ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠤᠤ ᠴᠦᠨ ᠬᠠᠶ ᠪᠠᠶᠢᠭᠠᠯᠢ ᠶᠢᠨ ᠰᠢᠲᠠᠮᠠᠬᠠᠶ ᠬᠡᠶ ᠶᠢᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠬᠤ ᠲᠤᠬᠠᠶ ᠶᠢᠨ ᠲᠠᠯᠠᠪᠤᠷ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/6

    ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠡᠷᠡᠰ ᠪᠠᠲᠤ ᠪᠣᠶ

ᠪᠣᠯᠭᠠᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠦᠨᠡᠨ ᠬᠦ ᠠᠷᠢᠯᠭᠠᠵᠤ᠂ ᠠᠵᠢᠯᠯᠠᠭᠠᠨ ᠤ

ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠃ 4 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ

ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠤᠤ ᠴᠦᠨ ᠬᠠᠶ ᠪᠠᠶᠢᠭᠠᠯᠢ ᠶᠢᠨ

ᠰᠢᠲᠠᠮᠠᠬᠠᠶ ᠬᠡᠶ ᠶᠢᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠬᠤ ᠲᠤᠬᠠᠶ ᠶᠢᠨ ᠲᠠᠯᠠᠪᠤᠷ ᠤᠨ ᠬᠤᠷᠠᠯ ᠢ ᠡᠷᠭᠢᠯᠡᠨ

ᠬᠤᠷᠠᠯᠳᠤᠭᠤᠯᠪᠠ᠃

    ᠲᠤᠬᠠᠶ ᠶᠢᠨ ᠲᠠᠯᠠᠪᠠᠶ ᠶᠢᠨ ᠬᠤᠷᠠᠯ ᠳᠡᠭᠡᠷ᠎ᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ

ᠪᠠᠶᠢᠭᠤᠯᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠲᠣᠰ ᠤᠳᠠᠭᠠᠨ ᠤ ᠠᠵᠢᠯᠯᠠᠭ᠎ᠠ ᠶᠢᠨ ᠠᠮᠤᠷ ᠲᠦᠪᠰᠢᠨ ᠤ

ᠪᠠᠶᠢᠴᠠᠭᠠᠯᠲᠠ ᠶᠢᠨ ᠠᠭᠤᠯᠭ᠎ᠠ᠂ ᠬᠡᠪᠴᠢᠶ᠎ᠡ᠂ ᠠᠯᠬᠤᠮ ᠳᠠᠷᠠᠭ᠎ᠠ᠂ ᠬᠡᠷᠡᠭᠵᠢᠭᠦᠯᠬᠦ ᠲᠥᠰᠦᠯ ᠢ ᠤᠬᠠᠭᠤᠯᠤᠨ

ᠲᠠᠶᠢᠯᠪᠤᠷᠢᠯᠠᠪᠠ᠃

    ᠳ᠋ᠢᠶᠤᠤ ᠴᠦᠨ ᠬᠠᠶ ᠪᠠᠶᠢᠭᠠᠯᠢ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ

ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠲᠤᠬᠠᠶ ᠵᠢᠭᠠᠵᠤ ᠭᠠᠷᠭᠠᠭᠰᠠᠨ ᠨᠢ᠂ ᠰᠢᠲᠠᠮᠠᠬᠠᠶ ᠬᠡᠶ ᠶᠢᠨ

ᠠᠮᠤᠷ ᠲᠦᠪᠰᠢᠨ ᠨᠢ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠠᠵᠤ ᠠᠬᠤᠶ ᠶᠢᠨ

ᠬᠥᠭᠵᠢᠯᠲᠡ ᠪᠠ ᠨᠡᠶᠢᠭᠡᠮ ᠤᠨ ᠲᠣᠭᠲᠠᠭᠤᠨ ᠲᠠᠢ ᠬᠤᠯᠪᠣᠭᠳᠠᠵᠤ ᠪᠠᠶᠢᠳᠠᠭ᠃ ᠡᠯ᠎ᠡ ᠬᠠᠮᠢᠶ᠎ᠠ ᠪᠥᠬᠦᠶ ᠨᠢᠭᠡᠴᠡ᠂

