ᠡᠪᠡᠳᠴᠢᠲᠡᠨ ᠢ ᠦᠯᠦ ᠬᠥᠳᠡᠯᠭᠡᠬᠦ ᠲᠤᠰᠬᠠᠶ ᠮᠡᠷᠭᠡᠵᠢᠯᠲᠡᠨ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ︽ᠵᠢᠷᠦᠬᠡᠨ ᠴᠢᠰᠤᠨ ᠰᠤᠳᠠᠯ ᠤᠨ ᠡᠪᠡᠳᠴᠢᠨ ᠢ ᠣᠨᠣᠰᠢᠯᠠᠨ ᠡᠮᠨᠡᠬᠦ ᠲᠥᠪ︾ ᠨᠢ ᠣᠯᠠᠨ ᠡᠪᠡᠳᠴᠢᠲᠡᠨ ᠢ ᠠᠮᠵᠢᠯᠲᠠ ᠲᠠᠢ ᠪᠠᠷ ᠡᠮᠨᠡᠨ ᠵᠠᠰᠠᠪᠠ
ᠨᠡᠶᠢᠲᠡᠯᠡᠭᠰᠡᠨ ᠴᠠᠭ᠄
2024/5/18

    ᠠᠷᠠᠳ ᠤᠨ ᠠᠮᠢᠳᠤᠷᠠᠯ ᠢ ᠡᠷᠬᠢᠮᠯᠡᠬᠦ ᠳᠦ᠂ ᠡᠷᠡᠭᠦᠯ ᠮᠡᠨᠳᠦ  ᠬᠠᠮᠤᠭ 

ᠴᠢᠬᠤᠯᠠ᠃ ᠬᠥᠮᠥᠨ ᠠᠮᠠ ᠶᠢᠨ ᠨᠠᠰᠤᠵᠢᠯᠲᠠ ᠶᠢᠨ ᠬᠡᠮᠵᠢᠶ᠎ᠡ ᠲᠠᠰᠤᠷᠠᠯᠲᠠ ᠦᠭᠡᠢ ᠰᠢᠷᠦᠭᠦᠰᠬᠦ ᠶᠢ

ᠳᠠᠭᠠᠯᠳᠤᠨ᠂ ᠵᠢᠷᠦᠬᠡ ᠴᠢᠰᠤᠨ ᠰᠤᠳᠠᠯ ᠤᠨ ᠡᠪᠡᠳᠴᠢᠨ ᠨᠢ ᠨᠢᠭᠡᠨᠲᠡ ᠨᠠᠰᠤᠲᠠᠶᠢᠴᠤᠳ ᠤᠨ ᠦᠷᠭᠦᠯᠵᠢ

ᠲᠣᠬᠢᠶᠠᠯᠳᠤᠬᠤ ᠡᠪᠡᠳᠴᠢᠨ ᠪᠣᠯᠵᠠᠢ᠃ ᠪᠦᠬᠦ ᠰᠢᠶᠠᠨ ᠤ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ

ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠬᠠᠩᠭᠠᠵᠤ᠂

ᠠᠷᠠᠳ ᠣᠯᠠᠨ ᠤ ︽ᠶᠡᠭᠡ ᠡᠪᠡᠳᠴᠢᠨ ᠢ ᠰᠢᠶᠠᠨ ᠠᠴᠠ ᠭᠠᠷᠭᠠᠬᠤ ᠦᠭᠡᠶ︾ ᠦᠵᠡᠭᠦᠯᠬᠦ ᠳᠤ ᠬᠦᠴᠢᠷᠲᠡᠶ᠂

ᠦᠵᠡᠭᠦᠯᠬᠦ ᠳᠤ ᠦᠨᠡᠲᠡᠶ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ

ᠲᠥᠯᠥᠭᠡ᠂ ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠷᠭ᠎ᠠ ᠪᠦᠬᠦᠨ ᠢ ᠰᠦᠪᠡᠭᠴᠢᠯᠡᠵᠦ᠂ ᠡᠯ᠎ᠡ

ᠲᠥᠷᠥᠯ ᠤᠨ ᠴᠢᠨᠠᠷ ᠰᠠᠶᠢᠲᠠᠶ ᠡᠮ ᠡᠮᠨᠡᠯᠭᠡ ᠶᠢᠨ ᠡᠬᠢ ᠪᠠᠶᠠᠯᠢᠭ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ︽

