ᠮᠠᠨ ᠤ ᠰᠢᠶᠠᠨ ᠤ 2024 ᠣᠨ ᠤ ᠪᠦᠬᠦ ᠤᠳᠤᠷᠢᠳᠬᠤ ᠺᠠᠳ᠋ᠷ ᠤᠨ ᠶᠠᠷᠢᠶᠠᠨ ᠤ ᠲᠠᠪᠴᠠᠩ ᠡᠬᠢᠯᠡᠪᠡ
ᠨᠡᠶᠢᠲᠡᠯᠡᠭᠰᠡᠨ ᠴᠠᠭ᠄
2024/5/16

    ᠺᠠᠳ᠋ᠷ ᠤᠨ ᠬᠡᠪ ᠴᠢᠨᠠᠷ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠪᠥᠬᠦ ᠰᠢᠶᠠᠨ ᠤ

ᠤᠳᠤᠷᠢᠳᠬᠤ ᠺᠠᠳ᠋ᠷᠴᠤᠳ ᠤᠨ ᠰᠤᠷᠤᠯᠴᠠᠵᠤ ᠰᠣᠯᠢᠯᠴᠠᠬᠤ ᠲᠠᠪᠴᠠᠩ ᠢ ᠪᠠᠶᠢᠭᠤᠯᠵᠤ᠂ ᠪᠠᠶᠢᠩᠭᠤᠵᠢᠭᠤᠯᠤᠨ ᠰᠤᠷᠤᠯᠴᠠᠵᠤ

ᠬᠢᠴᠢᠶᠡᠯᠯᠡᠬᠦ ᠲᠣᠭᠲᠠᠴᠠ ᠶᠢ ᠪᠣᠶ ᠪᠣᠯᠭᠠᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠩ ᠯᠠᠪᠳᠠᠭᠤᠨ

ᠪᠠᠲᠤᠲᠠᠶ ᠳᠥᠯᠭᠢᠨ ᠠᠬᠢᠭᠤᠯᠬᠤ ᠬᠡᠷᠡᠭᠲᠡᠶ᠃ 4 ᠰᠠᠷ᠎ᠠ ᠶᠢᠨ 10 ᠤ ᠡᠳᠦᠷ᠂ ᠮᠠᠨ ᠤ ᠰᠢᠶᠠᠨ ᠤ 2024 ᠣᠨ ᠤ ᠪᠥᠬᠦ

ᠰᠢᠶᠠᠨ ᠤ ᠤᠳᠤᠷᠢᠳᠬᠤ ᠺᠠᠳ᠋ᠷᠴᠤᠳ ᠤᠨ ᠶᠠᠷᠢᠶᠠᠨ ᠤ ᠲᠠᠩᠬᠢᠮ ︵ᠨᠢᠭᠡᠳᠦᠭᠡᠷ ᠬᠤᠭᠤᠴᠠᠭ᠎ᠠ︶ ᠬᠢᠴᠢᠶᠡᠯ ᠡᠬᠢᠯᠡᠪᠡ᠃

    ᠶᠠᠷᠢᠶᠠᠨ ᠤ ᠲᠠᠩᠬᠢᠮ ᠳᠡᠭᠡᠷ᠎ᠡ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ ᠯᠢᠦ ᠶᠠᠨ ᠬᠤᠩ ︽

ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠣᠳᠣᠬᠢᠴᠢᠯᠠᠯᠲᠠ ᠪᠠᠷ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ

ᠰᠠᠶᠢᠲᠠᠶ ᠬᠥᠭᠵᠢᠯᠲᠡ ᠳᠤ ᠦᠶ᠋ᠯᠡᠴᠢᠯᠡᠶ᠎ᠡ︾ ᠭᠡᠬᠦ ᠪᠠᠷ ᠭᠤᠤᠯ ᠰᠡᠳᠦᠪ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ

ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ︽

ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠵᠢᠴᠢ ᠲᠤᠭ᠎ᠠ ᠪᠦᠷᠢᠳᠬᠡᠯ ᠤᠨ

ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠬᠢᠴᠢᠶᠡᠯᠯᠡᠪᠡ᠃

    ᠲᠠᠶᠢᠯᠤᠮᠵᠢ ᠨᠢ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ

ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠭᠠᠷᠳᠠᠴᠠ ᠪᠣᠯᠭᠠᠵᠤ᠂ ᠲᠥᠪ ᠤᠨ ︽ᠰᠠᠨᠠᠯ︾᠂ ︽ᠠᠷᠭ᠎ᠠ︾᠂ ︽

ᠲᠣᠭᠲᠠᠭᠠᠯ︾ ᠳᠠᠬᠢ ᠤᠳᠤᠷᠢᠳᠬᠤ ᠺᠠᠳ᠋ᠷ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠲᠤᠭ᠎ᠠ ᠪᠦᠷᠢᠳᠬᠡᠯ ᠤᠨ

ᠠᠵᠢᠯᠲᠠᠨ᠂ ᠲᠤᠭ᠎ᠠ ᠪᠦᠷᠢᠳᠬᠡᠯ ᠤᠨ ᠡᠲᠡᠭᠡᠳ ᠤᠨ ᠵᠢᠷᠤᠮᠯᠠᠬᠤ ᠶᠣᠰᠣᠲᠠᠶ ᠲᠤᠭ᠎ᠠ ᠪᠦᠷᠢᠳᠬᠡᠯ ᠤᠨ ᠬᠠᠤᠯᠢ ᠴᠠᠭᠠᠵᠠ ᠶᠢᠨ

