ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2024/5/24

    ᠡᠨᠡ ᠵᠢᠯ ᠠᠴᠠ ᠨᠠᠰᠢ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠶᠢᠭᠠᠯᠢ ᠶᠢᠨ ᠡᠬᠢ

ᠪᠠᠶᠠᠯᠢᠭ ᠤᠨ ᠬᠠᠮᠠᠭᠠᠯᠠᠯᠲᠠ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠠᠴᠠ ᠡᠭᠦᠰᠴᠦ᠂

ᠡᠬᠢ ᠪᠠᠶᠠᠯᠢᠭ ᠤᠨ ᠬᠠᠮᠢᠶᠠᠷᠤᠯᠲᠠ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠲᠠᠰᠤᠷᠠᠯᠲᠠ

ᠥᠬᠡᠶ ᠰᠢᠨ᠎ᠡ ᠶᠢ ᠡᠭᠦᠳᠴᠦ᠂ ᠡᠬᠢ ᠪᠠᠶᠠᠯᠢᠭ ᠢ ᠬᠥᠭᠵᠢᠭᠦᠯᠬᠦ ᠪᠠ ᠬᠠᠮᠠᠭᠠᠯᠠᠬᠤ ᠶᠢ ᠪᠠᠲᠤᠯᠠᠬᠤ ᠶᠢᠨ ᠬᠠᠮᠲᠤ᠂ ᠡᠬᠢ

ᠪᠠᠶᠠᠯᠢᠭ ᠤᠨ ᠬᠠᠮᠠᠭᠠᠯᠠᠯᠲᠠ ᠬᠢᠭᠡᠳ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠣᠭᠲᠠᠭᠤᠨ ᠢᠶᠠᠷ

ᠬᠥᠭᠵᠢᠬᠦ ᠶᠢ ᠠᠬᠢᠭᠤᠯᠪᠠ᠃

    ᠨᠢᠭᠡ ᠳᠤ᠂ ᠲᠠᠷᠢᠶᠠᠨ ᠭᠠᠵᠠᠷ ᠤᠨ ᠡᠬᠢ ᠪᠠᠶᠠᠯᠢᠭ ᠢ ᠴᠢᠩᠭ᠎ᠠ ᠬᠠᠮᠠᠭᠠᠯᠠᠵᠤ᠂ ᠲᠠᠷᠢᠶᠠᠯᠠᠬᠤ ᠰᠣᠶᠣᠯ ᠢ

ᠪᠠᠳᠠᠷᠠᠭᠤᠯᠤᠨ᠎ᠠ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ ᠢ ᠬᠠᠮᠠᠭᠠᠯᠠᠬᠤ

ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠠᠷᠢᠶᠠᠨ ᠭᠠᠵᠠᠷ ᠤᠨ ᠬᠡᠮᠵᠢᠶ᠎ᠡ ᠶᠢ ᠲᠣᠭᠲᠠᠪᠤᠷᠢᠵᠢᠭᠤᠯᠵᠤ᠂ ᠬᠠᠮᠢᠶᠠᠷᠤᠨ

ᠡᠵᠡᠮᠳᠡᠬᠦ᠂ ᠬᠢᠵᠠᠭᠠᠷᠯᠠᠬᠤ᠂ ᠪᠥᠲᠥᠭᠡᠨ ᠪᠠᠶᠢᠭᠤᠯᠬᠤ᠂ ᠭᠡᠳᠡᠷᠭᠦ ᠰᠢᠬᠠᠮᠳᠠᠭᠤᠯᠬᠤ ᠬᠠᠮᠠᠭᠠᠯᠠᠯᠲᠠ ᠶᠢᠨ ᠠᠷᠭ᠎ᠠ

ᠬᠡᠮᠵᠢᠶ᠎ᠡ ᠶᠢ ᠬᠡᠷᠡᠭᠵᠢᠭᠦᠯᠵᠦ᠂ ᠲᠠᠷᠢᠶᠠᠯᠠᠬᠤ ᠰᠣᠶᠣᠯ ᠢ ᠪᠠᠳᠠᠷᠠᠭᠤᠯᠤᠨ᠂ ᠠᠵᠤ ᠦᠢᠯᠡᠰ ᠤᠨ ᠲᠠᠰ ᠳᠡᠪᠰᠢᠬᠦ ᠶᠢ

