ᠮᠠᠨ ᠤ ᠰᠢᠶᠠᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/5

    ᠮᠠᠨ ᠤ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠵᠢᠴᠢ ᠡᠯ᠎ᠡ ᠡᠮᠴᠢᠯᠡᠭᠡᠨ ᠤ

ᠪᠠᠶᠢᠭᠤᠯᠤᠮᠵᠢ ᠶᠢᠨ ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠤᠨ ᠭᠡᠨᠡᠳᠲᠡ ᠶᠢᠨ ᠬᠡᠷᠡᠭ ᠢ ᠶᠡᠷᠦᠩᠬᠡᠶᠢᠯᠡᠨ

ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ 4 ᠰᠠᠷ᠎ᠠ ᠶᠢᠨ

26 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠴᠢ ᠬᠤᠤ

ᠪᠠᠯᠭᠠᠰᠤᠨ ᠤ ᠬᠤᠯᠤᠭᠠᠨ᠎ᠠ ᠶᠢᠨ ᠬᠢᠵᠢᠭ ᠤᠨ ᠲᠣᠭᠲᠠᠮᠠᠯ ᠬᠢᠨᠠᠨ ᠬᠡᠮᠵᠢᠬᠦ ᠴᠡᠭ ᠲᠤ ᠬᠤᠯᠤᠭᠠᠨ᠎ᠠ ᠶᠢᠨ ᠬᠢᠵᠢᠭ ᠢ

ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ

ᠳᠡᠳ᠋ ᠱᠦᠵᠢ᠂ ᠰᠢᠶᠠᠨ ᠤ ᠵᠠᠰᠠᠭ ᠤᠨ ᠣᠷᠳᠣᠨ ᠤ ᠳᠠᠷᠤᠭ᠎ᠠ ᠳ᠋ᠢᠶᠣᠣ ᠴᠦᠨ ᠬᠠᠢ ᠠᠵᠢᠯᠯᠠᠭ᠎ᠠ ᠳᠤ ᠣᠷᠣᠯᠴᠠᠵᠠᠢ᠃

1714305810152095184.png

    

    ᠲᠣᠰ ᠤᠳᠠᠭᠠᠨ ᠤ ᠰᠣᠷᠢᠯᠲᠠ ᠳᠤ ᠡᠪᠡᠳᠴᠢᠨ ᠤ ᠵᠢᠱᠢᠶ᠎ᠡ ᠶᠢ ᠢᠯᠡᠷᠡᠭᠦᠯᠦᠭᠰᠡᠨ ᠪᠠ ᠮᠡᠳᠡᠭᠦᠯᠬᠦ᠂ ᠪᠠᠴᠢᠮ

ᠪᠠᠶᠢᠳᠠᠯ ᠢ ᠠᠷᠭᠠᠴᠠᠬᠤ ᠶᠢ ᠴᠤᠤᠷᠢᠶᠠᠲᠤᠨ ᠳᠠᠭᠠᠬᠤ᠂ ᠬᠢᠵᠢᠭᠲᠦ ᠣᠷᠣᠨ ᠤ ᠠᠷᠢᠭᠤᠳᠬᠠᠭᠰᠠᠨ ᠪᠥᠭᠡᠰᠦ ᠶᠢ

ᠤᠰᠠᠳᠬᠠᠬᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠲᠤᠷᠰᠢᠯᠲᠠ ᠶᠢᠨ ᠲᠠᠰᠤᠭ ᠤᠨ ᠮᠠᠲ᠋ᠧᠷᠢᠶᠠᠯ

ᠠᠪᠬᠤ᠂ ᠡᠮ ᠡᠮᠨᠡᠯᠭᠡ ᠶᠢᠨ ᠠᠪᠤᠷᠠᠨ ᠵᠠᠰᠠᠬᠤ᠂ ᠡᠴᠦᠰ ᠤᠨ ᠰᠢᠢᠳᠪᠦᠷᠢᠯᠡᠯᠲᠡ ᠵᠡᠷᠭᠡ

ᠡᠯ᠎ᠡ ᠭᠤᠭᠴᠤᠭ᠎ᠠ ᠠᠴᠠ ᠰᠢᠰᠲ᠋ᠧᠮ ᠲᠠᠢ ᠪᠥᠬᠦ ᠲᠠᠯ᠎ᠠ ᠶᠢᠨ ᠰᠣᠷᠢᠯᠲᠠ ᠬᠢᠵᠡᠶ᠃

    ᠳ᠋ᠢᠶᠣᠤ ᠴᠦᠨ ᠬᠠᠶ ᠲᠣᠰ ᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠳᠤ ᠦᠨᠡᠯᠡᠯᠲᠡ ᠬᠢᠭᠰᠡᠨ

ᠪᠥᠭᠡᠳ ᠣᠳᠣᠬᠠᠨ ᠤ ᠪᠥᠬᠦ ᠰᠢᠶᠠᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢ ᠵᠠᠳᠠᠯᠤᠨ

ᠰᠤᠳᠤᠯᠵᠤ ᠮᠠᠭᠠᠳᠯᠠᠭᠰᠠᠨ ᠪᠠᠶᠢᠨ᠎ᠠ᠃ ᠲᠡᠷᠡ ᠴᠢᠬᠤᠯᠠᠴᠢᠯᠠᠭᠰᠠᠨ ᠨᠢ᠂ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ

ᠭᠠᠵᠠᠷ ᠪᠦᠬᠦ ᠰᠢᠶᠠᠨ ᠤ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠠᠵᠢᠯ ᠢ ᠡᠭᠦᠷᠭᠡᠯᠡᠵᠦ᠂ ᠬᠤᠶᠢᠰᠢᠳᠠ ᠶᠢᠨ

ᠠᠵᠢᠯ ᠤᠨ ᠳᠤᠮᠳᠠ ᠪᠠᠨ ᠬᠢᠵᠢᠭ ᠤᠨ ᠪᠠᠶᠢᠳᠠᠯ ᠢ ᠴᠠᠭ ᠲᠤᠬᠠᠶ ᠳᠤᠨᠢ᠂ ᠲᠦᠷᠭᠡᠨ᠂ ᠣᠨᠣᠪᠴᠢᠲᠠᠶ ᠬᠢᠨᠠᠨ ᠬᠡᠮᠵᠢᠬᠦ

ᠪᠠ ᠪᠠᠶᠢᠴᠠᠭᠠᠨ ᠬᠡᠮᠵᠢᠵᠦ᠂ ᠬᠤᠯᠤᠭᠠᠨ᠎ᠠ ᠶᠢᠨ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠳᠡᠯᠭᠡᠷᠡᠬᠦ ᠪᠠᠶᠢᠳᠠᠯ ᠢ

ᠡᠵᠡᠮᠰᠢᠬᠦ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ

ᠡᠵᠡᠮᠳᠡᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠶᠤᠯ ᠲᠦᠭᠰᠢᠭᠦᠷᠢ ᠶᠢ ᠴᠠᠭ ᠲᠤᠬᠠᠶ ᠳᠤᠨᠢ ᠰᠤᠳᠤᠯᠤᠨ

ᠮᠠᠭᠠᠳᠯᠠᠬᠤ ᠶᠢ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠨᠢᠭᠡᠳᠦᠯᠲᠡᠶ

ᠲᠥᠯᠥᠪᠯᠡᠨ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ

ᠬᠢᠬᠦ ᠬᠡᠷᠡᠭᠲᠡᠶ᠃ ᠰᠣᠷᠢᠯᠲᠠ ᠳᠠᠭᠤᠰᠤᠭᠰᠠᠨ ᠤ ᠳᠠᠷᠠᠭ᠎ᠠ᠂ ᠳ᠋ᠢᠶᠣᠤ ᠴᠦᠨ ᠬᠠᠢ ᠨᠠᠷ ᠪᠠᠰᠠ ᠬᠤᠸᠠᠳᠧ ᠰᠢᠶᠠᠨ ᠤ

