︽ᠤᠢ ᠰᠢᠭᠤᠢ ᠶᠢᠨ ᠳᠠᠷᠤᠭ᠎ᠠ ᠶᠢᠨ ᠳᠦᠷᠢᠮ︾ ᠢ ᠪᠣᠳᠠᠲᠠᠢ ᠠᠳᠬᠤᠵᠤ ︽ᠤᠢ ᠰᠢᠭᠤᠢ ᠶᠢᠨ ᠳᠠᠷᠤᠭ᠎ᠠ ᠶᠢᠨ ᠵᠠᠰᠠᠯᠲᠠ︾ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/5/6

    ᠨᠢᠳᠤᠨᠤᠨ ᠠᠴᠠ ᠨᠠᠰᠢ᠂ ᠬᠤᠸᠠᠳᠧ ᠰᠢᠶᠠᠨ ︽ᠤᠢ ᠰᠢᠭᠤᠢ ᠶᠢᠨ ᠳᠠᠷᠤᠭ᠎ᠠ ᠶᠢᠨ ᠳᠦᠷᠢᠮ︾ ᠢᠶᠠᠷ ᠭᠠᠷᠳᠠᠴᠠ

ᠪᠣᠯᠭᠠᠵᠤ᠂ ︽ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠨᠣᠭᠤᠭᠠᠷᠠᠭᠤᠯᠤᠯᠲᠠ ᠶᠢ ᠬᠦᠴᠦᠷᠬᠡᠭᠵᠢᠭᠦᠯᠬᠦ᠂

ᠨᠣᠭᠤᠭᠠᠷᠠᠭᠤᠯᠤᠯᠲᠠ ᠶᠢ ᠬᠠᠮᠠᠭᠠᠯᠠᠬᠤ᠂ ᠨᠣᠭᠤᠭᠠᠷᠠᠭᠤᠯᠤᠯᠲᠠ ᠶᠢ ᠠᠮᠢᠯᠠᠭᠤᠯᠬᠤ︾ ᠲᠠᠯ᠎ᠠ ᠪᠠᠷ ᠦᠷᠭᠦᠯᠵᠢᠯᠡᠨ

ᠬᠦᠴᠦᠯᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠬᠤᠸᠠᠳᠧ ᠶᠢᠨ ᠤᠢ ᠰᠢᠭᠤᠢ ᠶᠢᠨ

ᠦᠢᠯᠡᠰ ᠤᠨ ᠲᠦᠷᠦᠯ ᠲᠡᠮᠳᠡᠭ ᠢ ᠭᠡᠷᠡᠯᠳᠦᠬᠦᠯᠵᠦ᠂ ︽ᠤᠢ ᠰᠢᠭᠤᠢ ᠶᠢᠨ ᠳᠠᠷᠤᠭ᠎ᠠ ᠶᠢᠨ ᠳᠦᠷᠢᠮ︾ ᠢᠶᠠᠷ ︽ᠤᠢ

ᠰᠢᠭᠤᠢ ᠶᠢᠨ ᠳᠠᠷᠤᠭ᠎ᠠ ᠶᠢᠨ ᠵᠠᠰᠠᠯᠳᠠ︾  ᠶᠢ ᠠᠬᠢᠭᠤᠯᠵᠤ ᠂ ᠬᠤᠸᠠᠳᠧ ᠶᠢᠨ ᠣᠭᠲᠠᠷᠭᠤᠢ ᠶᠢ

ᠨᠡᠩ ᠴᠡᠯᠮᠡᠭ᠂ ᠠᠭᠤᠯᠠ ᠶᠢ ᠨᠡᠩ ᠨᠣᠭᠤᠭᠠᠨ᠂ ᠤᠰᠤ ᠶᠢ ᠨᠡᠩ ᠲᠤᠩᠭᠠᠯᠠᠭ ᠪᠣᠯᠭᠠᠪᠠ᠃

    ︽ᠥᠨᠳᠥᠷ ᠵᠣᠭᠰᠣᠴᠠ︾ ᠶᠢ ᠪᠠᠷᠢᠮᠲᠠᠯᠠᠵᠤ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ

ᠬᠠᠷᠢᠭᠤᠴᠠᠯᠭ᠎ᠠ ᠶᠢ ᠪᠠᠲᠤ ᠡᠭᠦᠷᠭᠡᠯᠡᠨ᠎ᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ

ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ

ᠲᠤᠤᠱᠯᠠᠭᠤᠯᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ

ᠪᠠᠶᠢᠴᠠᠭᠠᠬᠤ ᠦᠶ᠎ᠡ ᠶᠢᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽

ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ

ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ

ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠤᠢ ᠰᠢᠭᠤᠢ ᠶᠢᠨ ᠳᠠᠷᠤᠭ᠎ᠠ ᠶᠢᠨ

ᠳᠦᠷᠢᠮ ᠤᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ

ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ︽

ᠪᠦᠬᠦ ᠲᠠᠯ᠎ᠠ ᠪᠠᠷ ᠪᠠᠶᠢᠭᠤᠯᠬᠤ︾ ᠠᠴᠠ ︽ᠪᠦᠬᠦ ᠲᠠᠯ᠎ᠠ ᠪᠠᠷ ᠦᠷ᠎ᠡ ᠪᠦᠲᠦᠮᠵᠢ ᠭᠠᠷᠭᠠᠬᠤ︾ ᠲᠡᠶᠢᠰᠢ

ᠬᠤᠪᠢᠷᠠᠭᠤᠯᠬᠤ ᠶᠢ ᠪᠡᠶᠡᠯᠡᠭᠦᠯᠦᠨ᠎ᠡ᠃ ᠨᠢᠳᠤᠨᠤᠨ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ

ᠱᠠᠯᠠᠪᠳᠠᠭᠤᠯᠤᠨ ᠪᠠᠶᠢᠴᠠᠭᠠᠵᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠲᠤᠰᠬᠠᠢ ᠴᠡᠭᠴᠡᠯᠡᠨ ᠵᠠᠰᠠᠵᠤ

ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠤᠭᠰᠠᠨ ᠤ ᠬᠠᠮᠲᠤ ᠳ᠋ᠤᠭᠠᠷ ᠢ ᠨᠢ

ᠬᠠᠰᠤᠵᠤ᠂ ᠡᠯᠡᠰᠦᠷᠬᠡᠭᠵᠢᠯ ᠢ ᠵᠠᠰᠠᠭᠰᠠᠨ 6.53 ᠲᠦᠮᠡᠨ ᠮᠦ᠂ ᠤᠢ ᠰᠢᠭᠤᠢ ᠨᠤᠲᠤᠭ ᠪᠡᠯᠴᠢᠭᠡᠷ ᠤᠨ

ᠭᠤᠣᠯᠳᠠᠯᠭ᠎ᠠ ᠲᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ 25.45 ᠲᠦᠮᠡᠨ ᠮᠦ

