠄ ᠯᠠᠨ ᠢᠦᠶ ᠱᠠᠨ

ᠣᠷᠴᠢᠭᠤᠯᠤᠭᠴᠢ᠄ ᠭᠠᠩᠭ᠎ᠠ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2