ᠬᠤᠯᠤᠭᠠᠨ᠎ᠠ ᠶᠢᠨ ᠬᠢᠵᠢᠭ ᠢ ᠪᠠᠶᠢᠴᠠᠭᠠᠨ ᠬᠡᠮᠵᠢᠬᠦ ᠴᠡᠭ ᠤᠨ ᠲᠤᠷᠰᠢᠯᠲᠠ ᠶᠢᠨ ᠲᠠᠰᠤᠭ ᠢ ᠲᠣᠭᠤᠷᠢᠨ ᠦᠵᠡᠪᠡ᠃

1714351473250043753.jpg

   

    ᠲᠣᠰ ᠤᠳᠠᠭᠠᠨ ᠤ ᠰᠣᠷᠢᠯᠲᠠ ᠪᠠᠷ ᠳᠡᠮᠵᠢᠨ᠂ ᠮᠠᠨ ᠤ ᠰᠢᠶᠠᠨ ᠤ ᠭᠡᠨᠡᠳᠲᠡ ᠶᠢᠨ ᠬᠤᠯᠤᠭᠠᠨ᠎ᠠ ᠶᠢᠨ ᠬᠢᠵᠢᠭ ᠤᠨ

ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠ ᠬᠦᠨᠳᠦ ᠶᠡᠭᠡ ᠬᠠᠯᠳᠠᠪᠤᠷᠢᠲᠤ ᠡᠪᠡᠳᠴᠢᠨ ᠤ

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂

ᠭᠡᠨᠡᠳᠲᠡ ᠶᠢᠨ ᠬᠤᠯᠤᠭᠠᠨ᠎ᠠ ᠶᠢᠨ ᠬᠢᠵᠢᠭ ᠤᠨ ᠪᠠᠶᠢᠳᠠᠯ ᠵᠢᠴᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ

ᠡᠭᠦᠰᠬᠦ ᠦᠶ᠎ᠡ ᠳᠤ ᠪᠠᠴᠢᠮ ᠪᠠᠶᠢᠳᠠᠯ ᠢ ᠠᠷᠭᠠᠴᠠᠬᠤ ᠠᠵᠢᠯ ᠢ ᠴᠠᠭ ᠲᠤᠬᠠᠶ ᠳᠤᠨᠢ᠂ ᠥᠨᠳᠥᠷ ᠪᠦᠲᠦᠮᠵᠢᠲᠡᠶ᠂ ᠡᠮᠬᠢ

ᠵᠢᠷᠤᠮ ᠲᠠᠢ ᠥᠷᠨᠢᠭᠦᠯᠬᠦ ᠶᠢ ᠦᠨᠡᠨ ᠬᠦ ᠪᠠᠲᠤᠯᠠᠪᠠ᠃

    ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠶᠤᠤ ᠵᠧᠨ ᠢᠦᠶ᠂ ᠤᠯᠤᠰ ᠲᠥᠷᠥ ᠶᠢᠨ ᠵᠥᠪᠯᠡᠯᠭᠡᠨ ᠤ

ᠳᠡᠳ᠋ ᠲᠡᠷᠢᠭᠦᠯᠡᠭᠴᠢ ᠯᠢᠦ ᠴᠢᠩ ᠾᠧ ᠵᠢᠴᠢ ᠳᠣᠯᠣᠳᠤᠭᠠᠷ ᠪᠠᠯᠭᠠᠰᠤ᠂ ᠳᠡᠪᠡᠭᠡᠲᠤ ᠰᠢᠶᠠᠩ᠂ ᠭᠦᠩ ᠰᠢ

ᠬᠦ᠋ ᠲᠦᠩ ᠰᠢᠶᠠᠩ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ

ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ

ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠤᠳᠠᠭᠠᠨ ᠤ ᠰᠣᠷᠢᠯᠲᠠ ᠳᠤ ᠣᠷᠣᠯᠴᠠᠪᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠭᠠᠩᠭ᠎ᠠ

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2