ᠵᠢᠷᠦᠬᠡ ᠴᠢᠰᠤᠨ ᠰᠤᠳᠠᠯ ᠤᠨ ᠡᠪᠡᠳᠴᠢᠨ ᠢ ᠣᠨᠣᠰᠢᠯᠠᠨ ᠡᠮᠨᠡᠬᠦ ᠲᠥᠪ︾ ᠢ ᠪᠠᠶᠢᠭᠤᠯᠵᠤ᠂ ᠮᠠᠨ ᠤ ᠰᠢᠶᠠᠨ ᠤ

ᠥᠷᠭᠡᠨ ᠣᠯᠠᠨ ᠠᠷᠠᠳ ᠲᠦᠮᠡᠨ ᠬᠡᠷ ᠤᠨ ᠡᠭᠦᠳᠡᠨ ᠳᠤ ᠪᠠᠨ ᠨᠠᠩ ᠴᠢᠨᠠᠷ ᠰᠠᠶᠢᠲᠠᠶ ᠥᠨᠳᠥᠷ ᠪᠦᠲᠦᠮᠵᠢᠲᠡᠶ

ᠲᠤᠰᠬᠠᠶ ᠮᠡᠷᠭᠡᠵᠢᠯᠲᠡᠨ ᠤ ᠲᠠᠰ ᠤᠨ ᠡᠮ ᠡᠮᠨᠡᠯᠭᠡ ᠶᠢᠨ ᠡᠬᠢ ᠪᠠᠶᠠᠯᠢᠭ ᠪᠠ ᠦᠢᠯᠡᠴᠢᠯᠡᠭᠡ ᠶᠢ

ᠭᠥᠷᠳᠡᠵᠦ ᠴᠢᠳᠠᠨ᠎ᠠ᠃

1715762076289099403.png

    ᠣᠶᠢᠯᠠᠭᠠᠭᠰᠠᠨ ᠢᠶᠠᠷ᠂ 2023 ᠣᠨ ᠤ 6 ᠰᠠᠷ᠎ᠠ ᠶᠢᠨ 9 ᠤ ᠡᠳᠦᠷ ᠬᠤᠸᠠᠳᠧ ᠰᠢᠶᠠᠨ ᠤ ᠠᠷᠠᠳ ᠤᠨ

ᠡᠮᠨᠡᠯᠭᠡ ᠶᠢᠨ ᠬᠤᠷᠢᠶᠠᠨ ᠤ ︽ᠵᠢᠷᠦᠬᠡ ᠴᠢᠰᠤᠨ ᠰᠤᠳᠠᠯ ᠤᠨ ᠡᠪᠡᠳᠴᠢᠨ ᠢ ᠣᠨᠣᠰᠢᠯᠠᠨ ᠡᠮᠨᠡᠬᠦ ᠲᠥᠪ︾

ᠪᠠᠶᠢᠭᠤᠯᠤᠭᠳᠠᠭᠰᠠᠨ ᠠᠴᠠ ᠨᠠᠰᠢ᠂ 92 ᠬᠥᠮᠦᠨ ᠤᠳᠠᠭ᠎ᠠ ᠶᠢᠨ ᠮᠡᠰᠡ ᠵᠠᠰᠠᠯ ᠳᠤ ᠣᠷᠣᠯᠴᠠᠵᠤ᠂ 91 ᠬᠥᠮᠦᠨ

ᠤᠳᠠᠭ᠎ᠠ ᠶᠢᠨ ᠡᠮᠴᠢᠯᠡᠭᠡ ᠬᠢᠵᠡᠶ᠂ ᠡᠷᠬᠢᠯᠡᠭᠴᠢ ᠡᠮᠴᠢ᠂ ᠠᠰᠫᠢᠷᠠᠨᠲ ᠤᠨᠵᠢᠯᠣᠭᠤᠳᠣᠭᠴᠢ ᠪᠠᠭᠰᠢ ᠸᠠᠩ ᠳ᠋ᠠ

ᠴᠧᠩ ᠫᠷᠤᠹᠧᠰᠰᠤᠷ ᠲᠣᠭᠲᠠᠭᠰᠠᠨ ᠬᠤᠭᠤᠴᠠᠭ᠎ᠠ ᠲᠠᠢ ᠪᠠᠷ ᠵᠢᠷᠦᠬᠡᠨ ᠬᠠᠯᠢᠰᠦᠨ ᠤ ᠡᠪᠡᠳᠴᠢᠨ᠂ ᠵᠢᠷᠦᠬᠡᠨ

ᠲᠢᠳᠢᠮ ᠤᠨ ᠡᠪᠡᠳᠴᠢᠨ ᠵᠡᠷᠭᠡ ᠬᠦᠨᠳᠦ ᠡᠪᠡᠳᠴᠢᠲᠡᠨ ᠢ 100 ᠭᠠᠷᠤᠶ ᠬᠥᠮᠦᠨ ᠤᠳᠠᠭ᠎ᠠ ᠬᠤᠯᠪᠣᠭᠠᠯᠠᠨ

ᠣᠨᠣᠰᠢᠯᠠᠪᠠ᠃ ᠪᠡᠭᠡᠵᠢᠩ ᠤᠨ ᠲᠤᠰᠬᠠᠢ ᠮᠡᠷᠭᠡᠵᠢᠯᠲᠡᠨ ᠴᠢᠨ ᠵᠧᠩ 12 ᠲᠢᠲᠢᠮ ᠰᠤᠳᠠᠯ ᠤᠨ

ᠤᠳᠠᠭᠠᠨ ᠴᠢᠨᠠᠷᠲᠠᠢ ᠪᠥᠭᠯᠡᠷᠡᠬᠦ ᠡᠪᠡᠳᠴᠢᠨ ᠤ ᠬᠤᠪᠢᠷᠠᠯᠲᠠ ᠶᠢᠨ ᠵᠠᠰᠠᠯᠲᠠ ᠶᠢ ᠪᠡᠶᠡᠯᠡᠭᠦᠯᠵᠦ᠂ ᠴᠢᠰᠤᠨ ᠰᠤᠳᠠᠯ ᠤᠨ

ᠳᠣᠲᠣᠷᠠᠬᠢ ᠬᠡᠳᠦ ᠳᠣᠯᠭᠢᠶᠠᠨ ᠤ  ᠪᠠᠢᠴᠠᠭᠠᠯᠲᠠ ᠶᠢᠨ ᠰᠢᠨ᠎ᠡ ᠲᠥᠷᠥᠯ ᠵᠦᠢᠯ ᠢ

ᠥᠷᠨᠢᠭᠦᠯᠵᠦ᠂ ᠨᠠᠷᠢᠯᠢᠭ ᠣᠨᠣᠪᠴᠢᠲᠠᠢ ᠡᠮᠨᠡᠨ ᠵᠠᠰᠠᠵᠠᠢ᠃

    ᠡᠪᠡᠳᠴᠢᠲᠡᠨ ᠰᠦᠨ ᠠᠪᠤᠭᠠᠢ ᠴᠢᠭᠤᠯᠤᠯᠲᠤ ᠬᠠᠭᠠᠯᠭ᠎ᠠ ᠶᠢᠨ ᠡᠮᠨᠡᠯᠭᠡ ᠶᠢᠨ ᠬᠤᠷᠢᠶᠠᠨ ᠳᠤ 5 ᠵᠢᠯ

ᠪᠢᠲᠡᠭᠦᠮᠵᠢᠯᠡᠭᠰᠡᠨ ᠲᠢᠲᠢᠮ ᠰᠤᠳᠠᠯ  ᠢᠶᠠᠨ ᠨᠡᠪᠲᠠᠷᠡᠭᠦᠯᠵᠤ

ᠳᠡᠢᠯᠦᠭᠰᠡᠨ ᠦᠭᠡᠢ ᠡᠴᠦᠰ ᠲᠡᠭᠡᠨ ᠰᠢᠶᠠᠨ ᠤ ᠠᠷᠠᠳ ᠤᠨ ᠡᠮᠨᠡᠯᠭᠡ ᠶᠢᠨ

ᠬᠤᠷᠢᠶᠠᠨ ᠳᠤ ᠠᠮᠵᠢᠯᠲᠠᠲᠠᠢ ᠨᠡᠭᠡᠭᠡᠪᠡ᠃ ᠡᠪᠡᠳᠴᠢᠲᠡᠨ ᠳ᠋ᠦᠩ ᠠᠪᠤᠭᠠᠢ ᠵᠢᠷᠦᠬᠡᠨ

ᠪᠤᠯᠴᠢᠩ ᠤᠨ ᠦᠷᠢᠪᠰᠦᠯ ᠳᠦ 2 ᠤᠳᠠᠭ᠎ᠠ ᠨᠡᠷᠪᠡᠭᠳᠡᠨ ᠡᠴᠦᠰ ᠲᠡᠭᠡᠨ 

ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠴᠢᠰᠤᠨ ᠰᠤᠳᠠᠯ ᠢ ᠵᠠᠰᠠᠬᠤ ᠳᠤ ᠣᠷᠣᠯᠴᠠᠭᠰᠠᠨ 

ᠪᠠᠢᠨ᠎ᠠ᠃ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠭᠤᠣᠯ ᠯᠤᠭᠰᠢᠭᠤᠨ ᠰᠤᠳᠠᠯ ᠤᠨ

ᠪᠥᠮᠪᠥᠭᠡᠨ ᠤᠭᠤᠲᠠ ᠶᠢ ᠡᠰᠡᠷᠭᠦᠴᠡᠬᠦ ᠬᠥᠭᠡᠷᠭᠡ ᠶᠢ ᠣᠷᠣᠭᠤᠯᠤᠨ ᠠᠪᠴᠢᠷᠠᠵᠤ ᠵᠢᠷᠦᠬᠡᠨ ᠤ ᠡᠬᠢ ᠰᠤᠷᠪᠤᠯᠵᠢ ᠶᠢᠨ

ᠴᠢᠨᠠᠷᠲᠠᠢ ᠱᠤᠺ ᠤᠨ ᠬᠦᠨᠳᠦ ᠡᠪᠡᠳᠴᠢᠲᠡᠨ ᠢ ᠬᠠᠮᠠᠭᠠᠯᠠᠵᠤ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ

ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠬᠡᠲᠦ ᠳᠠᠭᠤᠨ ᠤ ᠲᠤᠰᠬᠠᠶ ᠮᠡᠷᠭᠡᠵᠢᠯᠲᠡᠨ ᠸᠠᠩ ᠵᠢᠩ

ᠬᠠᠮᠲᠤᠷᠠᠨ ᠣᠨᠣᠰᠢᠯᠠᠭᠰᠠᠨ ᠬᠦᠴᠢᠷ ᠲᠦᠪᠡᠭᠲᠡᠶ ᠡᠪᠡᠳᠴᠢᠲᠡᠨ ᠢ 62 ᠤᠳᠠᠭ᠎ᠠ ᠣᠨᠣᠰᠢᠯᠠᠵᠤ᠂ ᠲᠥᠷᠥᠯᠬᠢ

ᠵᠢᠷᠦᠬᠡᠨ ᠡᠪᠡᠳᠴᠢᠨ᠂ ᠥᠨᠳᠡᠭᠡᠪᠴᠢ ᠶᠢᠨ ᠲᠣᠭᠤᠷᠢᠭ ᠨᠦᠬᠡ ᠶᠢᠨ ᠬᠠᠭᠠᠭᠳᠠᠭᠰᠠᠨ ᠦᠭᠡᠢ ᠠᠵᠢᠯᠯᠠᠭ᠎ᠠ ᠶᠢ

ᠲᠤᠷᠰᠢᠨ ᠪᠠᠶᠢᠴᠠᠭᠠᠪᠠ᠃

    ︽ᠵᠢᠷᠦᠬᠡ ᠴᠢᠰᠤᠨ ᠰᠤᠳᠠᠯ ᠤᠨ ᠣᠨᠣᠰᠢᠯᠠᠨ ᠡᠮᠨᠡᠬᠦ ᠲᠥᠪ︾ ᠪᠣᠯ ᠴᠢᠰᠤᠨ ᠰᠤᠳᠠᠯ ᠤᠨ ᠭᠠᠳᠠᠷ ᠡᠮᠨᠡᠯᠭᠡ᠂

ᠵᠢᠷᠦᠬᠡ ᠴᠢᠰᠤᠨ ᠰᠤᠳᠠᠯ ᠤᠨ ᠳᠣᠲᠣᠷ ᠰᠠᠯᠠᠭ᠎ᠠ᠂ ᠬᠡᠲᠦ ᠳᠠᠭᠤᠨ ᠤ ᠰᠠᠯᠠᠭ᠎ᠠ᠂ ᠮᠢᠨᠴᠦᠭᠦᠷᠡᠭᠦᠯᠬᠦ ᠰᠠᠯᠠᠭ᠎ᠠ ᠵᠡᠷᠭᠡ

ᠣᠯᠠᠨ ᠲᠤᠰᠬᠠᠶ ᠮᠡᠷᠭᠡᠵᠢᠯᠲᠡᠨ ᠬᠠᠮᠲᠤᠷᠠᠨ ᠪᠠᠶᠢᠭᠤᠯᠤᠭᠰᠠᠨ ᠪᠦᠯᠬᠦᠮ ᠨᠡᠶᠢᠲᠡ ᠮᠥᠨ᠂ ᠲᠤᠰᠬᠠᠶ ᠮᠡᠷᠭᠡᠵᠢᠯᠲᠡᠨ ᠤ

ᠳᠠᠭᠠᠭᠤᠯᠭ᠎ᠠ ᠳᠣᠤᠷ᠎ᠠ ᠲᠡᠷᠢᠭᠦᠨ ᠤ ᠡᠮᠴᠢᠯᠡᠭᠡᠨ ᠤ ᠣᠶᠢᠯᠠᠭᠠᠭᠳᠠᠬᠤᠨ ᠪᠠ ᠮᠡᠷᠭᠡᠵᠢᠯ ᠢ ᠰᠤᠷᠤᠯᠴᠠᠵᠤ᠂ ᠲᠣᠰ

ᠪᠡᠶ᠎ᠡ ᠶᠢᠨ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠪᠠ ᠦᠢᠯᠡᠴᠢᠯᠡᠭᠡᠨ ᠤ ᠶᠠᠰᠤ

ᠴᠢᠨᠠᠷ ᠢᠶᠠᠨ ᠳᠡᠭᠡᠭᠰᠢᠯᠡᠭᠦᠯᠵᠦ ᠪᠣᠯᠤᠨ᠎ᠠ᠃ ᠡᠭᠦᠨ ᠤ ᠬᠠᠮᠲᠤ᠂ ︽ᠵᠢᠷᠦᠬᠡ ᠴᠢᠰᠤᠨ ᠰᠤᠳᠠᠯ ᠤᠨ ᠣᠨᠣᠰᠢᠯᠠᠨ ᠡᠮᠨᠡᠬᠦ

ᠲᠥᠪ︾ ᠤᠨ ᠠᠵᠢᠯ ᠢᠶᠠᠷ ᠳᠠᠮᠵᠢᠭᠤᠯᠤᠨ ᠪᠠᠰᠠ ᠣᠷᠳᠣ ᠬᠤᠭᠤᠴᠠᠭᠠᠨ ᠤ ᠰᠣᠯᠢᠯᠴᠠᠭ᠎ᠠ ᠬᠠᠮᠲᠤᠷᠠᠯᠴᠠᠭᠠᠨ ᠤ

ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠡᠮᠨᠡᠯᠭᠡ ᠶᠢᠨ ᠬᠤᠷᠢᠶ᠎ᠠ ᠳᠤ ᠦᠷᠭᠦᠯᠵᠢᠯᠡᠨ

ᠳᠡᠮᠵᠢᠯᠭᠡ ᠪᠠ ᠵᠢᠯᠣᠭᠤᠳᠣᠯᠭ᠎ᠠ ᠬᠠᠩᠭᠠᠵᠤ᠂ ᠡᠳᠦᠷ ᠲᠤᠲᠤᠮ ᠤᠨ ᠠᠵᠢᠯ ᠤᠨ ᠳᠤᠮᠳᠠ ᠨᠠᠩ ᠰᠠᠶᠢᠨ ᠦᠰᠦᠨ

ᠪᠤᠶᠢᠵᠢᠬᠤ ᠪᠠ ᠬᠥᠭᠵᠢᠬᠦ ᠶᠢ ᠦᠨᠡᠨ ᠬᠦ ᠪᠠᠲᠤᠯᠠᠵᠤ ᠪᠣᠯᠤᠨ᠎ᠠ᠃ ᠡᠶᠢᠮᠦᠷᠬᠦ ᠬᠡᠯᠪᠡᠷᠢ ᠪᠠᠷ ᠬᠠᠪᠰᠤᠷᠤᠨ ᠲᠡᠳᠬᠦᠬᠦ ᠨᠢ

