2024 ᠣᠨ ᠤ ᠤᠶᠤᠲᠠᠨ ᠬᠥᠳᠡᠭᠡ ᠲᠣᠰᠬᠤᠨ ᠤ ᠡᠮᠴᠢ ᠶᠢ ᠲᠤᠰᠬᠠᠶᠢᠯᠠᠨ ᠤᠷᠢᠵᠤ ᠪᠡᠶ᠎ᠡ ᠶᠢᠨ ᠪᠠᠶᠢᠴᠠᠭᠠᠯᠲᠠ ᠪᠠ ᠰᠢᠨᠵᠢᠯᠡᠨ ᠪᠠᠶᠢᠴᠠᠭᠠᠬᠤ ᠬᠡᠪᠴᠢᠶᠡᠨ ᠳᠤ ᠣᠷᠣᠭᠤᠯᠤᠭᠰᠠᠨ ᠵᠢᠱᠢᠭᠳᠡᠭᠴᠢ ᠶᠢ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/5/24

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ

2024 ᠣᠨ ᠤ ᠤᠶᠤᠲᠠᠳ ᠤᠨ ᠬᠥᠳᠡᠭᠡ ᠲᠣᠰᠬᠤᠨ ᠤ ᠡᠮᠴᠢ ᠶᠢ ᠲᠤᠰᠬᠠᠶ ᠡᠯᠰᠡᠨ ᠤᠷᠢᠬᠤ ᠲᠥᠯᠥᠪᠯᠡᠭᠡ ᠶᠢ

ᠵᠣᠬᠢᠶᠠᠨ ᠪᠠᠶᠢᠭᠤᠯᠤᠨ ᠥᠷᠨᠢᠭᠦᠯᠬᠦ ᠮᠡᠳᠡᠭᠳᠡᠯ︾ ᠪᠠ ︽ᠤᠯᠠᠭᠠᠨᠴᠠᠪ ᠬᠤᠲᠠ ᠶᠢᠨ 2024 ᠣᠨ ᠤ

ᠤᠶᠤᠲᠠᠳ ᠤᠨ ᠬᠥᠳᠡᠭᠡ ᠲᠣᠰᠬᠤᠨ ᠤ ᠡᠮᠴᠢ ᠶᠢ ᠲᠤᠰᠬᠠᠶ ᠤᠷᠢᠨ ᠡᠯᠰᠡᠬᠦ ᠨᠢᠭᠤᠷᠲᠠᠨ ᠰᠢᠯᠭᠠᠯᠲᠠ ᠶᠢ ᠥᠷᠨᠢᠭᠦᠯᠬᠦ

ᠲᠤᠬᠠᠶ ᠠᠯᠪᠠᠨ ᠵᠠᠷ︾ ᠢ ᠦᠨᠳᠦᠰᠦᠯᠡᠪᠡᠯ᠂ ᠲᠣᠰ ᠤᠳᠠᠭᠠᠨ ᠤ ᠢᠯᠡ ᠪᠠᠷ ᠤᠷᠢᠨ ᠬᠡᠷᠡᠭᠯᠡᠬᠦ ᠠᠵᠢᠯ ᠢ ᠨᠢᠭᠡᠨᠲᠡ

ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠪᠢᠷ ᠤᠨ ᠰᠢᠯᠭᠠᠯᠲᠠ᠂ ᠬᠢᠷᠢ ᠬᠡᠮ ᠢ ᠳᠠᠬᠢᠨ ᠬᠢᠨᠠᠬᠤ᠂ ᠨᠢᠭᠤᠷᠲᠠᠨ

ᠰᠢᠯᠭᠠᠬᠤ ᠵᠡᠷᠭᠡ ᠭᠤᠭᠴᠤᠭ᠎ᠠ ᠶᠢ ᠪᠡᠶᠡᠯᠡᠭᠦᠯᠵᠦ᠂ ᠣᠲᠣ ᠪᠡᠶ᠎ᠡ ᠶᠢᠨ ᠪᠠᠶᠢᠴᠠᠭᠠᠯᠲᠠ ᠪᠠ ᠰᠢᠨᠵᠢᠯᠡᠨ ᠪᠠᠶᠢᠴᠠᠭᠠᠬᠤ

ᠬᠡᠪᠴᠢᠶᠡᠨ ᠳᠤ ᠣᠷᠣᠬᠤ ᠵᠢᠱᠢᠭᠳᠡᠭᠴᠢ ᠶᠢ ᠨᠡᠶᠢᠲᠡᠯᠡᠵᠦ᠂ ᠪᠣᠳᠠᠲᠠᠶ ᠨᠡᠷᠡᠰ ᠢ ᠳᠠᠭᠠᠯᠳᠤᠭᠤᠯᠤᠯ ᠳᠤ ᠦᠵᠡᠭᠡᠷᠡᠶ᠃

    ᠨᠢᠭᠡ᠂ ᠪᠡᠶ᠎ᠡ ᠶᠢᠨ ᠪᠠᠶᠢᠴᠠᠭᠠᠯᠲᠠ ᠶᠢᠨ ᠴᠠᠭ

    ᠪᠡᠶ᠎ᠡ ᠶᠢᠨ ᠪᠠᠶᠢᠴᠠᠭᠠᠯᠲᠠ ᠪᠠ ᠰᠢᠨᠵᠢᠯᠡᠨ ᠪᠠᠶᠢᠴᠠᠭᠠᠬᠤ ᠬᠡᠪᠴᠢᠶᠡᠨ ᠳᠤ ᠣᠷᠣᠵᠤ ᠠᠵᠢᠯᠲᠠᠨ 2024 ᠣᠨ ᠤ

5 ᠰᠠᠷ᠎ᠠ ᠶᠢᠨ 11 ᠤ ᠡᠳᠦᠷ ︵ᠭᠠᠷᠠᠭ ᠤᠨ ᠵᠢᠷᠭᠤᠭᠠᠨ︶ ᠤᠨ ᠦᠳᠡ ᠶᠢᠨ ᠡᠮᠦᠨ᠎ᠡ 9᠄ 00 - 12᠄ 00

ᠪᠡᠶ᠎ᠡ ᠶᠢᠨ ᠦᠨᠡᠮᠯᠡᠯ ᠢᠶᠠᠨ ᠠᠪᠴᠤ ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠪᠡᠶ᠎ᠡ ᠶᠢᠨ

ᠪᠠᠶᠢᠴᠠᠭᠠᠯᠲᠠ ᠶᠢᠨ ᠲᠥᠪ ᠲᠤ ᠬᠦᠷᠴᠦ ᠪᠡᠶ᠎ᠡ ᠶᠢᠨ ᠪᠠᠶᠢᠴᠠᠭᠠᠯᠲᠠ ᠬᠢᠨ᠎ᠠ᠃ ᠲᠤᠬᠠᠢ ᠶᠢᠨ ᠦᠶ᠎ᠡ ᠳᠤ ᠪᠡᠶ᠎ᠡ ᠶᠢᠨ

ᠪᠠᠶᠢᠴᠠᠭᠠᠯᠲᠠ ᠬᠢᠭᠰᠡᠨ ᠦᠭᠡᠢ ᠬᠦᠮᠦᠨ ᠢ ᠥᠪᠡᠷ ᠢᠶᠠᠨ ᠲᠠᠶᠠᠭᠳᠠᠭᠰᠠᠨ ᠢᠶᠠᠷ ᠦᠵᠡᠨ᠎ᠡ᠃

    ᠬᠤᠶᠠᠷ᠂ ᠪᠡᠶ᠎ᠡ ᠶᠢᠨ ᠪᠠᠶᠢᠴᠠᠭᠠᠯᠲᠠ ᠶᠢᠨ ᠭᠠᠵᠠᠷ

    ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠪᠡᠶ᠎ᠡ ᠶᠢᠨ ᠪᠠᠶᠢᠴᠠᠭᠠᠯᠲᠠ ᠶᠢᠨ ᠲᠥᠪ

    ᠭᠤᠷᠪᠠ᠂ ᠠᠩᠬᠠᠷᠬᠤ ᠵᠦᠢᠯ

    1᠂ ᠪᠡᠶ᠎ᠡ ᠶᠢᠨ ᠪᠠᠶᠢᠴᠠᠭᠠᠯᠲᠠ ᠪᠠ ᠰᠢᠨᠵᠢᠯᠡᠨ ᠪᠠᠶᠢᠴᠠᠭᠠᠬᠤ ᠬᠡᠪᠴᠢᠶᠡᠨ ᠳᠤ ᠤᠷᠤᠭᠰᠠᠨ ᠬᠥᠮᠦᠰ ᠪᠡᠶ᠎ᠡ ᠶᠢᠨ

ᠦᠨᠡᠮᠯᠡᠯ ᠢᠶᠠᠨ ᠠᠪᠴᠤ ᠪᠡᠶ᠎ᠡ ᠶᠢᠨ ᠪᠠᠶᠢᠴᠠᠭᠠᠯᠲᠠ ᠬᠢᠭᠰᠡᠨ ᠡᠳᠦᠷ ᠤᠨ ᠥᠷᠯᠥᠭᠡ ᠶᠢᠨ 9᠄ 00 ᠠᠴᠠ ᠡᠮᠦᠨ᠎ᠡ

ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠪᠡᠶ᠎ᠡ ᠶᠢᠨ ᠪᠠᠶᠢᠴᠠᠭᠠᠯᠲᠠ ᠶᠢᠨ ᠲᠥᠪ ᠲᠤ ᠬᠦᠷᠪᠡ᠃

     2᠂ ᠪᠠᠶ᠎ᠠ ᠶᠢᠨ ᠪᠠᠶᠢᠴᠠᠭᠠᠯᠲᠠ ᠬᠢᠬᠦ  ᠬᠦᠮᠦᠰ ᠪᠠᠶᠢᠴᠠᠭᠠᠯᠲᠠ ᠬᠢᠭᠦ ᠠᠴᠠ ᠡᠮᠣᠨ᠎ᠠ 24

ᠴᠠᠭ ᠤᠨ ᠳᠣᠲᠣᠷ᠎ᠠ ᠣᠢᠰᠣᠠ ᠲᠣᠰᠣᠯᠢᠭ ᠢᠳᠡᠭᠡᠨ᠂ ᠠᠷᠢᠭᠢ ᠠᠮᠲᠠᠯᠠᠬᠤ᠂ ᠰᠢᠭᠤᠷᠬᠠᠢ ᠢᠲᠠᠰᠢ 

ᠬᠡᠷᠡᠭᠯᠡᠬᠦ ᠣᠢᠭᠡᠢ

    3᠂ ᠴᠢᠰᠤ ᠲᠠᠲᠠᠬᠤ ᠪᠣᠯᠤᠨ ᠬᠡᠪᠡᠯᠢ ᠶᠢᠨ ᠬᠡᠰᠡᠭ ᠤᠨ ᠬᠡᠲᠦ ᠳᠣᠯᠭᠢᠶᠠᠨ ᠤ ᠪᠠᠶᠢᠴᠠᠭᠠᠯᠲᠠ ᠬᠢᠭᠰᠡᠨ ᠲᠤᠰ

ᠡᠳᠦᠷ ᠤᠨ ᠥᠷᠯᠥᠭᠡ ᠬᠡᠪᠡᠯᠢ ᠳᠡᠭᠡᠷ᠎ᠡ ᠨᠢ ᠰᠤᠯᠠ ᠪᠣᠯᠴᠢᠷᠬᠠᠢ ᠪᠠᠶᠢᠬᠤ ᠬᠡᠷᠡᠭᠲᠡᠢ᠂ ᠡᠭᠦᠨ ᠠᠴᠠ ᠭᠠᠳᠠᠨ᠎ᠠ᠂ ᠡᠮᠦᠨ᠎ᠡ

ᠪᠤᠯᠴᠢᠷᠬᠠᠢ᠂ ᠳᠠᠪᠤᠰᠠᠩ ᠪᠣᠯᠤᠨ ᠰᠠᠪᠠ ᠶᠢᠨ ᠳᠠᠭᠠᠯᠳᠤᠯ ᠲᠣᠨᠤᠭ ᠨᠢ ᠬᠡᠳᠦ ᠳᠣᠯᠭᠢᠶᠠᠨ ᠤ ᠪᠠᠶᠢᠴᠠᠭᠠᠯᠲᠠ ᠬᠢᠭᠴᠢ

ᠰᠢᠭᠡᠰᠦ ᠪᠠᠨ ᠪᠣᠭᠤᠬᠤ ᠬᠡᠷᠡᠭᠲᠡᠢ᠃

    4. ᠵᠢᠷᠮᠦᠰᠦᠯᠡᠭᠰᠡᠨ ᠡᠮᠡᠭᠲᠡᠶ᠂ X ᠰᠠᠴᠤᠷᠠᠭ ᠤᠨ ︵ᠮᠤᠯᠢᠪᠳᠧᠨ ᠤ ᠫᠠᠢᠰᠠ᠂ ᠶᠠᠰᠤ ᠶᠢᠨ ᠨᠢᠭᠲᠠᠴᠠ᠂ X

ᠰᠠᠴᠤᠷᠠᠭ ᠤᠨ ᠲᠠᠰᠤᠭ ᠤᠨ ᠡᠯ᠎ᠡ ᠵᠦᠢᠯ ᠤᠨ ᠪᠠᠶᠢᠴᠠᠭᠠᠯᠲᠠ ᠶᠢ ᠪᠠᠭᠲᠠᠭᠠᠨ᠎ᠠ︶ ᠪᠠ ᠰᠠᠪᠠ ᠶᠢᠨ ᠬᠦᠵᠦᠭᠦᠨ ᠤ 

