ᠪᠥᠬᠦ ᠰᠢᠶᠠᠨ ᠤ ︽ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠲᠣᠪᠤᠶᠢᠮ᠎ᠠ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ︾ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ | ᠲᠥᠯᠥᠭᠡ᠂ ︽ᠬᠤᠸᠠᠳᠧ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ | ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ | ᠬᠤᠸᠠᠳᠧ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠣᠲᠣ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ | ᠵᠠᠰᠠᠬᠤ ᠠᠵᠢᠯᠯᠠᠭ᠎ᠠ ᠶᠢᠨ ᠢᠯᠡᠴᠢᠯᠡᠨ ᠮᠡᠳᠡᠭᠦᠯᠬᠦ ᠠᠷᠭ᠎ᠠ ᠵᠠᠮ ᠢ ᠢᠯᠡ ᠪᠣᠯᠭᠠᠬᠤ ᠲᠤᠬᠠᠶ ᠳᠣᠤᠷᠠᠬᠢ ᠮᠡᠲᠦ ᠵᠠᠷᠯᠠᠶ᠎ᠠ᠄ | ᠨᠢᠭᠡ᠂ ᠢᠯᠡᠴᠢᠯᠡᠨ ᠮᠡᠳᠡᠭᠦᠯᠬᠦ ᠬᠡᠪᠴᠢᠶ᠎ᠡ | 2023 ᠣᠨ ᠤ 1 ᠰᠠᠷ᠎ᠠ ᠶᠢᠨ 1 ᠤ ᠡᠳᠦᠷ ᠠᠴᠠ 2024 ᠣᠨ ᠤ 6 ᠰᠠᠷ᠎ᠠ ᠶᠢᠨ 30 ᠤ ᠡᠳᠦᠷ ᠪᠣᠯᠲᠠᠯ᠎ᠠ᠂ | ᠬᠤᠸᠠᠳᠧ ᠰᠢᠶᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠲᠥᠷᠥᠯ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ᠂ | ᠪᠠᠶᠢᠭᠠᠯᠢ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠤᠨ ᠳᠣᠲᠣᠷ᠎ᠠ᠂ ᠠᠯᠪᠠᠨ ᠲᠤᠰᠢᠶᠠᠯᠲᠠᠨ | ᠲᠣᠭᠲᠠᠭᠠᠯ ᠠᠴᠠ ᠵᠥᠷᠢᠴᠡᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠠᠯ᠎ᠠ ᠳᠤ ᠭᠠᠷ ᠲᠦᠷᠦᠭᠦ︔ | ᠳᠠᠭᠠᠭᠠᠴᠢᠯᠠᠯᠲᠠ ᠬᠦᠯᠢᠶᠡᠬᠦ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠳ ᠤᠨ ᠲᠤᠭᠤᠷᠢᠨ ᠳᠤ ᠵᠠᠰᠠᠭ ᠤᠨ | ᠣᠷᠳᠣᠨ ᠤ ᠬᠤᠳᠠᠯᠳᠤᠨ ᠠᠪᠬᠤ ᠦᠨ᠎ᠡ ᠬᠠᠩᠰᠢ ᠥᠨᠳᠥᠷ ᠶᠠᠰᠤ ᠴᠢᠨᠠᠷ ᠮᠠᠭᠤ ᠵᠢᠭᠠᠨ ᠲᠣᠭᠲᠠᠭᠠᠭᠰᠠᠨ | ᠠᠷᠠᠯᠵᠢᠶᠠᠨ ᠤ ᠲᠠᠯ᠎ᠠ︔ ᠢᠨᠵᠧᠨᠧᠷᠢᠩ ᠤᠨ ᠲᠣᠭᠲᠠᠭᠠᠯ ᠠᠴᠠ ᠵᠥᠷᠢᠴᠡᠨ ᠳᠠᠭᠠᠭᠠᠴᠢᠯᠠᠨ ᠠᠪᠬᠤ᠂ ᠱᠠᠲᠤ | ᠱᠠᠲᠤ ᠪᠠᠷ ᠰᠢᠯᠵᠢᠭᠦᠯᠦᠨ ᠳᠠᠭᠠᠭᠠᠴᠢᠯᠠᠭᠤᠯᠬᠤ᠂ ᠠᠵᠢᠯ ᠢ ᠳᠥᠭᠦᠮᠴᠢᠯᠡᠨ ᠪᠠᠭᠠᠰᠬᠠᠬᠤ ᠵᠡᠷᠭᠡ ᠲᠠᠯ᠎ᠠ ᠪᠠᠷ᠃ | ᠬᠤᠶᠠᠷ᠂ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ | ᠨᠡᠶᠢᠭᠡᠮ ᠤᠨ ᠡᠯ᠎ᠡ ᠡᠲᠡᠭᠡᠳ ᠤᠨ ᠬᠢᠨ ︽12345︾ ᠬᠠᠯᠠᠮᠰᠢᠯ ᠤᠲᠠᠰᠤ᠂ ᠲᠤᠬᠠᠶ ᠶᠢᠨ ᠲᠠᠯᠠᠪᠠᠶ ᠳᠤ | ᠲᠤᠰᠢᠶᠠᠬᠤ᠂ ᠡᠯᠧᠺᠲᠷᠣᠨ ᠰᠢᠤᠳᠠᠨ ᠤ ᠬᠠᠶᠢᠷᠴᠠᠭ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠰᠦᠪᠡᠭᠴᠢ ᠲᠤᠰᠢᠶᠠᠵᠤ ᠪᠣᠯᠤᠨ᠎ᠠ᠃ | ᠤᠲᠠᠰᠤ᠄ ︽12345︾ ᠬᠠᠯᠠᠮᠰᠢᠯ ᠤᠲᠠᠰᠤ᠂ 0474 - 7903004 | ᠲᠤᠬᠠᠶ ᠶᠢᠨ ᠲᠠᠯᠠᠪᠠᠶ ᠳᠤ ᠲᠤᠰᠢᠶᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠠᠭᠠᠨᠴᠠᠪ ᠬᠤᠲᠠ ᠶᠢᠨ ᠬᠤᠸᠠᠳᠧ ᠰᠢᠶᠠᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠬᠤᠶᠠᠳᠤᠭᠠᠷ | ᠳᠠᠪᠬᠤᠷᠯᠢᠭ ᠤᠨ ᠵᠡᠭᠦᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠠᠯᠪᠠᠨ ᠭᠡᠷ᠃ | ᠵᠠᠬᠢᠳᠠᠯ ᠢᠯᠡᠭᠡᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ | ᠬᠤᠸᠠᠳᠧ ᠰᠢᠶᠠᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠲᠣᠪᠴᠢᠶ᠎ᠠ ᠶᠢᠨ ᠬᠤᠶᠠᠳᠤᠭᠠᠷ ᠳᠠᠪᠬᠤᠷᠯᠢᠭ ᠤᠨ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠠᠯᠪᠠᠨ ᠬᠡᠷ᠃ | ᠢᠮᠧᠯ᠄ hdxgzyjyzx@163.com | ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ | ᠪᠠᠶᠢᠴᠠᠭᠠᠬᠤ ᠪᠠ ᠬᠠᠷᠢᠭᠤ ᠲᠤᠰᠬᠠᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠢᠯᠡᠴᠢᠯᠡᠨ ᠮᠡᠳᠡᠭᠦᠯᠦᠭᠴᠢ | ᠡᠷᠬᠡᠪᠰᠢ ᠦᠨᠡᠨ ᠪᠣᠳᠠᠲᠠᠶ ᠣᠪᠣᠭ ᠨᠡᠷ᠎ᠡ᠂ ᠪᠦᠲᠦᠮᠵᠢᠲᠡᠶ ᠬᠠᠷᠢᠯᠴᠠᠬᠤ ᠠᠷᠭ᠎ᠠ ᠮᠠᠶ᠋ᠢᠭ᠂ ᠢᠯᠡᠴᠢᠯᠡᠨ ᠮᠡᠳᠡᠭᠦᠯᠦᠭᠰᠡᠨ | ᠠᠭᠤᠯᠭ᠎ᠠ ᠵᠢᠴᠢ ᠢᠯᠡᠴᠢᠯᠡᠨ ᠮᠡᠳᠡᠭᠦᠯᠦᠭᠰᠡᠨ ᠵᠦᠢᠯᠡᠰ ᠤᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠵᠡᠷᠭᠡ ᠮᠡᠳᠡᠭᠡ | ᠵᠠᠩᠭᠢ ᠶᠢ ᠬᠠᠩᠭᠠᠬᠤ ᠬᠡᠷᠡᠭᠲᠡᠶ᠃ ᠢᠯᠡᠴᠢᠯᠡᠨ ᠮᠡᠳᠡᠭᠦᠯᠦᠭᠰᠡᠨ ᠰᠦᠪᠡᠭᠴᠢ ᠡᠷᠬᠡᠪᠰᠢ ᠦᠨᠡᠨ ᠠᠴᠠ ᠵᠥᠪ ᠢ ᠡᠷᠢᠵᠦ᠂ | ᠠᠯᠢ ᠴᠢᠳᠠᠬᠤ ᠪᠠᠷ ᠨᠠᠷᠢᠨ ᠪᠣᠳᠠᠲᠠᠶ ᠰᠦᠪᠡᠭᠴᠢ ᠪᠤᠶᠤ ᠬᠠᠮᠢᠶ᠎ᠠ ᠪᠥᠬᠦᠶ ᠭᠡᠷᠡᠴᠢ ᠪᠠᠷᠢᠮᠲᠠ ᠶᠢ ᠬᠠᠩᠭᠠᠬᠤ ᠬᠡᠷᠡᠭᠲᠡᠶ᠃ | ᠬᠤᠸᠠᠳᠧ ᠰᠢᠶᠠᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠠᠴᠠ ᠬᠦᠯᠢᠶᠡᠨ | ᠠᠪᠤᠭᠰᠠᠨ ᠠᠰᠠᠭᠤᠳᠠᠯ ᠤᠨ ᠰᠦᠪᠡᠭᠴᠢ ᠶᠢ ᠬᠤᠷᠢᠶᠠᠩᠭᠤᠶᠢᠯᠠᠨ ᠡᠮᠬᠢᠯᠡᠵᠦ᠂ ᠴᠠᠭ ᠲᠤᠬᠠᠶ ᠳᠤᠨᠢ ᠰᠤᠳᠤᠯᠤᠨ | ᠰᠢᠢᠳᠪᠦᠷᠢᠯᠡᠬᠦ ᠪᠣᠯᠤᠨ᠎ᠠ᠃ ᠪᠠᠶᠢᠴᠠᠭᠠᠨ ᠲᠣᠳᠣᠯᠠᠭᠠᠳ ᠦᠨᠡᠨ ᠪᠣᠳᠠᠲᠠᠶ ᠪᠠᠶᠢᠪᠠᠯ ᠬᠠᠤᠯᠢ ᠲᠣᠭᠲᠠᠭᠠᠯ ᠶᠣᠰᠣᠭᠠᠷ | ᠳᠡᠭᠡᠭᠰᠢ ᠮᠡᠳᠡᠭᠦᠯᠵᠦ᠂ ᠴᠢᠩᠭ᠎ᠠ ᠰᠢᠢᠳᠪᠦᠷᠢᠯᠡᠬᠦ ᠬᠡᠷᠡᠭᠲᠡᠶ᠃ ᠡᠭᠦᠨ ᠤ ᠬᠠᠮᠲᠤ ᠢᠯᠡᠴᠢᠯᠡᠨ ᠮᠡᠳᠡᠭᠦᠯᠦᠭᠴᠢ ᠶᠢᠨ | ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ | ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠶᠢ | ᠵᠠᠳᠠᠷᠠᠭᠤᠯᠤᠭᠰᠠᠨ ᠪᠤᠶᠤ ᠴᠣᠬᠢᠯᠲᠠ ᠥᠭᠴᠦ ᠬᠠᠷᠢᠭᠤ ᠠᠪᠴᠤ ᠢᠯᠡᠴᠢᠯᠡᠨ ᠮᠡᠳᠡᠭᠦᠯᠦᠭᠰᠡᠨ ᠢ ᠪᠠᠶᠢᠴᠠᠭᠠᠨ | ᠳᠣᠲᠣᠯᠠᠮᠠᠭᠴᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠶ᠋ᠳᠪᠦᠷᠢᠯᠡᠬᠦ | ᠬᠡᠷᠡᠭᠲᠡᠶ᠃ | ᠣᠨᠴᠠᠭᠠᠶᠢᠯᠠᠨ ᠮᠡᠳᠡᠭᠳᠡᠪᠡ᠃ | ᠬᠤᠸᠠᠳᠧ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ | 2024 ᠣᠨ ᠤ 5 ᠰᠠᠷ᠎ᠠ ᠶᠢᠨ 8 ᠤ ᠡᠳᠦᠷ | | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠠᠩᠭ᠎ᠠ | | |