ᠬᠠᠷᠢᠶ᠎ᠠ ᠭᠠᠵᠠᠷ ᠤᠨ ᠰᠢᠶᠠᠩ ᠪᠠᠯᠭᠠᠰᠤ ᠵᠢᠴᠢ ᠠᠵᠤ ᠠᠬᠤᠶᠢᠯᠠᠯ ᠤᠳ ᠣᠶᠢᠷ᠎ᠠ ᠶᠢᠨ ᠬᠤᠭᠤᠴᠠᠭᠠᠨ ᠤ ᠡᠯ᠎ᠡ

ᠲᠥᠷᠥᠯ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠰᠢᠲᠠᠮᠠᠬᠠᠶ

ᠬᠡᠶ ᠶᠢᠨ ᠠᠮᠤᠷ ᠲᠦᠪᠰᠢᠨ ᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠮᠤᠷ ᠲᠦᠪᠰᠢᠨ ᠤ ᠳᠠᠯᠳᠠ

ᠬᠡᠮ ᠢ ᠲᠦᠢᠯᠪᠤᠷᠢᠲᠠᠶ ᠵᠢᠭᠰᠠᠭᠠᠨ ᠪᠠᠶᠢᠴᠠᠭᠠᠬᠤ ᠬᠡᠷᠡᠭᠲᠡᠶ᠃ ᠲᠣᠰ ᠤᠳᠠᠭᠠᠨ ᠤ ᠲᠤᠰᠬᠠᠶ ᠠᠵᠢᠯᠯᠠᠭ᠎ᠠ ᠪᠠᠷ

ᠡᠬᠢᠯᠡᠯᠲᠡ ᠪᠣᠯᠭᠠᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠬᠤ ᠠᠵᠢᠯ ᠢ

ᠪᠠᠶᠢᠩᠭᠤᠵᠢᠭᠤᠯᠵᠤ᠂ ᠵᠢᠭᠰᠠᠭᠠᠨ ᠪᠠᠶᠢᠴᠠᠭᠠᠬᠤ ᠳᠤ ᠰᠢᠮᠳᠠᠭᠤᠯᠤᠨ᠂ ᠵᠢᠭᠰᠠᠭᠠᠨ ᠪᠠᠶᠢᠴᠠᠭᠠᠬᠤ ᠳᠤ ᠴᠢᠳᠠᠮᠠᠭᠠᠶ

ᠪᠠᠶᠢᠵᠤ᠂ ᠰᠢᠲᠠᠮᠠᠬᠠᠶ ᠬᠡᠶ ᠶᠢᠨ ᠲᠦᠭᠰᠢᠭᠦᠷᠢ ᠶᠢ ᠦᠨᠡᠨᠬᠦ ᠰᠡᠷᠭᠡᠶᠢᠯᠡᠵᠦ᠂ ᠪᠥᠬᠦ ᠰᠢᠶᠠᠨ ᠤ ᠰᠢᠲᠠᠮᠠᠬᠠᠶ ᠬᠡᠶ ᠶᠢᠨ

ᠠᠮᠤᠷ ᠲᠦᠪᠰᠢᠨ ᠢᠶᠠᠷ ᠠᠵᠢᠯᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠰᠢᠲᠠᠮᠠᠬᠠᠶ ᠬᠡᠶ ᠶᠢᠨ ᠠᠮᠤᠷ

ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠥᠷᠭᠡᠨ ᠣᠯᠠᠨ ᠰᠠᠭᠤᠭᠠᠯᠢ

ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠠᠮᠤᠷ ᠲᠦᠪᠰᠢᠨ ᠢᠶᠠᠷ ᠬᠡᠶ ᠬᠡᠷᠡᠭᠯᠡᠬᠦ᠂ ᠰᠢᠨᠵᠢᠯᠡᠬᠦ ᠤᠬᠠᠭᠠᠨᠴᠢ ᠪᠠᠷ