ᠦᠨᠳᠦᠰᠦᠨ ᠱᠠᠲᠤᠨ ᠤ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠬᠢᠷᠢ ᠲᠦᠪᠰᠢᠨ ᠢ ᠪᠦᠬᠦᠯᠢ ᠴᠣᠭᠴᠠ ᠪᠠᠷ ᠨᠢ

ᠳᠡᠭᠡᠭᠰᠢᠯᠡᠭᠦᠯᠬᠦ ᠶᠢ ᠪᠦᠲᠦᠮᠵᠢᠲᠡᠶ ᠠᠬᠢᠭᠤᠯᠵᠤ᠂ ᠦᠨᠳᠦᠰᠦᠨ ᠱᠠᠲᠤᠨ ᠤ ᠡᠮᠨᠡᠯᠭᠡ ᠶᠢᠨ ᠬᠤᠷᠢᠶᠠᠨ ᠤ

ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ ᠪᠣᠯᠤᠨ᠎ᠠ᠃

    ᠨᠥᠭᠦᠭᠡ ᠲᠠᠯ᠎ᠠ ᠪᠠᠷ᠂ ᠡᠮᠴᠢᠯᠡᠭᠡᠨ ᠤ ᠴᠢᠳᠠᠪᠤᠷᠢᠲᠠᠨ ᠢ ᠬᠥᠮᠦᠵᠢᠭᠦᠯᠵᠦ᠂ ᠡᠪᠡᠳᠴᠢᠲᠡᠨ ᠢ ᠠᠪᠤᠷᠠᠨ ᠡᠮᠨᠡᠬᠦ ᠪᠠᠷ

ᠳᠠᠮᠵᠢᠭᠤᠯᠤᠨ᠂ ᠨᠠᠩ ᠣᠯᠠᠨ ᠲᠤᠰᠬᠠᠶ ᠮᠡᠷᠭᠡᠵᠢᠯ ᠤᠨ ᠮᠡᠳᠡᠯᠭᠡ ᠪᠠ ᠤᠷ᠎ᠠ ᠴᠢᠳᠠᠪᠤᠷᠢ ᠶᠢ ᠰᠤᠷᠴᠤ᠂ ᠨᠠᠩ ᠣᠯᠠᠨ

ᠬᠡᠷᠡᠭᠯᠡᠭᠡᠨ ᠤ ᠠᠷᠭ᠎ᠠ ᠪᠠ ᠤᠷ᠎ᠠ ᠮᠡᠷᠭᠡᠵᠢᠯ ᠢ ᠰᠤᠷᠴᠤ᠂ ᠡᠮᠴᠢ ᠰᠤᠪᠢᠯᠠᠭᠴᠢ ᠶᠢ ᠠᠵᠢᠯ ᠤᠨ ᠳᠤᠮᠳᠠ ᠪᠠᠨ

ᠠᠰᠠᠭᠤᠳᠠᠯ ᠪᠠ ᠥᠷᠢᠰᠥᠯᠳᠦᠭᠡᠨ ᠢ ᠨᠠᠩ ᠯᠠᠪᠳᠠᠭᠤᠨ ᠢᠶᠠᠷ ᠠᠷᠭᠠᠴᠠᠭᠠᠵᠤ᠂ ᠡᠮᠴᠢᠯᠡᠭᠡᠨ ᠤ ᠴᠢᠳᠠᠪᠤᠷᠢᠲᠠᠨ ᠤ