ᠠᠬᠢᠭᠤᠯᠤᠨ᠎ᠠ᠃

    ᠬᠤᠶᠠᠷ ᠲᠤ᠂ ᠬᠥᠬᠡᠮᠳᠦᠭ ᠨᠣᠭᠤᠭᠠᠨ ᠠᠭᠤᠯᠠ ᠤᠰᠤ ᠪᠠᠨ ᠨᠠᠨᠳᠢᠩᠨᠠᠵᠤ  ᠦᠵᠡᠰᠬᠦᠯᠡᠩᠲᠦ ᠰᠠᠶᠢᠬᠠᠨ ᠬᠥᠳᠡᠭᠡ

ᠲᠣᠰᠬᠤᠨ ᠢ ᠪᠦᠳᠦᠭᠡᠨ ᠪᠠᠶᠢᠭᠤᠯᠤᠨ᠎ᠠ᠃ ᠲᠥᠯᠥᠪᠵᠢᠭᠦᠯᠭᠡ ᠶᠣᠰᠣᠭᠠᠷ ᠬᠥᠲᠥᠯᠥᠨ ᠳᠠᠭᠠᠭᠤᠯᠵᠤ᠂ ᠵᠦᠢ ᠵᠣᠬᠢᠰᠲᠠᠶ

ᠪᠠᠶᠢᠷᠢᠰᠢᠭᠤᠯᠵᠤ᠂ ᠲᠠᠷᠢᠶᠠᠨ ᠭᠠᠵᠠᠷ ᠤᠨ ᠡᠬᠢ ᠪᠠᠶᠠᠯᠢᠭ ᠢ ᠬᠠᠮᠠᠭᠠᠯᠠᠵᠤ᠂ ᠠᠷᠪᠢᠲᠠᠶ ᠡᠷᠴᠢᠮᠯᠢᠭ ᠪᠠᠶᠢᠯᠭᠠᠵᠤ᠂ ᠨᠢᠭᠡ

ᠡᠷᠦᠬᠡ ᠳᠤ ᠨᠢᠭᠡ ᠣᠷᠣᠨ ᠰᠠᠭᠤᠴᠠ ᠪᠠᠶᠢᠭᠤᠯᠵᠤ᠂ ᠬᠠᠭᠤᠴᠢᠨ ᠢ ᠨᠤᠷᠠᠭᠠᠨ ᠰᠢᠨ᠎ᠡ ᠶᠢ ᠪᠠᠶᠢᠭᠤᠯᠵᠤ᠂ ᠣᠨᠴᠠᠯᠢᠭ ᠢ

ᠢᠯᠡᠷᠡᠭᠦᠯᠬᠦ ᠵᠠᠷᠴᠢᠮ ᠶᠣᠰᠣᠭᠠᠷ᠂ ᠪᠠᠶᠢᠭᠠᠯᠢ ᠶᠢᠨ ᠠᠮᠢ ᠠᠬᠤᠶ᠂ ᠰᠣᠶᠣᠯ ᠤᠨ ᠠᠭᠤᠳᠠᠮ ᠲᠠᠯᠠᠪᠠᠶ᠂ ᠠᠷᠢᠭᠤᠨ

ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠬᠠᠮᠠᠭᠠᠯᠠᠯᠲᠠ ᠶᠢ ᠴᠢᠬᠤᠯᠠᠴᠢᠯᠠᠵᠤ᠂ ᠣᠨᠴᠠᠯᠢᠭᠲᠤ ᠠᠵᠤ ᠦᠢᠯᠡᠰ ᠤᠨ

ᠭᠤᠭᠴᠤᠭ᠎ᠠ ᠶᠢ ᠪᠣᠶ ᠪᠣᠯᠭᠠᠵᠤ᠂ ᠬᠥᠬᠡᠮᠳᠦᠭ ᠨᠣᠭᠤᠭᠠᠨ ᠠᠭᠤᠯᠠ ᠤᠰᠤ ᠲᠠᠢ ᠪᠠᠶᠢᠭᠠᠯᠢ ᠶᠢᠨ ᠡᠬᠢ ᠪᠠᠶᠠᠯᠢᠭ ᠤᠨ

