︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠬᠢᠨᠠᠮᠠᠭᠠᠶ | ᠨᠠᠶᠢᠳᠠᠪᠤᠷᠢᠵᠢᠭᠤᠯᠬᠤ ᠶᠢᠨ ᠲᠥᠯᠥᠭᠡ᠂ ᠦᠨᠳᠦᠰᠦᠨ ᠱᠠᠲᠤᠨ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ | ᠠᠵᠢᠯ ᠢ ᠦᠨᠡᠨ ᠬᠦ ᠰᠠᠶᠢᠲᠤᠷ ᠬᠢᠵᠦ᠂ ︽ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ | ᠰᠠᠬᠢᠬᠤ᠂ ᠬᠠᠤᠯᠢ ᠶᠢ ᠬᠡᠷᠡᠭᠯᠡᠬᠦ︾ ᠶᠢ ᠲᠠᠷᠢᠶᠠᠴᠢᠳ ᠤᠨ ︽ᠰᠡᠳᠬᠢᠯ ᠤᠨ ᠲᠠᠷᠢᠶᠠᠨ ᠭᠠᠵᠠᠷ︾ ᠲᠤ ᠣᠷᠣᠭᠤᠯᠪᠠ᠃ | ᠣᠶᠢᠷ᠎ᠠ ᠳᠤ᠂ ᠬᠤᠸᠠᠳᠧ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠥᠩ ᠯᠠ ᠬᠤᠳᠳᠤᠭ | ᠬᠠᠤᠯᠢ ᠴᠠᠭᠠᠵᠠ ᠶᠢᠨ ᠰᠠᠯᠪᠤᠷᠢ ᠬᠠᠤᠯᠢ ᠴᠠᠭᠠᠵᠠ ᠶᠢᠨ ᠲᠣᠪᠴᠢᠶ᠎ᠠ ᠶᠢᠨ ᠤᠬᠠᠭᠤᠯᠭ᠎ᠠ ᠬᠥᠮᠦᠵᠢᠯ᠂ ᠠᠷᠠᠳ | ᠲᠦᠮᠡᠨ ᠤ ᠬᠠᠤᠯᠢ ᠪᠠᠷ ᠵᠠᠰᠠᠬᠤ ᠲᠠᠰᠤᠭ ᠲᠠᠢ ᠬᠠᠮᠲᠤᠷᠠᠨ ᠬᠥᠩ ᠯᠠ ᠬᠤᠳᠳᠤᠭ ᠰᠢᠶᠠᠩ ᠳᠤ ᠲᠦᠷᠢᠨ | ᠣᠷᠣᠵᠤ ᠢᠷᠡᠬᠦ᠂ ᠬᠤᠶᠠᠷ ᠬᠤᠳᠳᠤᠭ ᠵᠡᠷᠭᠡ ᠬᠥᠳᠡᠭᠡ ᠲᠣᠰᠬᠤᠨ ᠳᠤ ᠭᠦᠨᠵᠡᠭᠡᠶᠢᠷᠡᠨ ︽︿ᠲᠤᠯᠢ﹀ ᠶᠢ ᠬᠥᠳᠡᠭᠡ | ᠲᠣᠰᠬᠤᠨ ᠳᠤ ᠬᠦᠷᠭᠡᠬᠦ᠂ ᠬᠠᠤᠯᠢ ᠪᠠᠷ ᠵᠠᠰᠠᠬᠤ ᠶᠢ ᠬᠠᠮᠠᠭᠠᠯᠠᠨ ᠬᠥᠭᠵᠢᠯᠲᠡ ᠶᠢ ᠠᠬᠢᠭᠤᠯᠬᠤ︾ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠪᠡ᠃ | | ᠠᠵᠢᠯᠯᠠᠭ᠎ᠠ ᠨᠢ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠰᠠᠭᠤᠨ | ᠯᠠᠪᠯᠠᠬᠤ ᠲᠠᠪᠴᠠᠩ ᠭᠠᠷᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠥᠷᠨᠢᠭᠦᠯᠵᠦ᠂ ᠶᠡᠭᠡ ᠬᠡᠮᠵᠢᠶᠡᠨ ᠤ | ᠲᠣᠰᠬᠤᠨ ᠤ ᠠᠷᠠᠳ ᠤᠨ ᠠᠩᠬᠠᠷᠤᠯ ᠢ ᠲᠠᠲᠠᠪᠠ᠃ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠳᠥᠭᠦᠮ | ᠣᠶᠢᠯᠠᠭᠠᠮᠵᠢᠲᠠᠶ ᠦᠭᠡ ᠬᠡᠯᠡ ᠪᠠᠷ ᠣᠯᠠᠨ ᠲᠦᠮᠡᠨ ᠳᠤ ︽ᠨᠢᠭᠡ ᠨᠢᠭᠡ ᠪᠠᠷ ᠨᠢᠭᠤᠷᠳᠠᠨ ᠶᠠᠷᠢᠯᠴᠠᠬᠤ︾ ᠬᠠᠤᠯᠢ | ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ᠂ ᠭᠠᠵᠠᠷ ᠰᠢᠷᠣᠶ ᠶᠢᠨ ᠳᠠᠭᠠᠭᠠᠴᠢᠯᠠᠯᠲᠠ᠂ ᠤᠷᠤᠭ ᠭᠡᠷ | ᠪᠦᠯᠢ᠂ ᠬᠤᠬᠢᠷᠠᠯ ᠤᠨ ᠲᠥᠯᠥᠪᠦᠷᠢ ᠵᠡᠷᠭᠡ ᠵᠥᠷᠢᠴᠡᠯ ᠵᠢᠭᠤᠷᠠᠯᠳᠤᠭᠠᠨ ᠳᠤ ᠬᠤᠯᠪᠣᠭᠳᠠᠭᠰᠠᠨ ᠬᠠᠤᠯᠢ ᠴᠠᠭᠠᠵᠠ ᠶᠢᠨ | ᠠᠰᠠᠭᠤᠳᠠᠯ ᠳᠤ ᠬᠠᠷᠢᠭᠤᠯᠲᠠ ᠥᠭᠴᠦ᠂ ᠠᠷᠠᠳ ᠣᠯᠠᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ | ᠬᠠᠤᠯᠢ ᠰᠤᠷᠴᠤ᠂ ᠤᠴᠢᠷ ᠶᠠᠪᠤᠳᠠᠯ ᠪᠠᠶᠢᠪᠠᠯ ᠬᠠᠤᠯᠢ ᠶᠢ ᠡᠷᠢᠵᠦ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ | ᠬᠡᠷᠡᠭᠯᠡᠵᠦ᠂ ᠣᠯᠠᠨ ᠢ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠰᠠᠶᠢᠨ ᠠᠷᠠᠳ ᠢᠷᠭᠡᠨ ᠪᠣᠯᠭᠠᠬᠤ ᠶᠢ | ᠤᠷᠢᠶᠠᠯᠠᠪᠠ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ᠂ ︽ᠢᠷᠭᠡᠨ ᠤ ᠬᠠᠤᠯᠢ ᠶᠢᠨ ᠪᠢᠴᠢᠭ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ | ᠲᠦᠷᠢᠮ︾ ᠵᠡᠷᠭᠡ ᠡᠯ᠎ᠡ ᠲᠥᠷᠥᠯ ᠤᠨ ᠤᠬᠠᠭᠤᠯᠭ᠎ᠠ ᠶᠢᠨ ᠭᠠᠷ ᠳᠡᠪᠲᠡᠷ ᠢ ᠨᠡᠶᠢᠲᠡ 500 ᠭᠠᠷᠤᠶ ᠳᠡᠪᠲᠡᠷ | ᠲᠠᠷᠬᠠᠭᠠᠵᠤ᠂ ᠪᠦᠰ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 200 ᠭᠠᠷᠤᠶ ᠬᠤᠪᠢ ᠲᠠᠷᠬᠠᠭᠠᠵᠤ᠂ ᠣᠯᠠᠨ | ᠲᠦᠮᠡᠨ ᠤ ᠬᠠᠤᠯᠢ ᠴᠠᠭᠠᠵᠠ ᠶᠢᠨ ᠯᠠᠪᠯᠠᠭ᠎ᠠ ᠳᠤ 20 ᠭᠠᠷᠤᠶ ᠤᠳᠠᠭ᠎ᠠ ᠬᠠᠷᠢᠭᠤᠯᠲᠠ ᠥᠭᠪᠡ᠃ ᠲᠣᠰ ᠤᠳᠠᠭᠠᠨ ᠤ | ︽ᠢᠷᠭᠡᠨ ᠤ ᠬᠠᠤᠯᠢ ᠶᠢᠨ ᠪᠢᠴᠢᠭ ᠢ ᠬᠥᠳᠡᠭᠡ ᠲᠣᠰᠬᠤᠨ ᠳᠤ ᠣᠷᠣᠭᠤᠯᠬᠤ︾ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠠᠷᠠᠳ ᠲᠦᠮᠡᠨ ᠤ ᠢᠷᠭᠡᠨ ᠤ ᠬᠠᠤᠯᠢ ᠶᠢᠨ | ᠪᠢᠴᠢᠭ ᠤᠨ ᠲᠤᠬᠠᠶ ᠣᠶᠢᠯᠠᠭᠠᠯᠲᠠ ᠶᠢ ᠴᠢᠩᠭᠠᠳᠬᠠᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠣᠯᠠᠨ ᠲᠦᠮᠡᠨ ᠤ ᠳᠡᠷᠭᠡᠳᠡ ᠬᠦᠷᠴᠦ᠂ ᠣᠯᠠᠨ ᠲᠦᠮᠡᠨ ᠤ ᠰᠡᠳᠬᠢᠯ ᠳᠤ ᠣᠷᠣᠵᠤ ᠠᠵᠢᠯ ᠢᠶᠠᠨ | ᠠᠬᠢᠭᠤᠯᠬᠤ ᠶᠢ ᠲᠦᠷᠭᠡᠳᠬᠡᠪᠡ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ᠂ ︽ᠢᠷᠭᠡᠨ ᠤ ᠬᠠᠤᠯᠢ ᠶᠢᠨ ᠪᠢᠴᠢᠭ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ | ᠲᠦᠷᠢᠮ︾ ᠵᠡᠷᠭᠡ ᠡᠯ᠎ᠡ ᠲᠥᠷᠥᠯ ᠤᠨ ᠤᠬᠠᠭᠤᠯᠭ᠎ᠠ ᠶᠢᠨ ᠭᠠᠷ ᠳᠡᠪᠲᠡᠷ ᠢ ᠨᠡᠶᠢᠲᠡ 500 ᠭᠠᠷᠤᠶ ᠳᠡᠪᠲᠡᠷ | ᠲᠠᠷᠬᠠᠭᠠᠵᠤ᠂ ᠪᠦᠰ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 200 ᠭᠠᠷᠤᠶ ᠬᠤᠪᠢ ᠲᠠᠷᠬᠠᠭᠠᠵᠤ᠂ ᠣᠯᠠᠨ | ᠲᠦᠮᠡᠨ ᠤ ᠬᠠᠤᠯᠢ ᠴᠠᠭᠠᠵᠠ ᠶᠢᠨ ᠯᠠᠪᠯᠠᠭ᠎ᠠ ᠳᠤ 20 ᠭᠠᠷᠤᠶ ᠤᠳᠠᠭ᠎ᠠ ᠬᠠᠷᠢᠭᠤᠯᠲᠠ ᠥᠭᠪᠡ᠃ ᠲᠣᠰ ᠤᠳᠠᠭᠠᠨ ᠤ | ︽ᠢᠷᠭᠡᠨ ᠤ ᠬᠠᠤᠯᠢ ᠶᠢᠨ ᠪᠢᠴᠢᠭ ᠢ ᠬᠥᠳᠡᠭᠡ ᠲᠣᠰᠬᠤᠨ ᠳᠤ ᠣᠷᠣᠭᠤᠯᠬᠤ︾ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠠᠷᠠᠳ ᠲᠦᠮᠡᠨ ᠤ ᠢᠷᠭᠡᠨ ᠤ ᠬᠠᠤᠯᠢ ᠶᠢᠨ | ᠪᠢᠴᠢᠭ ᠤᠨ ᠲᠤᠬᠠᠶ ᠣᠶᠢᠯᠠᠭᠠᠯᠲᠠ ᠶᠢ ᠴᠢᠩᠭᠠᠳᠬᠠᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠣᠯᠠᠨ ᠲᠦᠮᠡᠨ ᠤ ᠳᠡᠷᠭᠡᠳᠡ ᠬᠦᠷᠴᠦ᠂ ᠣᠯᠠᠨ ᠲᠦᠮᠡᠨ ᠤ ᠰᠡᠳᠬᠢᠯ ᠳᠤ ᠣᠷᠣᠵᠤ ᠠᠵᠢᠯ ᠢᠶᠠᠨ | ᠠᠬᠢᠭᠤᠯᠬᠤ ᠶᠢ ᠲᠦᠷᠭᠡᠳᠬᠡᠪᠡ᠃ | | ᠬᠤᠸᠠᠳᠧ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠥᠩ ᠯᠠ ᠬᠤᠳᠳᠤᠭ ᠬᠠᠤᠯᠢ | ᠴᠠᠭᠠᠵᠠ ᠶᠢᠨ ᠰᠠᠯᠪᠤᠷᠢ ︽ᠰᠠᠶᠢᠨ ᠰᠠᠶᠢᠬᠠᠨ ᠠᠮᠢᠳᠤᠷᠠᠯ ᠢᠷᠭᠡᠨ ᠤ ᠬᠠᠤᠯᠢ ᠶᠢᠨ ᠪᠢᠴᠢᠭ ᠢ | ᠤᠶᠠᠯᠳᠤᠭᠤᠯᠬᠤ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠥᠷᠢᠴᠡᠯ ᠵᠢᠭᠤᠷᠠᠯᠳᠤᠭᠠᠨ ᠢ | ᠣᠯᠠᠨ ᠡᠰᠢᠵᠢᠭᠦᠯᠦᠨ ᠰᠢᠢᠳᠪᠦᠷᠢᠯᠡᠬᠦ ᠲᠦᠷᠢᠮ︾ ᠤᠨ ᠰᠤᠷᠤᠯᠴᠠᠯᠭ᠎ᠠ ᠤᠬᠠᠭᠤᠯᠭ᠎ᠠ ᠵᠡᠷᠭᠡ ᠪᠠᠷ ᠭᠤᠤᠯ ᠰᠡᠳᠦᠪ | ᠪᠣᠯᠭᠠᠭᠰᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ | ᠦᠷᠭᠦᠯᠵᠢᠯᠡᠨ ᠠᠬᠢᠭᠤᠯᠵᠤ᠂ ᠪᠥᠬᠦ ᠰᠢᠶᠠᠨ ᠳᠤ ᠪᠥᠬᠦ ᠠᠷᠠᠳ ᠢᠶᠠᠷ ᠢᠶᠠᠨ ︽ᠬᠠᠤᠯᠢ ᠶᠢ ᠬᠦᠨᠳᠦᠳᠬᠡᠬᠦ᠂ ᠬᠠᠤᠯᠢ ᠶᠢ | ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ︾ ᠬᠠᠤᠯᠢ ᠪᠠᠷ ᠵᠠᠰᠠᠬᠤ ᠭᠦᠨ ᠵᠤᠵᠠᠭᠠᠨ ᠠᠭᠤᠷ | ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠬᠠᠤᠯᠢ | ᠴᠠᠭᠠᠵᠠ ᠪᠠᠷ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ | ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠢ ᠠᠬᠢᠭᠤᠯᠬᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ | ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ | ᠰᠠᠶᠢᠨ ᠰᠠᠶᠢᠬᠠᠨ ᠬᠡᠷ ᠣᠷᠣᠨ ᠢ ᠪᠥᠲᠥᠭᠡᠨ ᠪᠠᠶᠢᠭᠤᠯᠤᠨ᠎ᠠ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠠᠩᠭ᠎ᠠ | |