ᠬᠦᠨᠳᠦᠲᠦ ᠵᠤᠴᠢᠨ᠄ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠶᠤᠤ ᠵᠢᠩ | ᠲᠣᠪᠴᠢᠯᠠᠯ ᠄ ᠠᠮᠢ ᠠᠬᠤᠢ ᠶᠢᠨ ᠤᠯᠠᠭᠠᠨ ᠱᠤᠭᠤᠮ ᠪᠠ ᠨᠤᠲᠤᠭ ᠪᠡᠯᠴᠢᠭᠡᠷ ᠤᠨ ᠰᠢᠰᠲ᠋ᠧᠮ ᠢ ᠬᠠᠮᠠᠭᠠᠯᠠᠨ | ᠰᠡᠷᠭᠦᠭᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︔ ᠦᠢᠯᠡᠴᠢᠯᠡᠭᠡ ᠶᠢ ᠠᠳᠬᠤᠵᠤ᠂ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠶ︔ ᠤᠯᠠᠭᠠᠨ ᠱᠤᠭᠤᠮ ᠢ ᠪᠠᠲᠤᠯᠠᠵᠤ᠂ ᠲᠠᠷᠢᠶᠠᠨ | ᠭᠠᠵᠠᠷ ᠤᠨ ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠬᠤ ᠬᠡᠷᠡᠭᠲᠡᠢ᠃ | | ᠰᠤᠷᠪᠤᠯᠵᠢᠯᠠᠨ ᠶᠠᠷᠢᠯᠴᠠᠭᠰᠠᠨ ᠪᠣᠳᠠᠳᠤ ᠲᠡᠮᠳᠡᠭᠯᠡᠯ | ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠣᠪᠴᠢᠶᠠᠨ ᠳᠠᠷᠤᠭ᠎ᠠ ᠰᠢᠶᠤᠤ ᠵᠢᠩ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ | ᠬᠦᠯᠢᠶᠡᠬᠦ ᠳᠡᠭᠡᠨ ᠢᠯᠡᠷᠬᠡᠶᠢᠯᠡᠬᠦ ᠳᠡᠭᠡᠨ᠂ ᠲᠡᠷᠡ ᠳᠠᠷᠤᠶ ᠳᠤᠨᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠪᠥᠬᠦ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠥᠭᠵᠢᠯᠲᠡ ᠶᠢᠨ ᠰᠡᠳᠬᠢᠮᠵᠢ ᠶᠢ ᠨᠠᠷᠢᠨ ᠬᠢᠨᠠᠮᠠᠭᠠᠶ | ᠲᠥᠯᠥᠪᠯᠡᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠠᠶᠢᠭᠠᠯᠢ ᠶᠢᠨ ᠠᠵᠤ ᠠᠬᠤᠶ ᠶᠢᠨ | ᠦᠷᠭᠦᠯᠵᠢᠯᠡᠬᠦ᠂ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠤᠨ᠎ᠠ ᠭᠡᠵᠡᠶ᠃ | ᠰᠢᠶᠤᠤ ᠵᠢᠩ ᠲᠠᠨᠢᠯᠴᠠᠭᠤᠯᠬᠤ ᠳᠠᠭᠠᠨ᠂ ᠨᠢᠳᠤᠨᠤᠨ ᠠᠴᠠ ᠨᠠᠰᠢ᠂ ᠬᠤᠸᠠᠳᠧ ᠰᠢᠶᠠᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠶᠢᠨ ᠲᠣᠭᠤᠷᠢᠨ ᠳᠤ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠦᠭᠯᠡᠭᠦᠷ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠭᠦᠨᠵᠡᠭᠡᠢ ᠲᠤᠤᠱᠯᠠᠭᠤᠯᠪᠠ᠃ ᠴᠢᠨᠠᠷ ᠰᠠᠶᠢᠲᠠᠶ | ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠠᠳᠬᠤᠵᠤ᠂ ᠲᠥᠷᠥᠯ ᠵᠦᠢᠯ ᠢ ᠠᠳᠬᠤᠨ | ᠨᠥᠭᠡᠴᠡ ᠬᠦᠴᠦᠨ ᠢ ᠨᠥᠭᠡᠴᠡᠯᠡᠵᠦ᠂ ᠭᠠᠵᠠᠷ ᠰᠢᠷᠣᠶ ᠶᠢᠨ ᠬᠠᠮᠢᠶᠠᠷᠤᠯᠲᠠ ᠶᠢᠨ ᠠᠵᠢᠯ ᠢ ᠨᠠᠩ ᠵᠢᠷᠤᠮᠵᠢᠭᠤᠨ᠂ | ᠰᠢᠨᠵᠢᠯᠡᠬᠦ ᠤᠬᠠᠭᠠᠨᠴᠢ ᠪᠣᠯᠭᠠᠨ᠎ᠠ᠃ ᠡᠯ᠎ᠡ ᠵᠦᠢᠯ ᠤᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠢ ᠪᠡᠶᠡᠯᠡᠭᠦᠯᠵᠦ᠂ | ᠪᠦᠬᠦ ᠰᠢᠶᠠᠨ ᠤ ᠠᠵᠤ ᠠᠬᠤᠢ ᠶᠢᠨ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠪᠠ᠃ | ᠨᠢᠭᠡ ᠳᠤ᠂ ᠠᠮᠢ ᠠᠬᠤᠶ ᠶᠢᠨ ᠤᠯᠠᠭᠠᠨ ᠱᠤᠭᠤᠮ ᠪᠠ ᠨᠤᠲᠤᠭ ᠪᠡᠯᠴᠢᠭᠡᠷ ᠤᠨ ᠰᠢᠰᠲ᠋ᠧᠮ ᠤᠨ ᠬᠠᠮᠠᠭᠠᠯᠠᠯᠲᠠ | ᠰᠡᠷᠭᠦᠭᠡᠯᠲᠡ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠮᠠᠨ ᠤ ᠰᠢᠶᠠᠨ ᠤ ᠠᠮᠢ ᠠᠬᠤᠢ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ ᠢ ᠬᠠᠮᠤᠭ ᠡᠴᠦᠰ ᠤᠨ ᠬᠤᠪᠢᠶᠠᠷᠢᠯᠠᠨ ᠲᠣᠭᠲᠠᠭᠠᠭᠰᠠᠨ ᠲᠠᠯᠠᠪᠠᠢ 567.33 ᠲᠡᠭᠰᠢ | ᠳᠥᠷᠪᠡᠯᠵᠢᠨ ᠮᠧᠲᠷ ᠪᠠᠶᠢᠵᠤ᠂ ᠭᠤᠣᠯ ᠴᠢᠳᠠᠮᠵᠢ ᠶᠢᠨ ᠲᠦᠷᠦᠯ ᠵᠦᠢᠯ ᠨᠢ ᠰᠠᠯᠬᠢ ᠶᠢ ᠬᠠᠯᠬᠠᠯᠠᠨ | ᠡᠯᠡᠰᠦ ᠶᠢ ᠲᠣᠭᠲᠠᠪᠤᠷᠢᠵᠢᠭᠤᠯᠵᠤ᠂ ᠪᠦᠬᠦ ᠰᠢᠶᠠᠨ ᠤ ᠤᠯᠤᠰ ᠤᠨ ᠨᠤᠲᠤᠭ ᠳᠡᠪᠢᠰᠬᠡᠷ ᠤᠨ ᠲᠠᠯᠠᠪᠠᠢ ᠶᠢᠨ | ᠬᠠᠷᠢᠴᠠᠯ ᠤᠨ 44% ᠶᠢ ᠡᠵᠡᠯᠡᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠣᠲᠣᠷ᠎ᠠ | ᠨᠤᠲᠤᠭ ᠪᠡᠯᠴᠢᠭᠡᠷ ᠤᠨ ᠰᠢᠰᠲ᠋ᠧᠮ ᠤᠨ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠵᠤ᠂ ᠨᠤᠲᠤᠭ | ᠪᠡᠯᠴᠢᠭᠡᠷ ᠤᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠬᠤ ᠶᠢ ᠴᠢᠩᠭ᠎ᠠ ᠴᠠᠭᠠᠵᠠᠯᠠᠵᠤ᠂ ᠨᠤᠲᠤᠭ ᠪᠡᠯᠴᠢᠭᠡᠷ | ᠳᠡᠭᠡᠷ᠎ᠡ ᠳᠤᠷ᠎ᠠ ᠪᠠᠷ ᠢᠶᠠᠨ ᠲᠡᠭᠦᠵᠦ ᠮᠠᠯᠲᠠᠬᠤ ᠶᠢ ᠴᠢᠩᠭ᠎ᠠ ᠴᠠᠭᠠᠵᠠᠯᠠᠨ᠎ᠠ᠃ ᠠᠮᠢ ᠠᠬᠤᠶ ᠶᠢᠨ ᠤᠯᠠᠭᠠᠨ ᠱᠤᠭᠤᠮ | ᠪᠠ ᠨᠤᠲᠤᠭ ᠪᠡᠯᠴᠢᠭᠡᠷ ᠤᠨ ᠰᠢᠰᠲ᠋ᠧᠮ ᠢ ᠬᠠᠮᠠᠭᠠᠯᠠᠨ ᠰᠡᠷᠭᠦᠭᠡᠭᠰᠡᠨ ᠦᠷ᠎ᠡ ᠪᠦᠲᠦᠮᠵᠢ ᠶᠢ ᠦᠨᠡᠨ ᠬᠦ ᠬᠠᠮᠠᠭᠠᠯᠠᠪᠠ᠃ | ᠬᠤᠶᠠᠷ ᠲᠤ᠂ ᠦᠢᠯᠡᠴᠢᠯᠡᠭᠡ ᠶᠢ ᠠᠳᠬᠤᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠪᠡ᠃ ︽ᠰᠡᠳᠭᠢᠯ ᠢ ᠳᠤᠯᠠᠭᠠᠴᠠᠭ ᠤᠯᠬᠤ ᠦᠢᠯᠡᠴᠢᠯᠡᠭᠡ︾ ᠶᠢ ᠡᠬᠢᠯᠡᠭᠦᠯᠵᠦ ᠪᠠᠢᠨ᠎ᠠ᠃ ︽ᠠᠵᠤ | ᠠᠬᠤᠶᠢᠯᠠᠯ ᠱᠦᠭᠯᠦ ᠦᠯᠢᠶᠡᠵᠦ᠂ ᠺᠠᠳ᠋ᠷ ᠨᠡᠷ᠎ᠡ ᠮᠡᠳᠡᠭᠦᠯᠵᠦ︾᠂ ᠠᠵᠤ ᠠᠬᠤᠶᠢᠯᠠᠯ ᠤᠨ ᠬᠦᠴᠢᠷ ᠲᠦᠪᠡᠭᠲᠡᠶ | ᠠᠰᠠᠭᠤᠳᠠᠯ ᠢ ᠰᠢᠢᠳᠪᠦᠷᠢᠯᠡᠨ᠎ᠡ︔ ᠰᠢᠶᠠᠩ ᠪᠠᠯᠭᠠᠰᠤᠨ ᠤ ᠶᠡᠭᠡ ᠬᠢᠴᠢᠶᠡᠯ ᠤᠨ ᠲᠠᠩᠬᠢᠮ ᠭᠠᠷᠭᠠᠵᠤ᠂ ᠪᠠᠶᠢᠭᠠᠯᠢ ᠶᠢᠨ | ᠡᠬᠢ ᠪᠠᠶᠠᠯᠢᠭ ᠤᠨ ᠲᠤᠬᠠᠶᠢᠯᠠᠭᠰᠠᠨ ᠠᠵᠢᠯ ᠤᠨ ᠪᠠᠶᠢᠳᠠᠯ᠂ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠶᠢ ᠴᠠᠭ | ᠲᠤᠬᠠᠶ ᠳᠤᠨᠢ ᠤᠬᠠᠭᠤᠯᠤᠨ ᠲᠠᠶᠢᠯᠪᠤᠷᠢᠯᠠᠨ᠎ᠠ︔ ᠬᠢᠨᠠᠨ ᠵᠢᠯᠣᠭᠤᠳᠬᠤ ᠲᠣᠭᠲᠠᠴᠠ ᠶᠢ ᠪᠠᠶᠢᠭᠤᠯᠵᠤ᠂ ᠠᠰᠠᠭᠤᠳᠠᠯ ᠢ | ᠰᠢᠢᠳᠪᠦᠷᠢᠯᠡᠭᠰᠡᠨ ᠪᠠᠶᠢᠳᠠᠯ ᠢ ᠮᠥᠷᠳᠡᠨ ᠰᠢᠮᠳᠠᠭᠤᠯᠤᠨ ᠭᠦᠢᠴᠡᠳᠬᠡᠨ᠎ᠡ᠃ ︽ᠲᠠᠰ ᠳᠡᠪᠰᠢᠭᠰᠡᠨ ᠬᠡᠪ︾ ᠥᠯᠥ | ᠬᠥᠳᠡᠯᠬᠦ ᠬᠥᠷᠥᠩᠭᠡ ᠶᠢᠨ ᠦᠢᠯᠡᠴᠢᠯᠡᠭᠡ ᠶᠢ ᠪᠣᠶ ᠪᠣᠯᠭᠠᠨ᠎ᠠ᠃ ︽ᠰᠢᠯᠭᠠᠨ ᠠᠪᠬᠤ ᠳᠠᠷᠤᠶ ᠦᠨᠡᠮᠯᠡᠯ ᠭᠦᠢᠴᠡᠳᠬᠡᠬᠦ︾ | ᠥᠭᠡᠷᠡᠴᠢᠯᠡᠯᠲᠡ ᠶᠢ ᠠᠬᠢᠭᠤᠯᠵᠤ᠂ ︽ᠲᠥᠷᠥᠯ ᠵᠦᠢᠯ ᠢ ᠰᠢᠯᠭᠠᠨ ᠠᠪᠬᠤ︾ ᠪᠠ ︽ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ︾ ᠶᠢᠨ ᠬᠤᠶᠠᠷ ᠵᠦᠢᠯ ᠤᠨ ᠲᠤᠬᠠᠶᠢᠯᠠᠭᠰᠠᠨ ᠠᠵᠢᠯ ᠢ ᠰᠢᠯᠢᠳᠡᠭᠵᠢᠭᠦᠯᠦᠨ | ᠨᠡᠶᠢᠯᠡᠭᠦᠯᠵᠦ᠂ ᠥᠯᠥ ᠬᠥᠳᠡᠯᠬᠦ ᠬᠥᠷᠥᠩᠭᠡ ᠶᠢᠨ ᠦᠨᠡᠮᠯᠡᠯ ᠣᠯᠭᠤᠬᠤ ᠠᠵᠢᠯ ᠤᠯᠠᠮ ᠨᠢᠭᠡ ᠠᠯᠬᠤᠮ ᠲᠦᠷᠭᠡᠳᠪᠡ᠃ | ᠭᠠᠵᠠᠷ ᠬᠡᠷᠡᠭᠯᠡᠬᠦ ᠨᠠᠷᠢᠨ ᠳᠠᠩᠰᠠ ᠶᠢᠨ ᠳᠦᠷᠢᠮ ᠤᠨ ᠥᠭᠡᠷᠡᠴᠢᠯᠡᠯᠲᠡᠡ ᠶᠢ ᠡᠬᠢᠯᠡᠭᠦᠯᠦᠨ᠎ᠡ᠃ ᠬᠢᠨᠠᠨ ᠵᠥᠪᠰᠢᠶᠡᠷᠡᠬᠦ | ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠠᠭᠠᠰᠬᠠᠵᠤ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠠᠵᠤ | ᠠᠬᠤᠶᠢᠯᠠᠯ ᠢ ᠳᠤᠲᠠᠭᠤ ᠭᠦᠶᠦᠯᠭᠡᠬᠦ ᠬᠡᠷᠡᠭᠲᠡᠢ᠃ ᠨᠢᠳᠤᠨᠤᠨ ᠤ 9 ᠰᠠᠷ᠎ᠠ ᠳᠤ ᠰᠢᠶᠠᠨ ᠤ ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ ᠶᠢᠨ ᠲᠥᠪ ︽ᠪᠥᠬᠦ ᠬᠤᠲᠠ ᠶᠢᠨ ᠨᠡᠶᠢᠳᠡᠮ ᠡᠷᠭᠢᠯᠡᠬᠦ ᠠᠯᠪᠠᠨ ᠬᠡᠷ︾ ᠢ ᠨᠡᠭᠡᠭᠡᠪᠡ᠃ | ᠭᠤᠷᠪᠠ ᠳᠤ᠂ ᠤᠯᠠᠭᠠᠨ ᠱᠤᠭᠤᠮ ᠢ ᠪᠠᠲᠤᠯᠠᠵᠤ᠂ ᠲᠠᠷᠢᠶᠠᠨ ᠭᠠᠵᠠᠷ ᠤᠨ ᠬᠠᠷᠢᠭᠤᠴᠠᠯᠭ᠎ᠠ ᠶᠢᠨ ᠲᠦᠷᠢᠮ ᠢ | ᠴᠢᠩᠭᠠᠳᠬᠠᠪᠠ᠃ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠳᠠᠯᠠᠬᠤ ᠲᠠᠯ᠎ᠠ ᠪᠠᠷ᠂ ᠡᠭᠦᠷᠢᠳᠡ ᠶᠢᠨ ᠦᠨᠳᠦᠰᠦᠨ | ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠡᠵᠡᠯᠡᠨ ᠬᠡᠷᠡᠭᠯᠡᠬᠦ ᠶᠢ ᠬᠠᠤᠯᠢ ᠠᠴᠠ ᠵᠥᠷᠢᠴᠡᠨ ᠵᠥᠪᠰᠢᠶᠡᠷᠡᠬᠦ ᠪᠠ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠲᠤ ᠳᠤᠷ᠎ᠠ ᠪᠠᠷ ᠢᠶᠠᠨ ᠲᠣᠬᠢᠷᠠᠭᠤᠯᠤᠯᠲᠠ ᠬᠢᠬᠦ ᠶᠢ ᠴᠢᠩᠭ᠎ᠠ ᠴᠠᠭᠠᠵᠠᠯᠠᠨ᠎ᠠ︔ ᠲᠠᠷᠢᠶᠠᠨ ᠭᠠᠵᠠᠷ ᠢ ᠡᠵᠡᠯᠡᠬᠦ | ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠯᠭ᠎ᠠ ᠶᠢ ᠦᠨᠳᠦᠰᠦᠯᠡᠨ ᠲᠠᠷᠢᠶᠠᠨ ᠭᠠᠵᠠᠷ ᠤᠨ ᠲᠥᠷᠥᠯ ᠵᠦᠢᠯ ᠢ ᠬᠡᠷᠡᠭᠵᠢᠭᠦᠯᠦᠨ᠎ᠡ᠃ ︽ | ᠨᠠᠮ ᠤᠨ ᠪᠠᠶᠢᠭᠤᠯᠤᠯᠲᠠ ᠶᠢᠨ ᠠᠭᠤᠷᠬᠠᠢ ᠶᠢᠨ ᠡᠬᠢ ᠪᠠᠶᠠᠯᠢᠭ︾ ᠤᠨ ᠠᠵᠢᠯ ᠢ ᠰᠠᠶᠢᠲᠤᠷ ᠬᠢᠵᠦ᠂ ᠮᠠᠨ ᠤ ᠰᠢᠶᠠᠨ ᠤ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠡᠰ ᠳᠡᠪᠰᠢᠬᠦ ᠶᠢ ᠬᠦᠴᠦᠲᠡᠢ ᠪᠠᠲᠤᠯᠠᠪᠠ᠃ | ᠰᠢᠶᠤᠤ ᠵᠢᠩ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠬᠤᠲᠠ ᠶᠢᠨ ᠪᠠᠶᠢᠭᠠᠯᠢ ᠶᠢᠨ ᠡᠬᠢ | ᠪᠠᠶᠠᠯᠢᠭ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠪᠥᠬᠦ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠠᠢ ᠂ ᠨᠢᠭᠡ ᠳᠤ | ᠪᠦᠷᠢᠯᠳᠦᠬᠦᠨ ᠲᠥᠷᠥᠯ ᠵᠦᠢᠯ ᠢ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠨ᠎ᠠ᠃ ᠬᠤᠶᠠᠷ ᠲᠤ᠂ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢᠨ ᠲᠣᠭᠲᠠᠭᠤᠨ ᠢᠶᠠᠷ ᠬᠥᠭᠵᠢᠬᠦ ᠶᠢ ᠪᠦᠬᠦ | ᠬᠦᠴᠦᠨ ᠢᠶᠠᠷ ᠠᠬᠢᠭᠤᠯᠤᠨ᠎ᠠ᠃ ᠭᠤᠷᠪᠠ ᠳᠤ ᠭᠠᠵᠠᠷ ᠬᠡᠷᠡᠭᠯᠡᠬᠦ ᠲᠥᠯᠥᠪᠯᠡᠭᠡ ᠶᠢᠨ ᠪᠠᠲᠤᠯᠠᠭ᠎ᠠ ᠶᠢ ᠴᠢᠩᠭᠠᠳᠬᠠᠨ᠎ᠠ᠃ | ᠲᠦᠷᠪᠡ ᠳᠤ᠂ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠮᠡᠳᠡᠭᠦᠯᠦᠨ ᠵᠥᠪᠰᠢᠶᠡᠷᠡᠭᠦᠯᠬᠦ ᠶᠠᠰᠤ ᠴᠢᠨᠠᠷ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠠᠪᠤ ᠳᠤ ᠭᠠᠵᠠᠷ ᠰᠢᠷᠣᠶ ᠲᠠᠲᠠᠪᠤᠷᠢᠯᠠᠬᠤ ᠠᠵᠢᠯ ᠢ ᠰᠠᠶᠢᠲᠤᠷ ᠬᠢᠬᠦ | ᠵᠡᠷᠭᠡ ᠪᠣᠯᠤᠨ᠎ᠠ᠃ | | ᠢᠷᠡᠯᠲᠡ᠄ ᠬᠤᠸᠠᠳᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠵᠣᠬᠢᠶᠠᠭᠴᠢ᠄ ᠬᠤᠸᠠᠳᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠣᠷᠴᠢᠭᠤᠯᠤᠭᠴᠢ᠄ ᠭᠠᠩᠭ᠎ᠠ | |