︽ᠬᠤᠷᠢᠭ᠎ᠠ ᠱᠤᠭᠤᠮ︾ ᠪᠣᠯᠤᠨ ᠬᠥᠨᠳᠡᠵᠦ ᠪᠣᠯᠤᠰᠢ ᠥᠬᠡᠶ ᠲᠤᠭ᠎ᠠ ᠪᠦᠷᠢᠳᠬᠡᠯ ᠤᠨ ᠬᠠᠤᠯᠢ ᠴᠠᠭᠠᠵᠠ ᠶᠢᠨ ︽ᠬᠤᠷᠢᠭ᠎ᠠ

ᠱᠤᠭᠤᠮ︾ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠲᠠᠶᠢᠯᠪᠤᠷᠢᠯᠠᠵᠤ᠂ ᠬᠠᠤᠯᠢ ᠶᠣᠰᠣᠭᠠᠷ ᠨᠢᠭᠡᠳᠦᠯᠲᠡᠶ ᠬᠠᠮᠢᠶᠠᠷᠬᠤ ᠶᠢ

ᠳᠡᠭᠡᠭᠰᠢᠯᠡᠭᠦᠯᠬᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠴᠢᠬᠤᠯᠠ ᠴᠢᠨᠠᠷ

ᠪᠣᠯᠤᠨ ᠵᠠᠶᠢᠯᠠᠰᠢ ᠥᠬᠡᠶ ᠴᠢᠨᠠᠷ ᠢ ᠴᠢᠬᠤᠯᠠᠴᠢᠯᠠᠵᠠᠶ᠃

    ᠰᠤᠷᠤᠯᠴᠠᠯᠭ᠎ᠠ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠤᠳᠤᠷᠢᠳᠬᠤ ᠺᠠᠳ᠋ᠷᠴᠤᠳ ᠤᠨ ᠲᠤᠭ᠎ᠠ ᠪᠦᠷᠢᠳᠬᠡᠯ ᠤᠨ

ᠠᠵᠢᠯ ᠤᠨ ᠲᠤᠬᠠᠶ ᠲᠠᠨᠢᠨ ᠮᠡᠳᠡᠬᠦ ᠬᠡᠮᠵᠢᠶ᠎ᠡ ᠪᠠ ᠣᠶᠢᠯᠠᠭᠠᠬᠤ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂

ᠣᠯᠠᠨ ᠤ ᠬᠠᠤᠯᠢ ᠶᠣᠰᠣᠭᠠᠷ ᠲᠤᠭ᠎ᠠ ᠪᠦᠷᠢᠳᠬᠡᠯ ᠤᠨ ᠦᠵᠡᠯ ᠤᠬᠠᠮᠰᠠᠷ ᠢ ᠳᠡᠭᠡᠭᠰᠢᠯᠡᠭᠦᠯᠦᠨ᠂ ᠲᠤᠭ᠎ᠠ ᠪᠦᠷᠢᠳᠬᠡᠯ ᠤᠨ

ᠠᠵᠢᠯ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ

ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠰᠠᠶᠢᠨ ᠰᠠᠭᠤᠷᠢ ᠲᠠᠯᠪᠢᠵᠤ ᠥᠭᠴᠡᠶ᠃

    ᠰᠢᠶᠠᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ

ᠲᠦᠷᠦ ᠶᠢᠨ ᠵᠥᠪᠯᠡᠯᠭᠡᠨ ᠤ ᠪᠠᠭ ᠤᠨ ᠪᠦᠷᠢᠯᠳᠦᠬᠦᠨ᠂ ︽ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ︾ ᠶᠢᠨ ᠬᠤᠶᠠᠷ

ᠳᠠᠷᠤᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂

ᠤᠯᠤᠰ ᠲᠦᠷᠦ ᠶᠢᠨ ᠵᠥᠪᠯᠡᠯᠭᠡᠨ ᠤ ᠠᠯᠪᠠᠨ ᠭᠡᠷ ᠤᠨ ᠡᠷᠬᠢᠯᠡᠭᠴᠢ᠂ ᠡᠯ᠎ᠡ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ

ᠬᠠᠷᠢᠭᠤᠴᠠᠯᠭᠠᠲᠠᠨ᠂ ᠰᠢᠶᠠᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠰᠢᠶᠠᠨ ᠤ ᠰᠢᠭᠤᠳ ᠬᠠᠷᠢᠶ᠎ᠠ ᠡᠯ᠎ᠡ

ᠨᠢᠭᠡᠴᠡ᠂ ᠡᠯ᠎ᠡ ᠠᠷᠠᠳ ᠤᠨ ᠪᠦᠯᠬᠦᠮ᠂ ᠰᠢᠶᠠᠨ ᠤ ᠬᠠᠷᠢᠶ᠎ᠠ ᠵᠢᠴᠢ ᠰᠢᠶᠠᠨ ᠳᠤ ᠰᠠᠭᠤᠭ᠎ᠠ ᠡᠯ᠎ᠡ ᠠᠵᠤ ᠠᠬᠤᠶᠢᠯᠠᠯ ᠠᠵᠢᠯ

ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠶᠠᠷᠢᠶᠠᠨ ᠤ ᠲᠠᠩᠬᠢᠮ ᠳᠤ ᠣᠷᠣᠯᠴᠠᠪᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ     

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2