5 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠵᠠᠰᠠᠭ ᠤᠨ | ᠣᠷᠳᠣᠨ ᠤ ᠳᠠᠷᠤᠭ᠎ᠠ ᠳ᠋ᠢᠶᠤᠤ ᠴᠦᠨ ᠬᠠᠶ 2024 ᠣᠨ ᠤ ᠵᠢᠷᠭᠤᠳᠤᠭᠠᠷ ᠤᠳᠠᠭᠠᠨ ᠤ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠠᠵᠤ ᠠᠬᠤᠶ ᠶᠢᠨ ᠪᠠᠶᠢᠳᠠᠯ ᠢ ᠵᠠᠳᠠᠯᠬᠤ ᠬᠤᠷᠠᠯ ᠵᠢᠴᠢ | ᠠᠵᠤ ᠠᠬᠤᠶ ᠶᠢᠨ ᠠᠮᠤᠷ ᠲᠦᠪᠰᠢᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠲᠤᠰᠬᠠᠶ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ᠂ ᠢᠯᠠᠩᠭᠤᠶ᠎ᠠ ᠲᠤᠭ᠎ᠠ | ᠪᠦᠷᠢᠳᠬᠡᠯ ᠤᠨ ᠬᠤᠳᠠᠯ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠨ ᠵᠠᠰᠠᠬᠤ ᠲᠤᠬᠠᠢ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠨᠢᠭᠡᠳᠦᠭᠡᠷ ᠤᠯᠠᠷᠢᠯ ᠤᠨ ᠭᠤᠣᠯ ᠪᠣᠯᠬᠤ ᠠᠵᠤ | ᠠᠬᠤᠢ ᠶᠢᠨ ᠭᠦᠢᠴᠡᠳᠬᠡᠯ ᠲᠤᠭ᠎ᠠ ᠶᠢᠨ ᠪᠠᠶᠢᠳᠠᠯ ᠢ ᠰᠤᠳᠤᠯᠤᠨ ᠵᠠᠳᠠᠯᠵᠤ᠂ 1-4 ᠰᠠᠷ᠎ᠠ ᠶᠢᠨ ᠠᠵᠤ ᠠᠬᠤᠢ ᠶᠢᠨ | ᠠᠵᠢᠯᠯᠠᠭᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠪᠠ᠃ | ᠬᠤᠷᠠᠯ ᠠᠴᠠ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠭᠤᠣᠯ ᠬᠠᠷᠢᠭᠤᠴᠠᠯᠭ᠎ᠠ ᠭᠤᠣᠯ ᠠᠵᠢᠯ ᠤᠨ ᠲᠣᠭᠤᠷᠢᠨ ᠳᠤ ᠭᠤᠣᠯ | ᠭᠦᠢᠴᠡᠳᠬᠡᠯ ᠲᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠵᠤ᠂ ᠡᠯ᠎ᠡ ᠵᠦᠢᠯ ᠤᠨ ᠠᠵᠤ ᠠᠬᠤᠢ ᠶᠢᠨ | ᠭᠦᠢᠴᠡᠳᠬᠡᠯ ᠲᠤᠭ᠎ᠠ ᠶᠢ ᠵᠢᠱᠢᠭᠰᠡᠨ ᠬᠠᠷᠠᠯᠲᠠ ᠳᠠᠭᠠᠨ ᠬᠦᠷᠭᠡᠬᠦ ᠶᠢ ᠪᠠᠲᠤᠯᠠᠬᠤ ᠬᠡᠷᠡᠭᠲᠡᠢ᠃ ᠡᠯ᠎ᠡ ᠬᠤᠪᠢᠳᠠᠨ | ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠤᠨ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠬᠢᠨ ᠪᠡᠶ᠎ᠡ ᠪᠠᠷ ᠢᠶᠠᠨ | ᠴᠢᠷᠮᠠᠶᠢᠵᠤ᠂ ᠭᠤᠣᠯᠳᠠᠯᠭ᠎ᠠ ᠲᠠᠢ ᠲᠦᠷᠦᠯ ᠵᠦᠢᠯ ᠢ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ | ᠦᠢᠯᠡᠴᠢᠯᠡᠵᠦ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠪᠣᠯᠤᠨ ᠲᠤᠭ᠎ᠠ ᠪᠠᠷᠢᠮᠲᠠ ᠶᠢ ᠲᠠᠭᠯᠠᠨ | ᠮᠡᠳᠡᠭᠦᠯᠦᠭᠰᠡᠨ ᠳᠤ ᠲᠠᠬᠢᠨ ᠵᠠᠳᠠᠯᠵᠤ᠂ ᠲᠠᠬᠢᠨ ᠰᠤᠳᠤᠯᠤᠨ ᠮᠠᠭᠠᠳᠯᠠᠵᠤ᠂ ᠠᠵᠤ ᠠᠬᠤᠢ ᠶᠢᠨ ᠠᠮᠤᠷ ᠲᠦᠪᠰᠢᠨ ᠤ | ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠬᠢᠵᠦ᠂ | ᠠᠰᠠᠭᠤᠳᠠᠯ ᠢ ᠣᠨᠣᠪᠴᠢᠲᠠᠢ ᠡᠷᠢᠵᠦ᠂ ᠠᠷᠭ᠎ᠠ ᠬᠡᠮᠵᠢᠶ᠎ᠡ ᠠᠪᠴᠤ᠂ ᠪᠦᠬᠦ ᠵᠢᠯ ᠤᠨ ᠬᠠᠷᠠᠯᠲᠠ ᠡᠭᠦᠷᠭᠡ ᠶᠢ | ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠠᠩᠭ᠎ᠠ | |