ᠣᠷᠴᠢᠨ ᠲᠣᠭᠤᠷᠢᠨ ᠢ ᠬᠠᠮᠠᠭᠠᠯᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ

ᠣᠷᠣᠰᠢᠬᠤ ᠶᠢ ᠰᠠᠨᠠᠭᠠᠴᠢᠯᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ

ᠠᠬᠢᠭᠤᠯᠤᠨ᠎ᠠ᠃

    ᠭᠤᠷᠪᠠ ᠳᠤ᠂ ᠪᠠᠶᠢᠭᠠᠯᠢ ᠶᠢᠨ ᠡᠬᠢ ᠪᠠᠶᠠᠯᠢᠭ ᠢ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠰᠠᠬᠢᠨ ᠬᠠᠮᠠᠭᠠᠯᠠᠵᠤ᠂

ᠭᠠᠵᠠᠷ ᠰᠢᠷᠣᠶ ᠶᠢᠨ ᠬᠠᠤᠯᠢ ᠬᠡᠷᠡᠭᠵᠢᠭᠦᠯᠦᠯᠲᠡ ᠶᠢ ᠴᠢᠩᠳᠠᠯᠠᠪᠠ᠃ ᠠᠷᠪᠢᠯᠠᠬᠤ ᠶᠢ ᠲᠡᠷᠢᠭᠦᠨ ᠳᠤ ᠲᠠᠯᠪᠢᠬᠤ᠂

ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ

ᠪᠠᠷᠢᠮᠲᠠᠯᠠᠵᠤ᠂ ︽ᠣᠭᠲᠠᠷᠭᠤᠢ ᠠᠴᠠ ᠦᠵᠡᠬᠦ᠂ ᠰᠦᠯᠵᠢᠶᠡᠨ ᠳᠡᠭᠡᠷ᠎ᠡ ᠬᠠᠮᠢᠶᠠᠷᠬᠤ᠂ ᠤᠯᠠᠨ ᠲᠦᠮᠡᠨ ᠮᠡᠳᠡᠭᠦᠯᠬᠦ᠂

ᠭᠠᠵᠠᠷ ᠳᠡᠭᠡᠷ᠎ᠡ ᠪᠠᠶᠢᠴᠠᠭᠠᠬᠤ︾ ᠪᠦᠬᠦ ᠲᠠᠯ᠎ᠠ ᠶᠢᠨ᠂ ᠪᠣᠰᠤᠭ᠎ᠠ ᠴᠣᠭᠴᠠᠲᠤ ᠮᠠᠶ᠋ᠢᠭ ᠤᠨ ᠬᠠᠤᠯᠢ ᠬᠡᠷᠡᠭᠵᠢᠭᠦᠯᠦᠯᠲᠡ ᠶᠢ

ᠬᠢᠨᠠᠨ ᠪᠠᠶᠢᠴᠠᠭᠠᠬᠤ ᠲᠣᠭᠲᠠᠯᠴᠠᠭ᠎ᠠ ᠶᠢ ᠰᠦᠪᠡᠭᠴᠢᠯᠡᠨ ᠬᠡᠷᠡᠭᠵᠢᠭᠦᠯᠵᠦ᠂ ᠬᠠᠤᠯᠢ ᠬᠡᠷᠡᠭᠵᠢᠭᠦᠯᠦᠯᠲᠡ ᠶᠢ ᠬᠢᠨᠠᠨ