ᠪᠠᠢᠴᠠᠭᠠᠯᠲᠠ ᠬᠢᠬᠦ ᠦᠭᠡᠢ᠃

    5. ᠪᠡᠶ᠎ᠡ ᠶᠢᠨ ᠪᠠᠶᠢᠴᠠᠭᠠᠯᠲᠠ ᠶᠢᠨ ᠰᠦᠢᠳᠬᠡᠯ ᠢ ᠪᠡᠶ᠎ᠡ ᠶᠢᠨ ᠪᠠᠶᠢᠴᠠᠭᠠᠯᠲᠠ ᠶᠢᠨ ᠪᠠᠶᠢᠭᠤᠯᠤᠮᠵᠢ ᠠᠴᠠ

ᠬᠤᠷᠢᠶᠠᠵᠤ᠂ ᠵᠠᠷᠤᠳᠠᠯ ᠨᠢ ᠥᠪᠡᠷᠲᠡᠭᠡᠨ ᠬᠠᠮᠢᠶᠠᠷᠴᠤ᠂ ᠪᠡᠶ᠎ᠡ ᠶᠢᠨ ᠪᠠᠶᠢᠴᠠᠭᠠᠯᠲᠠ ᠶᠢᠨ ᠰᠦᠢᠳᠬᠡᠯ ᠨᠢ 500

ᠲᠥᠭᠦᠷᠢᠭ / ᠬᠥᠮᠥᠨ᠃

    ᠳᠥᠷᠪᠡ᠂ ᠬᠡᠷᠪᠡ ᠲᠣᠭᠲᠠᠭᠰᠠᠨ ᠴᠠᠭ ᠲᠠᠭᠠᠨ ᠪᠡᠶ᠎ᠡ ᠶᠢᠨ ᠪᠠᠶᠢᠴᠠᠭᠠᠯᠲᠠ ᠳᠤ ᠣᠷᠣᠯᠴᠠᠬᠤ ᠦᠭᠡᠢ ᠪᠣᠯ

ᠪᠡᠶ᠎ᠡ ᠶᠢᠨ ᠪᠠᠶᠢᠴᠠᠭᠠᠯᠲᠠ ᠪᠠ ᠰᠢᠯᠭᠠᠨ ᠪᠠᠶᠢᠴᠠᠭᠠᠬᠤ ᠬᠢᠷᠢ ᠬᠡᠮ ᠢᠶᠠᠨ ᠠᠶᠠᠨᠳᠠᠭᠠᠨ ᠬᠠᠶᠠᠭᠰᠠᠨ ᠢᠶᠠᠷ ᠦᠵᠡᠨ᠎ᠡ᠃

    ᠬᠤᠸᠠᠳᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠯᠴᠠᠬᠤ ᠤᠲᠠᠰᠤ᠄ 0474

- 7902009

    ᠣᠨᠴᠠᠭᠠᠶᠢᠯᠠᠨ ᠵᠠᠷᠯᠠᠨ ᠨᠡᠶᠢᠲᠡᠯᠡᠪᠡ᠃

    ᠬᠤᠸᠠᠳᠧ ᠰᠢᠶᠠᠨ ᠤ 2024 ᠣᠨ ᠤ ᠣᠶᠤᠲᠠᠨ ᠬᠥᠳᠡᠭᠡ ᠲᠣᠰᠬᠤᠨ ᠤ ᠡᠮᠴᠢ ᠶᠢᠨ ᠪᠡᠶ᠎ᠡ ᠶᠢᠨ

ᠪᠠᠶᠢᠴᠠᠭᠠᠯᠲᠠ ᠪᠠ ᠰᠢᠨᠵᠢᠯᠡᠨ ᠪᠠᠶᠢᠴᠠᠭᠠᠬᠤ ᠬᠦᠷᠢᠶ᠎ᠡ ᠬᠡᠪᠴᠢᠶᠡᠨ ᠳᠤ ᠣᠷᠣᠭᠰᠠᠨ ᠵᠢᠱᠢᠭᠳᠡᠭᠴᠢ ᠶᠢᠨ ᠠᠯᠪᠠᠨ

ᠵᠠᠷ ᠤᠨ ᠠᠵᠢᠯᠲᠠᠨ ᠤ ᠨᠡᠷᠡᠰ᠂ xlsx

    ᠬᠤᠸᠠᠳᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ

    2024 ᠣᠨ ᠤ 5 ᠰᠠᠷ᠎ᠠ ᠶᠢᠨ 9 ᠤ ᠡᠳᠦᠷ

 ᠢᠷᠡᠯᠲᠡ᠄ ᠬᠤᠸᠠᠳᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 

ᠵᠣᠬᠢᠶᠠᠭᠴᠢ᠄ ᠬᠤᠸᠠᠳᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ

ᠣᠷᠴᠢᠭᠤᠯᠤᠭᠴᠢ᠄ ᠭᠠᠩᠭ᠎ᠠ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2