ᠪᠡᠶᠡᠯᠡᠭᠦᠯᠵᠦ᠂ ︽ᠤᠢ ᠰᠢᠭᠤᠢ ᠶᠢᠨ ᠳᠠᠷᠤᠭ᠎ᠠ ᠶᠢᠨ ᠵᠠᠷᠯᠢᠭ︾ 4 ᠬᠤᠪᠢ ᠭᠠᠷ ᠤᠨ ᠦᠰᠦᠭ ᠵᠢᠷᠤᠵᠤ᠂ ᠡᠯ᠎ᠡ

ᠱᠠᠲᠤᠨ ᠤ ᠤᠢ ᠰᠢᠭᠤᠢ ᠶᠢᠨ ᠳᠠᠷᠤᠭ᠎ᠠ 1000 ᠭᠠᠷᠤᠢ ᠤᠳᠠᠭ᠎ᠠ ᠤᠢ ᠰᠢᠭᠤᠢ ᠶᠢ ᠲᠣᠭᠤᠷᠢᠨ ᠪᠠᠶᠢᠴᠠᠭᠠᠵᠤ᠂

ᠤᠢ ᠰᠢᠭᠤᠢ ᠨᠤᠲᠤᠭ ᠪᠡᠯᠴᠢᠭᠡᠷ ᠤᠨ ᠪᠣᠳᠠᠲᠠᠢ ᠠᠵᠢᠯ ᠢ ᠰᠢᠢᠳᠪᠦᠷᠢᠯᠡᠬᠦ ᠪᠠ ᠨᠠᠶᠢᠳᠠᠪᠤᠷᠢᠵᠢᠭᠤᠯᠬᠤ ᠶᠢ ᠬᠦᠴᠦᠲᠡᠢ

ᠪᠦᠲᠦᠮᠵᠢᠲᠡᠢ ᠠᠬᠢᠭᠤᠯᠵᠤ᠂ ︽ᠠᠮᠢ ᠠᠬᠤᠢ ᠶᠢ ᠬᠠᠮᠠᠭᠠᠯᠠᠬᠤ᠂ ᠤᠢ ᠰᠢᠭᠤᠢ ᠶᠢᠨ ᠦᠷ᠎ᠡ ᠠᠰᠢᠭ ᠢ ᠨᠡᠮᠡᠭᠳᠡᠭᠦᠯᠬᠦ᠂

ᠠᠷᠠᠳ ᠢᠷᠭᠡᠳ ᠲᠤ ᠪᠣᠳᠠᠲᠠᠢ ᠠᠰᠢᠭ ᠬᠦᠷᠲᠡᠭᠡᠬᠦ︾ ᠬᠠᠷᠠᠯᠲᠠ ᠶᠢ ᠪᠡᠶᠡᠯᠡᠭᠦᠯᠪᠡ᠃

    ︽ᠪᠣᠳᠠᠲᠠᠶ ᠠᠷᠭ᠎ᠠ ᠬᠡᠮᠵᠢᠶ᠎ᠡ︾ ᠶᠢ ᠪᠠᠷᠢᠮᠲᠠᠯᠠᠵᠤ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠵᠢᠯ ᠤᠨ

ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠤᠢ ᠰᠢᠭᠤᠢ ᠶᠢᠨ ᠳᠠᠷᠤᠭ᠎ᠠ ᠠᠳᠬᠤᠬᠤ᠂ ᠤᠢ ᠰᠢᠭᠤᠢ ᠶᠢᠨ

ᠳᠠᠷᠤᠭ᠎ᠠ ᠶᠢ ᠠᠳᠬᠤᠬᠤ ᠶᠢ ᠪᠠᠷᠢᠮᠲᠠᠯᠠᠵᠤ᠂ ᠪᠦᠬᠦ ᠰᠢᠶᠠᠨ ᠤ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ

ᠬᠠᠮᠠᠭᠠᠯᠠᠨ ᠬᠥᠭᠵᠢᠭᠦᠯᠬᠦ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠤᠳᠤᠷᠢᠳᠴᠤ᠂ ᠡᠯ᠎ᠡ ᠵᠦᠢᠯ ᠤᠨ

ᠭᠤᠣᠯᠳᠠᠯᠭ᠎ᠠ ᠲᠠᠢ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠣᠶ ᠰᠢᠭᠤᠶ ᠡᠪᠡᠰᠦ

ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ 30 ᠭᠠᠷᠤᠶ ᠲᠦᠮᠡᠨ ᠮᠥ ᠰᠡᠷᠭᠡᠶᠢᠯᠡᠨ ᠵᠠᠰᠠᠬᠤ ᠶᠢ ᠪᠡᠶᠡᠯᠡᠭᠦᠯᠵᠦ᠂

ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠵᠤ ᠬᠡᠮᠵᠢᠨ ᠮᠡᠳᠡᠭᠦᠯᠬᠦ ᠮᠡᠳᠡᠭᠡ ᠵᠠᠩᠭᠢ ᠶᠢ 20

ᠵᠤᠷᠪᠤᠰ ᠨᠡᠶᠢᠲᠡᠯᠡᠵᠦ᠂ ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠣᠶ ᠰᠢᠭᠤᠶ ᠶᠢᠨ

ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠥᠷᠲᠡᠭᠡ ᠶᠢ ᠤᠯᠤᠰ ᠤᠨ ᠣᠶ

ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠡᠵᠡᠮᠳᠡᠬᠦ ᠲᠥᠪ ᠲᠤ

︽2023 ᠣᠨ ᠤ ᠲᠡᠷᠢᠭᠦᠨ ᠤ ᠤᠯᠤᠰ ᠤᠨ ᠲᠠᠰ ᠤᠨ ᠲᠥᠪ ᠤᠨ ᠬᠡᠮᠵᠢᠨ ᠮᠡᠳᠡᠭᠦᠯᠬᠦ ᠴᠡᠭ︾ ᠤᠨ ᠴᠣᠯᠠ

ᠣᠯᠭᠤᠪᠠ᠃ ᠡᠭᠦᠨ ᠤ ᠬᠠᠮᠲᠤ᠂ ᠣᠶ ᠰᠢᠭᠤᠶ ᠶᠢᠨ ᠳᠠᠷᠤᠭ᠎ᠠ ᠶᠢᠨ ᠢᠯᠡ ᠨᠡᠶᠢᠲᠡᠯᠡᠬᠦ ᠫᠠᠶᠢᠰᠠ᠂ ᠸᠢᠴᠠᠲ ᠤᠨ

ᠨᠡᠶᠢᠲᠡ ᠶᠢᠨ ᠳ᠋ᠤᠭᠠᠷ ᠵᠡᠷᠭᠡ ᠲᠠᠪᠴᠠᠩ ᠢ ᠭᠦᠶ᠋ᠴᠡᠳ ᠠᠰᠢᠭᠯᠠᠨ᠂ ᠠᠮᠢ ᠠᠬᠤᠶ ᠶᠢᠨ ᠪᠣᠯᠪᠠᠰᠤᠨ ᠤ

ᠪᠠᠶᠢᠭᠤᠯᠤᠯᠲᠠ ᠶᠢ ᠪᠠᠶᠢᠭᠤᠯᠭ᠎ᠠ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠨᠡᠶᠢᠭᠡᠮ ᠲᠣᠭᠤᠷᠢᠭ ᠲᠤ

ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ ᠶᠢ ᠳᠥᠯᠭᠢᠨ

ᠠᠬᠢᠭᠤᠯᠪᠠ︔ ᠢᠯᠡᠴᠢᠯᠡᠨ ᠮᠡᠳᠡᠭᠦᠯᠬᠦ ᠤᠲᠠᠰᠤ ᠶᠢ ᠢᠯᠡ ᠨᠡᠶᠢᠲᠡᠯᠡᠵᠦ᠂ ᠣᠯᠠᠨ ᠲᠦᠮᠡᠨ ᠤ ᠢᠯᠡᠴᠢᠯᠡᠨ ᠮᠡᠳᠡᠭᠦᠯᠵᠦ

ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠪᠦᠬᠦ ᠰᠢᠶᠠᠨ ᠢᠶᠠᠷ ᠢᠶᠠᠨ ᠴᠤᠭᠭᠠᠷ ᠠᠳᠬᠤᠵᠤ

ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠵᠤ︔ ᠭᠠᠵᠠᠷ ᠣᠷᠣᠨ ᠤ ᠪᠠᠶᠢᠳᠠᠯ ᠳᠤᠨᠢ