ᠬᠠᠮᠢᠶᠠᠷᠬᠤ ᠵᠠᠭᠪᠤᠷ ᠢ ᠠᠩᠬ᠎ᠠ ᠠᠯᠬᠤᠮ ᠪᠦᠷᠢᠯᠳᠦᠭᠦᠯᠵᠦ᠂ ᠬᠠᠷᠢᠶ᠎ᠠ ᠣᠷᠣᠨ ᠤ ᠪᠠᠨ ᠪᠠᠶᠢᠭᠠᠯᠢ ᠶᠢᠨ ᠡᠬᠢ

ᠪᠠᠶᠠᠯᠢᠭ ᠲᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃

    ᠳᠥᠷᠪᠡ ᠳᠤ᠂ ᠭᠠᠵᠠᠷ ᠰᠢᠷᠣᠶ ᠶᠢᠨ ᠡᠬᠢ ᠪᠠᠶᠠᠯᠢᠭ ᠢ ᠡᠮᠬᠢᠯᠡᠬᠦ ᠶᠢ ᠨᠠᠷᠢᠨ ᠨᠢᠮᠪᠠᠶ ᠠᠬᠢᠭᠤᠯᠵᠤ᠂ ᠠᠮᠢ

ᠠᠬᠤᠶ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ︽ᠲᠠᠷᠢᠶ᠎ᠠ  ᠤᠰᠤ᠂ ᠵᠠᠮ᠂ ᠤᠢ

ᠰᠢᠭᠤᠢ᠂ ᠲᠣᠰᠬᠤᠨ︾ ᠢ ᠴᠡᠭᠴᠡᠯᠡᠨ ᠵᠠᠰᠠᠬᠤ ᠪᠠᠷ ᠳᠠᠮᠵᠢᠨ᠂ ︽ᠲᠠᠷᠢᠶᠠᠨ ᠭᠠᠵᠠᠷ ᠢ ᠲᠡᠭᠰᠢᠯᠡᠬᠦ᠂ ᠭᠤᠤ ᠰᠤᠪᠠᠭ ᠢ

ᠡᠭᠦᠷᠢᠳᠡ ᠪᠠᠷᠢᠮᠲᠠᠯᠠᠬᠤ᠂ ᠲᠥᠬᠦᠭᠡᠷᠦᠮᠵᠢ ᠶᠢ ᠢᠵᠢ ᠪᠦᠷᠢᠳᠦᠭᠦᠯᠬᠦ︾ ᠬᠠᠷᠠᠯᠲᠠ ᠶᠢ ᠪᠡᠶᠡᠯᠡᠭᠦᠯᠵᠦ᠂ ︽ᠲᠠᠷᠢᠶᠠᠨ

ᠭᠠᠵᠠᠷ ᠢ ᠳᠥᠷᠪᠡᠯᠵᠢᠨ ᠪᠣᠯᠭᠠᠵᠤ᠂ ᠵᠠᠮ ᠢ ᠬᠠᠷᠢᠯᠴᠠᠨ ᠬᠤᠯᠪᠣᠵᠤ᠂ ᠰᠤᠪᠠᠭ ᠢ ᠬᠠᠷᠢᠯᠴᠠᠨ ᠨᠡᠪᠲᠡᠷᠡᠭᠦᠯᠵᠦ᠂ ᠭᠠᠩ

ᠬᠠᠭᠰᠠᠷᠠᠭᠠᠨ ᠲᠠᠢ ᠲᠡᠮᠡᠴᠡᠵᠦ ᠤᠰᠤᠯᠠᠬᠤ︾ ᠣᠳᠣᠬᠢᠴᠢᠯᠠᠭᠰᠠᠨ ᠥᠨᠳᠥᠷ ᠪᠦᠲᠦᠮᠵᠢᠲᠡᠶ ᠠᠮᠢ ᠠᠬᠤᠶ ᠶᠢᠨ

ᠲᠠᠷᠢᠶᠠᠯᠠᠩ ᠤᠨ ᠣᠷᠣᠨ ᠢ ᠢᠯᠡᠷᠡᠭᠦᠯᠵᠦ᠂ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠳᠤ ᠪᠠᠲᠤ ᠪᠠᠬᠢ

ᠰᠠᠭᠤᠷᠢ ᠶᠢ ᠲᠠᠯᠪᠢᠭᠰᠠᠨ ᠪᠠᠶᠢᠨ᠎ᠠ᠃

 

ᠢᠷᠡᠯᠲᠡ᠄ ᠬᠤᠸᠠᠳᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ 

ᠵᠣᠬᠢᠶᠠᠭᠴᠢ᠄ ᠯᠠᠨ ᠢᠦᠶ ᠱᠠᠨ

ᠣᠷᠴᠢᠭᠤᠯᠤᠭᠴᠢ᠄ ᠭᠠᠩᠭ᠎ᠠ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2