5 ᠰᠠᠷ᠎ᠠ ᠶᠢᠨ 16 ᠤ ᠡᠳᠦᠷ᠂ ᠬᠤᠸᠠᠳᠧ ᠰᠢᠶᠠᠨ ᠪᠦᠬᠦ ᠰᠢᠶᠠᠨ ᠤ ᠤᠳᠤᠷᠢᠳᠬᠤ ᠺᠠᠳ᠋ᠷᠴᠤᠳ ᠤᠨ ᠶᠠᠷᠢᠶᠠᠨ ᠤ | ᠲᠠᠩᠬᠢᠮ ︵ᠳᠥᠷᠪᠡᠳᠦᠭᠡᠷ ᠬᠤᠭᠤᠴᠠᠭ᠎ᠠ︶ ᠡᠷᠬᠢᠯᠡᠪᠡ᠃ | | ᠶᠠᠷᠢᠶᠠᠨ ᠤ ᠲᠠᠪᠴᠠᠩ ᠳᠡᠭᠡᠷ᠎ᠡ᠂ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠳᠠᠷᠤᠭ᠎ᠠ ᠯᠢᠦ | ᠠᠶ ᠷᠦᠩ ᠡᠮ ᠡᠮᠨᠡᠯᠭᠡ ᠶᠢᠨ ᠳᠠᠭᠠᠳᠬᠠᠯ ᠤᠨ ᠲᠦᠷᠢᠮ ᠤᠨ ᠲᠦᠢᠮᠣ ᠪᠠᠶᠢᠳᠠᠯ ᠬᠢᠭᠡᠳ ᠬᠥᠭᠵᠢᠯᠲᠡ ᠶᠢᠨ ᠬᠠᠨᠳᠤᠰᠢ | ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ | ᠲᠠᠶᠢᠯᠬᠤ ᠲᠥᠷᠥ ᠶᠢᠨ ᠪᠣᠳᠣᠯᠭ᠎ᠠ ᠬᠢᠭᠡᠳ ᠴᠤᠪᠤᠷᠠᠯ ᠤᠨ ᠲᠠᠶᠢᠯᠤᠮᠵᠢ᠂ ᠠᠵᠢᠯᠲᠠᠨ ᠠᠵᠢᠯᠴᠢᠨ ᠤ ᠦᠷᠡᠵᠢᠯ ᠤᠨ | ᠳᠠᠭᠠᠳᠬᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠵᠢᠴᠢ ᠳᠠᠭᠠᠳᠬᠠᠯ ᠢ | ᠮᠡᠬᠡᠯᠡᠨ ᠠᠪᠤᠭᠰᠠᠨ ᠬᠡᠷᠡᠭ ᠤᠨ ᠵᠢᠱᠢᠶ᠎ᠡ ᠵᠡᠷᠭᠡ ᠠᠭᠤᠯᠭ᠎ᠠ ᠶᠢᠨ ᠲᠣᠭᠤᠷᠢᠨ ᠳᠤ 2024 ᠣᠨ ᠤ ᠡᠮ ᠡᠮᠨᠡᠯᠭᠡ ᠶᠢᠨ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠲᠤᠰᠬᠠᠶ ᠰᠡᠳᠦᠪᠲᠦ ᠲᠠᠶᠢᠯᠤᠮᠵᠢ ᠬᠢᠪᠠ᠃ | ᠤᠯᠠᠨ ᠢᠶᠠᠷ ᠢᠶᠠᠨ᠂ ︽ᠶᠠᠷᠢᠶᠠᠨ ᠤ ᠲᠠᠩᠬᠢᠮ︾ ᠤᠨ ᠪᠣᠯᠪᠠᠰᠤᠷᠠᠯ ᠤᠨ ᠠᠭᠤᠯᠭ᠎ᠠ ᠪᠠᠶᠠᠯᠢᠭ᠂ ᠡᠮ ᠡᠮᠨᠡᠯᠭᠡ ᠶᠢᠨ | ᠳᠠᠭᠠᠳᠬᠠᠯ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢ ᠪᠣᠳᠠᠲᠠᠶᠢᠵᠢᠭᠤᠯᠵᠤ᠂ ᠬᠡᠷᠡᠭ ᠤᠨ ᠵᠢᠱᠢᠶ᠎ᠡ ᠶᠢᠨ | ᠵᠠᠳᠠᠯᠤᠯᠲᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ᠂ ᠤᠯᠠᠨ ᠢ ᠬᠠᠪᠰᠤᠷᠤᠨ ᠡᠮ ᠡᠮᠨᠡᠯᠭᠡ ᠶᠢᠨ ᠳᠠᠭᠠᠳᠬᠠᠯ ᠤᠨ | ᠲᠦᠷᠦ ᠶᠢᠨ ᠪᠤᠳᠤᠯᠭ᠎ᠠ ᠶᠢ ᠨᠡᠩ ᠰᠠᠶᠢᠲᠤᠷ ᠣᠶᠢᠯᠠᠭᠠᠵᠤ ᠴᠢᠳᠠᠬᠤ ᠪᠠᠷ ᠪᠠᠷᠠᠬᠤ ᠦᠭᠡᠢ᠂ ᠪᠠᠰᠠ ᠤᠯᠠᠨ ᠤ | ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠰ ᠤᠨ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠪᠦᠷᠢᠯᠳᠦᠭᠦᠯᠬᠦ ᠶᠢ ᠠᠬᠢᠭᠤᠯᠵᠤ ᠴᠢᠳᠠᠨ᠎ᠠ ᠭᠡᠵᠦ | ᠢᠯᠡᠳᠬᠡᠵᠡᠭᠡᠪᠡ᠃ | ᠰᠢᠶᠠᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ | ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ᠂ ︽ᠰᠢᠭᠦᠬᠦ ᠬᠤᠷᠢᠶ᠎ᠠ ᠪᠠᠶᠢᠴᠠᠭᠠᠬᠤ | ᠬᠤᠷᠢᠶ᠎ᠠ︾ ᠶᠢᠨ ᠳᠠᠷᠤᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠵᠠᠰᠠᠭ ᠤᠨ | ᠣᠷᠳᠣᠨ ᠤ ᠠᠯᠪᠠᠨ ᠭᠡᠷ᠂ ᠤᠯᠤᠰ ᠲᠦᠷᠦ ᠶᠢᠨ ᠵᠥᠪᠯᠡᠯᠭᠡᠨ ᠤ ᠠᠯᠪᠠᠨ ᠭᠡᠷ ᠤᠨ ᠡᠷᠬᠢᠯᠡᠭᠴᠢ᠂ ᠰᠢᠶᠠᠨ ᠤ ᠨᠠᠮ ᠤᠨ | ᠬᠤᠷᠢᠶᠠᠨ ᠤ ᠡᠯ᠎ᠡ ᠰᠠᠯᠠᠭ᠎ᠠ ᠮᠥᠴᠢᠷ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ᠂ ᠡᠯ᠎ᠡ ᠠᠷᠠᠳ ᠤᠨ ᠪᠦᠯᠬᠦᠮ᠂ | ᠰᠢᠶᠠᠨ ᠤ ᠬᠠᠷᠢᠶ᠎ᠠ ᠵᠢᠴᠢ ᠰᠢᠶᠠᠨ ᠳᠤ ᠰᠠᠭᠤᠭ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠣᠯ | ᠬᠠᠷᠢᠭᠤᠴᠠᠯᠭᠠᠲᠠᠨ ᠨᠤᠭᠤᠳ᠂ ᠡᠯ᠎ᠡ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ | ᠨᠤᠭᠤᠳ ᠬᠤᠷᠠᠯ ᠳᠤ ᠣᠷᠣᠯᠴᠠᠪᠠ᠃ | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠠᠩᠭ᠎ᠠ | | |