ᠲᠣᠬᠢᠷᠠᠭᠤᠯᠤᠨ ᠬᠠᠷᠭᠠᠨ᠎ᠠ ᠶᠢᠨ ᠠᠵᠤ ᠦᠶ᠋ᠯᠡᠰ ᠢ ᠬᠥᠭᠵᠢᠭᠦᠯᠵᠦ᠂ ᠨᠢᠳᠤᠨᠤᠨ 11.05 ᠲᠦᠮᠡᠨ ᠮᠥ᠂

ᠭᠤᠤᠷᠰᠤ ᠪᠠᠨ ᠲᠡᠭᠰᠢᠯᠡᠨ 5.3 ᠲᠦᠮᠡᠨ ᠮᠥ᠂ ᠬᠠᠷᠭᠠᠨ᠎ᠠ ᠶᠢᠨ ᠪᠦᠲᠦᠭᠡᠭᠳᠡᠬᠦᠨ ᠢ 1.32 ᠲᠦᠮᠡᠨ ᠲᠣᠨ

ᠬᠤᠷᠢᠶᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠢ ᠠᠬᠢᠭᠤᠯᠬᠤ ᠶᠢᠨ ᠬᠠᠮᠲᠤ ᠮᠠᠯ ᠠᠵᠤ ᠠᠬᠤᠶ ᠶᠢᠨ

ᠲᠡᠵᠢᠭᠡᠯ ᠡᠪᠡᠰᠦᠨ ᠤ ᠠᠰᠠᠭᠤᠳᠠᠯ ᠢ ᠰᠢᠶ᠋ᠳᠪᠦᠷᠢᠯᠡᠭᠰᠡᠨ ᠮᠥᠷᠲᠡᠭᠡᠨ ᠲᠠᠷᠢᠶᠠᠴᠢᠳ ᠤᠨ ᠣᠷᠣᠯᠭ᠎ᠠ ᠶᠢ

ᠨᠡᠮᠡᠭᠳᠡᠭᠦᠯᠦᠭᠰᠡᠨ ᠪᠠᠶᠢᠨ᠎ᠠ᠃

    ︽ᠬᠠᠮᠵᠢᠯᠴᠠᠭ᠎ᠠ ᠪᠠᠨ ᠴᠢᠩᠭᠠᠳᠬᠠᠬᠤ︾ ᠶᠢ ᠪᠠᠷᠢᠮᠲᠠᠯᠠᠨ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ

ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠪᠠ᠃ ᠬᠠᠤᠯᠢ ᠶᠣᠰᠣᠭᠠᠷ ᠣᠶ ᠰᠢᠭᠤᠶ ᠶᠢ ᠵᠠᠰᠠᠬᠤ ᠵᠠᠷᠴᠢᠮ ᠢ

ᠪᠠᠷᠢᠮᠲᠠᠯᠠᠨ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠡᠯ᠎ᠡ ᠱᠠᠲᠤᠨ ᠤ ᠣᠶ ᠰᠢᠭᠤᠶ ᠪᠠ ᠨᠤᠲᠤᠭ

ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠬᠠᠷᠢᠭᠤᠴᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠬᠤ ᠶᠢ

ᠰᠢᠮᠳᠠᠭᠤᠯᠵᠤ᠂ ︽ᠨᠣᠭᠤᠭᠠᠷᠠᠭᠤᠯᠤᠯᠲᠠ ᠶᠢ ᠬᠠᠮᠢᠶᠠᠷᠬᠤ᠂ ᠨᠣᠭᠤᠭᠠᠷᠠᠭᠤᠯᠤᠯᠲᠠ ᠶᠢ ᠬᠠᠮᠠᠭᠠᠯᠠᠬᠤ︾ ᠠᠵᠢᠯ ᠢ

ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠠ᠃ ︽ᠣᠶ ᠰᠢᠭᠤᠶ ᠶᠢᠨ ᠳᠠᠷᠤᠭ᠎ᠠ ᠪᠠᠶᠢᠴᠠᠭᠠᠬᠤ ᠳᠠᠷᠤᠭ᠎ᠠ︾ ︽ᠣᠶ

