ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ | ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠡᠩᠨᠡᠭᠡᠨ ᠤ ᠰᠣᠶᠣᠯ ᠤᠨ ᠪᠠᠶᠢᠭᠤᠯᠤᠯᠲᠠ ᠶᠢ | ᠪᠠᠶᠠᠯᠢᠭᠵᠢᠭᠤᠯᠤᠨ᠂ ᠴᠡᠷᠢᠭ ᠠᠷᠠᠳ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠴᠡᠷᠢᠭ ᠢᠶᠠᠨ ᠬᠦᠷᠢᠶᠡᠯᠡᠨ ᠬᠡᠷ | ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢ | ᠪᠠᠳᠠᠷᠠᠭᠤᠯᠬᠤ ᠶᠢᠨ ᠲᠥᠯᠥᠭᠡ ᠶᠤᠮ᠃ 5 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ ᠰᠢᠶᠠᠨ ᠤ ᠤᠯᠠᠭᠠᠨᠮᠥ᠋ᠴᠢᠷ᠂ ᠰᠢᠶᠠᠨ ᠤ ᠪᠣᠯᠪᠠᠰᠤᠨ ᠤ ᠦᠢᠯᠡᠳᠦᠯᠭᠡ ᠶᠢᠨ ᠲᠥᠪ ᠢ | ᠵᠣᠬᠢᠴᠠᠭᠤᠯᠤᠨ ᠵᠣᠬᠢᠶᠠᠨ ᠪᠠᠶᠢᠭᠤᠯᠵᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ | ᠬᠦᠷᠴᠦ ᠤᠯᠠᠭᠠᠨᠮᠥ᠋ᠴᠢᠷ ᠤᠨ ︽ᠪᠠᠶᠠᠷ ᠪᠠᠶᠠᠰᠤᠯ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ | ᠦᠢᠯᠡᠴᠢᠯᠡᠭᠡᠨ ᠤ ᠲᠣᠭᠯᠠᠯᠲᠠ ᠵᠢᠴᠢ 2024 ᠣᠨ ᠤ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠤᠨ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠶᠢ ᠴᠡᠷᠢᠭ ᠤᠨ ᠬᠤᠸᠠᠷᠠᠨ ᠳᠤ ᠣᠷᠣᠭᠤᠯᠬᠤ ᠠᠵᠢᠯᠯᠠᠭ᠎ᠠ | ᠥᠷᠨᠢᠭᠦᠯᠪᠡ᠃ | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠥᠵᠢᠭ ︽ᠰᠣᠭᠲᠣᠭᠤ ᠨᠤᠲᠤᠭ︾ ᠭᠡᠬᠦ ᠳᠠᠭᠤᠤ ᠬᠥᠭᠵᠢᠮ ᠤᠨ | ᠴᠤᠤᠷᠢᠶᠠᠲᠤᠬᠤ ᠶᠢ ᠳᠠᠭᠠᠯᠳᠤᠨ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠠᠭᠠᠵᠢᠮ ᠢᠶᠠᠷ ᠬᠦᠷ | ᠬᠥᠭᠵᠢᠶᠡᠨ ᠲᠠᠢ ᠪᠤᠯᠵᠤ᠂ ︽ᠮᠣᠷᠢ ᠤᠷᠤᠯᠳᠤᠬᠤ︾ ᠬᠦᠭ ᠠᠶᠠᠰ ᠢ ᠬᠠᠩᠭᠢᠨᠠᠭᠤᠯᠵᠤ᠂ ᠬᠥᠮᠦᠰ ᠤᠨ ᠰᠡᠳᠬᠢᠯ ᠢ | ᠳᠣᠭᠳᠣᠯᠤᠭᠤᠯᠤᠨ᠂ ᠡᠷᠡᠭᠲᠡᠶ ᠡᠮᠡᠭᠲᠡᠢ ᠶᠢᠨ ᠭᠤᠴᠣᠯᠠᠯ ᠳᠠᠭᠤᠤ ︽ᠤᠯᠤᠰ ᠤᠨ ᠲᠤᠭ ᠤᠨ ᠳᠣᠣᠷ᠎ᠠ︾᠂ ︽ | ᠮᠤᠨᠢ ᠠᠭᠤᠯᠠ︾᠂ ︽ᠬᠥᠮᠦᠨ ᠤ ᠶᠢᠷᠲᠢᠨᠴᠦ ᠶᠢᠨ ᠭᠠᠯ ᠫᠤᠤ︾ ᠵᠡᠷᠭᠡ ᠲᠣᠭᠯᠠᠯᠲᠠ ᠵᠠᠯᠭᠠᠭ᠎ᠠ ᠪᠠᠷ | ᠲᠣᠭᠯᠠᠵᠤ᠂ ᠠᠩᠭᠢ ᠶᠢᠨ ᠭᠡᠰᠢᠭᠦᠳ ᠳᠠᠭᠤᠯᠠᠨ ᠳᠠᠭᠤᠯᠠᠭᠰᠠᠨ ᠲᠣᠭᠯᠠᠯᠲᠠ ᠨᠢ ᠡᠬᠡ ᠤᠯᠤᠰ ᠢᠶᠠᠨ ᠬᠢᠵᠠᠭᠠᠯᠠᠰᠢ | ᠦᠭᠡᠢ ᠬᠠᠶᠢᠷᠠᠯᠠᠬᠤ ᠪᠠ ᠭᠠᠯ ᠤᠨᠲᠠᠷᠠᠭᠠᠭᠴᠢ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠬᠤ ᠪᠠᠨ | ᠢᠯᠡᠳᠬᠡᠪᠡ᠃ | ᠠᠵᠢᠯᠯᠠᠭ᠎ᠠ ᠶᠢᠨ ᠵᠠᠪᠰᠠᠷᠯᠠᠭ᠎ᠠ ᠪᠠᠷ᠂ ᠰᠢᠶᠠᠨ ᠤ ᠪᠣᠯᠪᠠᠰᠤᠨ ᠤ ᠦᠢᠯᠡᠳᠦᠯᠭᠡ ᠶᠢᠨ ᠲᠥᠪ ᠪᠠᠰᠠ ᠶᠡᠷᠦᠩᠬᠡᠢ | ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠭᠦᠨᠵᠡᠭᠡᠢ ᠠᠭᠤᠯᠤᠭᠳᠠᠬᠤᠨ᠂ ᠣᠳᠣᠬᠠᠨ ᠤ | ᠳᠤᠮᠳᠠᠳᠤ ᠤᠯᠤᠰ ᠲᠤ ᠲᠤᠯᠭᠠᠷᠠᠵᠤ ᠪᠠᠶᠢᠭ᠎ᠠ ᠤᠯᠤᠰ ᠤᠨ ᠠᠮᠤᠷ ᠲᠦᠪᠰᠢᠨ ᠤ ᠪᠠᠶᠢᠳᠠᠯ᠂ ᠤᠯᠤᠰ ᠤᠨ ᠠᠮᠤᠷ | ᠲᠦᠪᠰᠢᠨ ᠤ ᠰᠢᠰᠲ᠋ᠧᠮ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ ᠭᠤᠷᠪᠠᠨ ᠲᠠᠯ᠎ᠠ ᠠᠴᠠ ᠪᠦᠬᠦ | ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠨᠤᠯ ᠤᠨ ᠤᠬᠠᠭᠤᠯᠤᠨ ᠲᠠᠶᠢᠯᠪᠤᠷᠢᠯᠠᠯᠲᠠ | ᠬᠢᠵᠦ᠂ ᠰᠢᠶᠠᠨ ᠤ ᠭᠠᠯ ᠤᠨᠲᠠᠷᠠᠭᠠᠬᠤ ᠠᠩᠭᠢ ᠶᠢᠨ ᠭᠡᠰᠢᠭᠦᠳ ᠢ ᠬᠦᠳᠦᠯᠦᠨ ᠵᠢᠯᠣᠭᠤᠳᠴᠤ ᠬᠦᠰᠡᠯᠡᠩ ᠢᠲᠡᠭᠡᠯ | ᠪᠢᠰᠢᠷᠡᠯ ᠢ ᠨᠢ ᠪᠠᠲᠤᠳᠬᠠᠵᠤ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠵᠤ᠂ | ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠬᠥᠭᠵᠢᠭᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠤᠬᠠᠮᠰᠠᠷ ᠪᠣᠯᠣᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠪᠠ᠃ | ᠲᠣᠰ ᠤᠳᠠᠭᠠᠨ ᠤ ᠲᠣᠭᠯᠠᠯᠲᠠ ᠨᠢ ᠭᠠᠯ ᠤᠨᠲᠠᠷᠠᠭᠠᠭᠴᠢ ᠶᠢᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠴᠡᠷᠢᠭ ᠠᠷᠠᠳ ᠤᠨ ᠵᠢᠭᠠᠰᠤ ᠤᠰᠤᠨ ᠤ ᠭᠦᠨ ᠰᠡᠳᠬᠢᠯᠭᠡ ᠶᠢ | ᠳᠠᠮᠵᠢᠭᠤᠯᠵᠠᠶ᠃ ᠰᠡᠳᠬᠢᠯ ᠬᠥᠳᠡᠯᠭᠡᠮ᠎ᠡ ᠳᠠᠭᠤᠤ ᠨᠤᠭᠤᠳ᠂ ᠪᠠᠶᠠᠷ ᠪᠠᠶᠠᠰᠬᠤᠯᠠᠩᠲᠤ ᠪᠥᠵᠢᠭ ᠤᠳ ᠢᠶᠠᠷ ᠰᠡᠳᠬᠢᠯ | ᠬᠥᠳᠡᠯᠭᠡᠮ᠎ᠡ ᠦᠵᠡᠭᠳᠡᠯ ᠤᠳ ᠢᠯᠡᠷᠡᠨ᠎ᠡ᠃ ᠭᠤᠶᠢᠳᠠ ᠰᠠᠶᠢᠬᠠᠨ ᠲᠣᠭᠯᠠᠯᠲᠠ ᠨᠢ ᠭᠠᠯ ᠤᠨᠲᠠᠷᠠᠭᠠᠬᠤ ᠠᠵᠢᠯᠲᠠᠳ ᠤᠨ | ᠬᠠᠯᠠᠭᠤᠨ ᠠᠯᠠᠭ᠎ᠠ ᠲᠠᠰᠢᠯᠳᠠ ᠶᠢ ᠤᠯᠪᠠ᠃ | ᠳᠠᠷᠠᠭᠠᠴᠢ ᠶᠢᠨ ᠠᠯᠬᠤᠮ ᠳᠤ᠂ ᠬᠤᠸᠠᠳᠧ ᠰᠢᠶᠠᠨ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ | ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ | ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ︽ᠬᠤᠶᠠᠷ ᠢ ᠬᠦᠷᠢᠶᠡᠯᠡᠬᠦ︾ | ᠲᠦᠷᠦᠯ ᠤᠨ ᠤᠷᠠᠨ ᠰᠠᠶᠢᠬᠠᠨ ᠤ ᠲᠣᠭᠯᠠᠯᠲᠠ ᠶᠢ ᠢᠳᠡᠪᠬᠢᠲᠡᠢ ᠨᠠᠶᠢᠷᠠᠭᠤᠯᠤᠨ ᠵᠣᠬᠢᠶᠠᠵᠤ᠂ ᠤᠯᠠᠭᠠᠨᠮᠥ᠋ᠴᠢᠷ ᠤᠨ | ᠴᠡᠷᠢᠭ ᠤᠨ ᠬᠤᠸᠠᠷᠠᠨ ᠳᠤ ᠣᠷᠣᠬᠤ ᠭᠤᠣᠯ ᠰᠡᠳᠦᠪᠲᠦ ᠤᠬᠠᠭᠤᠯᠭ᠎ᠠ ᠲᠣᠭᠯᠠᠯᠲᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠰᠢᠨ᠎ᠡ ᠴᠠᠭ ᠦᠶ᠎ᠡ ᠶᠢᠨ ᠴᠡᠷᠢᠭ ᠠᠷᠠᠳ ᠤᠨ ᠵᠢᠭᠠᠰᠤ ᠤᠰᠤᠨ ᠤ | ᠭᠦᠨ ᠵᠤᠵᠠᠭᠠᠨ ᠮᠠᠭᠲᠠᠭᠠᠯ ᠳᠠᠭᠤᠤ ᠶᠢ ᠬᠠᠮᠲᠤ ᠪᠠᠷ ᠪᠢᠴᠢᠭᠯᠡᠬᠦ ᠪᠣᠯᠤᠨ᠎ᠠ᠃ | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠠᠩᠭ᠎ᠠ | |