ᠬᠡᠶ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠶ᠃

    ᠳ᠋ᠢᠶᠤᠤ ᠴᠦᠨ ᠬᠠᠶ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠳᠠᠭᠠᠭᠤᠯᠤᠨ ᠵᠢᠵᠢᠭ ᠲᠣᠭᠤᠷᠢᠭ ᠤᠨ

ᠰᠠᠭᠤᠭᠠᠯᠢ ᠡᠷᠦᠬᠡ ᠳᠤ ᠭᠦᠨᠵᠡᠭᠡᠶᠢᠷᠡᠵᠦ᠂ ᠲᠤᠬᠠᠶ ᠶᠢᠨ ᠲᠠᠯᠠᠪᠤᠷ ᠲᠤ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ

᠂ ᠰᠢᠲᠠᠮᠠᠬᠠᠶ ᠬᠡᠶ ᠶᠢᠨ ᠵᠤᠤᠬ᠎ᠠ ᠳᠤ ᠠᠮᠤᠷ ᠲᠦᠪᠰᠢᠨ ᠤ ᠪᠠᠶᠢᠴᠠᠭᠠᠯᠲᠠ ᠬᠢᠭᠰᠡᠨ ᠪᠥᠭᠡᠳ ᠵᠢᠵᠢᠭ ᠲᠣᠭᠤᠷᠢᠭ ᠤᠨ

ᠬᠦᠷᠢᠶᠡᠨ ᠳᠠᠬᠢ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠡᠷᠬᠢᠨ ᠲᠣᠭᠤᠷᠢᠨ ᠤ ᠨᠢᠰᠬᠦ ᠱᠤᠭᠤᠮ᠂

ᠪᠠᠷᠢᠯᠭ᠎ᠠ ᠶᠢᠨ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ

ᠡᠷᠬᠢᠨ ᠲᠣᠭᠤᠷᠢᠨ ᠤ ᠲᠦᠷᠢᠮ ᠠᠴᠠ ᠵᠥᠷᠢᠴᠡᠭᠰᠡᠨ ᠪᠠᠷᠢᠯᠭ᠎ᠠ ᠶᠢ ᠲᠤᠬᠠᠶ ᠶᠢᠨ ᠲᠠᠯᠠᠪᠤᠷ ᠲᠤ ᠴᠡᠭᠴᠡᠯᠡᠨ ᠵᠠᠰᠠᠵᠤ

ᠨᠤᠷᠠᠭᠠᠪᠠ᠃

    ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠷᠧᠨ ᠶᠧ ᠵᠢᠴᠢ ᠣᠷᠣᠨ ᠰᠠᠭᠤᠴᠠ ᠪᠠ ᠬᠤᠲᠠ

ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠭᠠᠯ

ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠪᠠᠴᠢᠮ

ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠠᠩᠱᠦ᠋ᠨ ᠪᠠᠯᠭᠠᠰᠤ᠂ ᠨᠡᠶᠢᠭᠡᠮ ᠲᠣᠭᠤᠷᠢᠭ᠂ ᠰᠢᠲᠠᠮᠠᠬᠠᠶ

ᠬᠡᠶ ᠶᠢᠨ ᠺᠣᠮᠫᠠᠨᠢ᠂ ᠠᠳᠠᠯ ᠠᠬᠤᠶ ᠶᠢᠨ ᠺᠣᠮᠫᠠᠨᠢ᠂ ᠴᠢᠮᠡᠭᠡ ᠬᠤᠯᠪᠣᠭᠠᠨ ᠤ ᠺᠣᠮᠫᠠᠨᠢ ᠶᠢᠨ ᠬᠠᠷᠢᠭᠤᠴᠠᠯᠭᠠᠲᠠᠨ

ᠲᠤᠬᠠᠶ ᠶᠢᠨ ᠲᠠᠯᠠᠪᠤᠷ ᠤᠨ ᠬᠤᠷᠠᠯ ᠳᠤ ᠣᠷᠣᠯᠴᠠᠪᠠ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ     

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2