︽ᠤᠯᠠᠭᠠᠨᠴᠠᠪ ᠬᠤᠲᠠ ᠶᠢᠨ 2023 ᠣᠨ ᠤ ᠲᠥᠪ ᠤᠨ ᠡᠳ᠋ ᠤᠨ ᠵᠠᠰᠠᠭ ᠠᠴᠠ ᠲᠠᠷᠢᠶᠠᠯᠠᠩ ᠤᠨ | ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠢ ᠳᠡᠮᠵᠢᠬᠦ ᠬᠡᠷᠡᠭᠵᠢᠭᠦᠯᠬᠦ ᠲᠥᠰᠦᠯ︾ ︵ | ᠤᠯᠠᠭᠠᠨᠴᠠᠪ ᠲᠠᠷᠢᠶᠠᠯᠠᠩ ᠮᠠᠯ ᠠᠵᠤ ᠠᠬᠤᠶ ᠬᠠᠮᠲᠤᠷᠠᠭᠰᠠᠨ ᠲᠠᠷᠬᠠᠭᠠᠭᠰᠠᠨ ﹇2020﹈ 558 ᠳ᠋ᠤᠭᠠᠷ ᠲᠣᠭᠠᠲᠤ︶ | ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ︽ᠬᠤᠸᠠᠳᠧ ᠰᠢᠶᠠᠨ ᠤ 2023 ᠣᠨ ᠤ ᠲᠥᠪ ᠤᠨ ᠡᠳ᠋ ᠤᠨ | ᠵᠠᠰᠠᠭ ᠠᠴᠠ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠢ | ᠬᠡᠷᠡᠭᠵᠢᠭᠦᠯᠬᠦ ᠭᠤᠤᠯ ᠴᠣᠭᠴᠠ ᠶᠢ ᠰᠢᠯᠢᠨ ᠰᠣᠩᠭᠤᠬᠤ ᠠᠯᠪᠠᠨ ᠵᠠᠷ︾ ᠤᠨ ᠱᠠᠭᠠᠷᠳᠠᠯᠭ᠎ᠠ ᠶᠢ ᠦᠨᠳᠦᠰᠦᠯᠡᠨ᠂ | ᠰᠢᠯᠢᠨ ᠰᠣᠩᠭᠤᠬᠤ ᠪᠠᠷ ᠳᠡᠮᠵᠢᠨ ᠣᠨᠳᠣᠤ ᠰᠠᠨᠠᠯ ᠥᠬᠡᠶ ᠪᠠᠶᠢᠪᠠᠯ᠂ ᠡᠳᠦᠭᠡ ᠬᠤᠸᠠᠳᠧ ᠰᠢᠶᠠᠨ ᠤ 2023 | ᠣᠨ ᠤ ᠲᠥᠪ ᠤᠨ ᠡᠳ᠋ ᠤᠨ ᠵᠠᠰᠠᠭ ᠠᠴᠠ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠲᠥᠷᠥᠯ ᠵᠦᠢᠯ ᠢ ᠬᠡᠷᠡᠭᠵᠢᠭᠦᠯᠬᠦ ᠭᠤᠤᠯ ᠴᠣᠭᠴᠠ ᠶᠢ ᠰᠢᠯᠢᠨ ᠰᠣᠩᠭᠤᠬᠤ ᠦᠷ᠎ᠡ ᠳ᠋ᠦᠩ ᠢ | ᠡᠭᠦᠷᠭᠡᠯᠡᠬᠦ ᠪᠠᠷ ᠳᠣᠤᠷᠠᠬᠢ ᠮᠡᠲᠦ ᠵᠠᠷᠯᠠᠶ᠎ᠠ᠄ | 1᠂ ᠬᠤᠸᠠᠳᠧ ᠰᠢᠶᠠᠨ ᠤ ᠾᠧᠩ ᠶᠤᠸᠠᠨ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠡᠵᠡᠩᠨᠡᠨ | ᠪᠣᠷᠣᠯᠠᠭᠤᠯᠬᠤ ᠲᠠᠷᠢᠶᠠᠴᠢᠨ ᠤ ᠲᠤᠰᠬᠠᠶ ᠬᠤᠷᠰᠢᠶ᠎ᠠ | 2. ᠬᠤᠸᠠᠳᠧ ᠰᠢᠶᠠᠨ ᠤ ᠴᠢ ᠴᠢᠶᠠᠩ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠤᠰᠬᠠᠢ ᠬᠤᠷᠰᠢᠶ᠎ᠠ | 3᠂ ᠬᠤᠸᠠᠳᠧ ᠰᠢᠶᠠᠨ ᠤ ᠺᠠᠩ ᠮᠢᠶᠠᠨ ᠲᠠᠷᠢᠶᠠᠯᠠᠩ ᠤᠨ ᠮᠠᠰᠢᠨ ᠲᠠᠷᠢᠵᠤ ᠲᠡᠵᠢᠭᠡᠨ ᠦᠷᠡᠵᠢᠭᠦᠯᠬᠦ ᠲᠤᠰᠬᠠᠢ | ᠬᠤᠷᠰᠢᠶ᠎ᠠ | 4. ᠬᠤᠸᠠᠳᠧ ᠰᠢᠶᠠᠨ ᠤ ᠠᠷᠠᠳ ᠢ ᠪᠠᠶᠠᠵᠢᠭᠤᠯᠬᠤ ᠲᠠᠷᠢᠶᠠᠯᠠᠩ ᠤᠨ ᠮᠠᠰᠢᠨ ᠤ ᠲᠤᠰᠬᠠᠶ ᠬᠤᠷᠰᠢᠶ᠎ᠠ | 5. ᠭᠦᠸᠧ ᠢᠤᠢ ᠴᠧᠩ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ | 6. ᠬᠤᠸᠠᠳᠧ ᠰᠢᠶᠠᠨ ᠤ ᠴᠦᠨ ᠸᠧ ᠲᠠᠷᠢᠶᠠᠯᠠᠩ ᠤᠨ ᠮᠠᠰᠢᠨ ᠤ ᠲᠤᠰᠬᠠᠶ ᠬᠤᠷᠰᠢᠶ᠎ᠠ | ᠠᠯᠪᠠᠨ ᠵᠠᠷ ᠤᠨ ᠬᠤᠭᠤᠴᠠᠭ᠎ᠠ ᠨᠢ 5 ᠡᠳᠦᠷ ︵2024 ᠣᠨ ᠤ 4 ᠰᠠᠷ᠎ᠠ ᠶᠢᠨ 28 ᠤ ᠡᠳᠦᠷ ᠠᠴᠠ 5 | ᠰᠠᠷ᠎ᠠ ᠶᠢᠨ 2 ᠤᠨ ᠡᠳᠦᠷ︶ ᠪᠣᠯᠤᠨ᠎ᠠ᠂ ᠠᠯᠪᠠᠨ ᠵᠠᠷ ᠤᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠳᠡᠭᠡᠷ᠎ᠡ | ᠳᠤᠷᠠᠳᠤᠭᠰᠠᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠲᠠᠷᠢᠶᠠᠯᠠᠩ ᠮᠠᠯ ᠠᠵᠤ ᠠᠬᠤᠶ | ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠬᠦᠷᠴᠦ ᠬᠠᠮᠢᠶ᠎ᠠ ᠪᠥᠬᠦᠶ ᠭᠠᠷᠳᠠᠮ ᠢ | ᠭᠦᠢᠴᠡᠳᠭᠡᠬᠦ ᠶᠢᠨ ᠬᠠᠮᠲᠤ ᠮᠠᠰᠢᠨ ᠮᠧᠬᠠᠨᠢᠭ ᠢ ᠵᠣᠬᠢᠶᠠᠨ ᠪᠠᠶᠢᠭᠤᠯᠵᠤ ᠴᠠᠭ | ᠲᠤᠬᠠᠶ ᠳᠤᠨᠢᠦᠢᠯᠡᠴᠢᠯᠡᠭᠡᠨ ᠤ ᠠᠵᠢᠯ ᠢ ᠥᠷᠨᠢᠭᠦᠯᠦᠨ᠎ᠡ᠃ | ᠣᠨᠴᠠᠭᠠᠶᠢᠯᠠᠨ ᠵᠠᠷᠯᠠᠪᠠ | ᠬᠤᠸᠠᠳᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | 2024 ᠣᠨ ᠤ 4 ᠰᠠᠷ᠎ᠠ ᠶᠢᠨ 28 ᠤ ᠡᠳᠦᠷ | | ᠢᠷᠡᠯᠲᠡ᠄ ᠬᠤᠸᠠᠳᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ | ᠵᠣᠬᠢᠶᠠᠭᠴᠢ᠄ ᠬᠤᠸᠠᠳᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ | ᠣᠷᠴᠢᠭᠤᠯᠤᠭᠴᠢ᠄ ᠭᠠᠩᠭ᠎ᠠ | |