ᠰᠢᠭᠤᠶ ᠶᠢᠨ ᠳᠠᠷᠤᠭ᠎ᠠ ᠭᠤᠤᠯ ᠮᠥᠷᠡᠨ ᠤ ᠳᠠᠷᠤᠭ᠎ᠠ︾ ᠶᠢᠨ ᠬᠠᠮᠵᠢᠯᠴᠠᠬᠤ ᠲᠣᠭᠲᠠᠴᠠ ᠶᠢ ᠤᠯᠠᠮ ᠨᠢᠭᠡ ᠠᠯᠬᠤᠮ

ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠠᠵᠢᠯ ᠢ ᠵᠥᠪᠳᠡᠯᠴᠡᠬᠦ᠂ ᠬᠠᠮᠲᠤᠷᠠᠨ ᠰᠢᠮᠳᠠᠭᠤᠯᠤᠨ

ᠭᠦᠶ᠋ᠴᠡᠳᠬᠡᠬᠦ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠢ

ᠳᠦᠷᠢᠮᠵᠢᠭᠦᠯᠦᠨ ᠬᠡᠷᠡᠭᠵᠢᠭᠦᠯᠬᠦ ᠠᠴᠠ ᠬᠠᠤᠯᠢ ᠪᠠᠷ ᠵᠠᠰᠠᠬᠤ ᠪᠠᠲᠤᠯᠠᠭ᠎ᠠ ᠳᠠᠰᠢ ᠬᠤᠪᠢᠷᠠᠭᠤᠯᠬᠤ ᠶᠢ ᠠᠬᠢᠭᠤᠯᠵᠤ᠂

ᠣᠶ ᠰᠢᠭᠤᠶ ᠳᠤ ᠬᠤᠯᠪᠣᠭᠳᠠᠬᠤ ᠲᠥᠰᠦᠯ ᠢ ᠨᠡᠶᠢᠲᠡ 10 ᠤᠳᠠᠭ᠎ᠠ ᠪᠠᠶᠢᠴᠠᠭᠠᠨ ᠰᠢᠶ᠋ᠳᠪᠦᠷᠢᠯᠡᠪᠡ︔ ᠣᠶ ᠰᠢᠭᠤᠶ

ᠡᠪᠡᠰᠦ ᠪᠡᠯᠴᠢᠭᠡᠷ ᠵᠡᠷᠭᠡ ᠠᠵᠢᠯ ᠲᠥᠷᠥᠯ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠰᠢᠮᠳᠠᠭᠤᠯᠤᠨ

ᠪᠠᠶᠢᠴᠠᠭᠠᠬᠤ ᠲᠤᠰᠬᠠᠶ ᠠᠩᠭᠢ ᠪᠠᠶᠢᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ︽ᠡᠮᠴᠢᠯᠡᠭᠡ ᠬᠢᠬᠦ ᠶᠢ

ᠪᠠᠶᠢᠴᠠᠭᠠᠨ ᠲᠣᠳᠣᠯᠠᠵᠤ᠂ ᠨᠠᠶᠢᠳᠠᠪᠤᠷᠢᠵᠢᠭᠤᠯᠬᠤ ᠶᠢ ᠠᠬᠢᠭᠤᠯᠬᠤ︾ ᠵᠣᠷᠢᠯᠭ᠎ᠠ ᠳᠤ ᠬᠦᠷᠴᠦ᠂ ᠨᠢᠳᠤᠨᠤᠨ

ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ 476 ᠣᠶ ᠰᠢᠭᠤᠶ ᠨᠤᠲᠤᠭ

ᠪᠡᠯᠴᠢᠭᠡᠷ ᠤᠨ ᠵᠢᠷᠤᠭ ᠤᠨ ᠲᠣᠯᠪᠤ ᠶᠢᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃

ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ ᠤ ᠬᠤᠷᠢᠶ᠎ᠠ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ     

 

  

 

 

 
ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ ᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2