ᠬᠦᠷᠦᠯᠴᠡᠬᠦ ᠥᠬᠡᠶ ᠲᠠᠯ᠎ᠠ ᠶᠢ ᠪᠦᠲᠦᠮᠵᠢᠲᠡᠶ ᠰᠢᠢᠳᠪᠦᠷᠢᠯᠡᠵᠦ᠂ ᠡᠮᠨᠡᠯᠭᠡ ᠶᠢᠨ ᠬᠤᠷᠢᠶᠠᠨ ᠤ ᠪᠡᠶ᠎ᠡ ᠪᠠᠨ ᠳᠠᠭᠠᠭᠠᠵᠤ

ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠪᠡ᠃

   ︽ᠵᠢᠷᠦᠬᠡ ᠴᠢᠰᠤᠨ ᠰᠤᠳᠠᠯ ᠤᠨ ᠡᠪᠡᠳᠴᠢᠨ ᠢ ᠣᠨᠣᠰᠢᠯᠠᠨ ᠡᠮᠨᠡᠬᠦ ᠲᠥᠪ︾ ᠢ ᠪᠠᠶᠢᠭᠤᠯᠤᠭᠰᠠᠨ ᠨᠢ ᠡᠪᠡᠳᠴᠢᠨ

ᠦᠵᠡᠭᠦᠯᠬᠦ ᠳᠤ ᠨᠠᠭᠠᠰᠢ ᠴᠠᠭᠠᠰᠢ ᠶᠠᠪᠤᠬᠤ ᠳᠤ ᠬᠦᠴᠢᠷ᠂ ᠳ᠋ᠤᠭᠠᠷᠯᠠᠬᠤ ᠳᠤ ᠬᠦᠴᠢᠷ᠂ ᠬᠠᠷᠠᠭᠠᠯᠵᠠᠬᠤ ᠳᠤ ᠬᠦᠴᠢᠷᠲᠡᠢ

ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠡᠪᠡᠳᠴᠢᠲᠡᠨ ᠤ ᠨᠡᠷᠡᠳᠦ ᠲᠤᠰᠬᠠᠢ

ᠮᠡᠷᠭᠡᠵᠢᠯᠲᠡᠨ ᠢᠶᠠᠷ ᠡᠮᠨᠡᠭᠦᠯᠵᠤ᠂ ᠬᠠᠨᠤᠮᠵᠢᠲᠠᠢ ᠦᠷ᠎ᠡ ᠪᠦᠲᠦᠮᠵᠢ ᠤᠯᠵᠤ᠂

ᠤᠢᠢᠷ᠎ᠠ ᠬᠠᠪᠢ ᠳᠠᠭᠠᠨ ᠡᠮᠨᠡᠨ ᠵᠠᠰᠠᠵᠤ᠂ ᠭᠡᠷ ᠠᠴᠠ ᠪᠠᠨ ᠤᠢᠷᠬᠠᠨ ᠡᠪᠡᠳᠴᠢᠲᠡᠨ ᠢ ᠬᠠᠷᠠᠭᠠᠯᠵᠠᠬᠤ ᠳᠤ

ᠲᠦᠬᠦᠮ ᠦᠵᠡᠭᠦᠯᠵᠤ᠂ ᠭᠡᠷ ᠪᠦᠯᠢ ᠶᠢᠨ ᠠᠵᠤ ᠠᠬᠤᠢ ᠶᠢᠨ ᠵᠠᠷᠤᠯᠭ᠎ᠠ ᠶᠢ ᠪᠠᠭᠠᠰᠬᠠᠵᠤ᠂

ᠡᠪᠡᠳᠴᠢᠨ ᠦᠵᠡᠭᠦᠯᠬᠦ ᠳᠠᠷᠤᠭᠠᠰᠤ ᠶᠢ ᠬᠦᠩᠭᠡᠷᠡᠭᠦᠯᠦᠭᠰᠡᠨ ᠨᠢ ᠰᠢᠶᠠᠨ ᠤ

ᠬᠡᠪᠴᠢᠶᠡᠨ ᠳᠦ ᠥᠷᠭᠡᠨ ᠤᠯᠠᠨ ᠠᠷᠠᠳ ᠲᠦᠮᠡᠨ ᠤ ᠰᠠᠶᠢᠨ ᠦᠨᠡᠯᠡᠯᠲᠡ ᠶᠢ ᠣᠯᠵᠠᠢ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ     

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2