ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ ᠠᠵᠢᠯ ᠮᠡᠷᠭᠡᠵᠢᠯ ᠤᠨ ᠡᠷᠡᠭᠦᠯ ᠮᠡᠨᠳᠦ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/5/6
   4 ᠰᠠᠷ᠎ᠠ ᠶᠢᠨ 25 ᠤ ᠡᠳᠦᠷ ᠠᠴᠠ 5 ᠰᠠᠷ᠎ᠠ ᠶᠢᠨ 1 ᠤ ᠡᠳᠦᠷ ᠪᠣᠯ 22 ᠳᠠᠬᠢ ︽ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢᠨ ᠤᠬᠠᠭᠤᠯᠭ᠎ᠠ ᠶᠢᠨ ᠭᠠᠷᠠᠭ ᠪᠣᠯᠤᠨ᠎ᠠ᠃ ︽ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢ ᠭᠦᠨᠵᠡᠭᠡᠶ ᠤᠬᠠᠭᠤᠯᠤᠨ ᠲᠤᠤᠱᠯᠠᠭᠤᠯᠵᠤ᠂ ᠬᠥᠮᠦᠨ ᠬᠡᠷᠡᠭᠯᠡᠬᠦ ᠨᠢᠭᠡᠴᠡ ᠶᠢᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠤᠨ᠂ ᠬᠥᠳᠡᠯᠮᠦᠷᠢᠯᠡᠭᠴᠢᠳ ᠤᠨ ᠠᠵᠢᠯ ᠮᠡᠷᠭᠡᠵᠢᠯ ᠤᠨ ᠡᠷᠡᠭᠦᠯ ᠴᠢᠭᠢᠷᠠᠭ ᠤᠨ ᠬᠡᠪ ᠪᠣᠯᠪᠠᠰᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠥᠷᠭᠡᠨ ᠣᠯᠠᠨ ᠬᠥᠳᠡᠯᠮᠦᠷᠢᠯᠡᠭᠴᠢᠳ ᠤᠨ ᠠᠮᠤᠷ ᠲᠦᠪᠰᠢᠨ ᠡᠷᠡᠭᠦᠯ ᠴᠢᠭᠢᠷᠠᠭ ᠤᠨ ᠡᠷᠬᠡ ᠠᠰᠢᠭ ᠢ ᠪᠠᠲᠤᠯᠠᠨ᠂ ᠠᠵᠤ ᠠᠬᠤᠶ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠬᠦ ᠶᠢ ᠠᠬᠢᠭᠤᠯᠬᠤ ᠶᠢᠨ ᠲᠤᠰᠠᠳᠠ ᠣᠶᠢᠷ᠎ᠠ ᠶᠢᠨ ᠡᠳᠦᠷ ᠤᠳ ᠲᠤ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠵᠢᠴᠢ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠺᠠᠳ᠋ᠷ ᠠᠵᠢᠯᠲᠠᠨ ᠠᠵᠢᠯᠴᠢᠨ ᠠᠷᠠᠳ ᠤᠨ ᠠᠭᠤᠳᠠᠮ ᠲᠠᠯᠠᠪᠠᠶ ᠂ ᠬᠥᠮᠦᠨ ᠬᠡᠷᠡᠭᠯᠡᠬᠦ ᠨᠢᠭᠡᠴᠡ᠂ ᠰᠤᠷᠭᠠᠭᠤᠯᠢ ᠳᠤ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢ ᠬᠠᠮᠠᠭᠠᠯᠠᠬᠤ︾ ᠪᠠᠷ ᠭᠤᠤᠯ ᠰᠡᠳᠦᠪ ᠪᠣᠯᠭᠠᠭᠰᠠᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃

1714394935328022308.png

   

    ᠤᠬᠠᠭᠤᠯᠭ᠎ᠠ ᠶᠢᠨ ᠠᠵᠢᠯᠯᠠᠭ᠎ᠠ ᠨᠢ ᠬᠥᠨᠳᠡᠯᠡᠨ ᠪᠢᠴᠢᠭᠡᠰᠦ ᠡᠯᠭᠦᠬᠦ᠂ ᠠᠵᠢᠯ ᠤᠨ ᠨᠥᠯᠥᠭᠡᠨ ᠤ ᠡᠪᠡᠳᠴᠢᠨ ᠢ

ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠳᠡᠯᠭᠡᠨ ᠦᠵᠡᠭᠦᠯᠬᠦ ᠰᠠᠮᠪᠠᠷ᠎ᠠ ᠨᠠᠭᠠᠬᠤ᠂

ᠤᠬᠠᠭᠤᠯᠭ᠎ᠠ ᠶᠢᠨ ᠵᠠᠷᠯᠠᠯ ᠨᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ︽ᠠᠵᠢᠯ ᠤᠨ ᠨᠥᠯᠥᠭᠡᠨ ᠤ

ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠢᠴᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ

ᠭᠤᠤᠯᠳᠠᠯᠭ᠎ᠠ ᠲᠠᠢ ᠤᠬᠠᠭᠤᠯᠪᠠ᠃ ᠬᠥᠮᠦᠨ ᠬᠡᠷᠡᠭᠯᠡᠬᠦ ᠨᠢᠭᠡᠴᠡ ᠳᠤ ᠠᠵᠢᠯ ᠤᠨ ᠨᠥᠯᠥᠭᠡᠨ ᠤ ᠡᠪᠡᠳᠴᠢᠨ ᠢ

ᠰᠡᠷᠭᠡᠶᠢᠯᠡᠨ ᠵᠠᠰᠠᠬᠤ ᠮᠡᠳᠡᠯᠭᠡ ᠵᠢᠴᠢ ᠠᠩᠬᠠᠷᠬᠤ ᠵᠦᠢᠯ ᠢ ᠤᠬᠠᠭᠤᠯᠬᠤ ᠬᠡᠷᠡᠭᠲᠡᠶ᠃ ᠠᠵᠢᠯ ᠮᠡᠷᠭᠡᠵᠢᠯ ᠤᠨ ᠡᠷᠡᠭᠦᠯ

ᠮᠡᠨᠳᠦ ᠶᠢ ᠬᠠᠮᠠᠭᠠᠯᠠᠬᠤ ᠦᠵᠡᠯ ᠤᠬᠠᠮᠰᠠᠷ ᠢ ᠪᠣᠶ ᠪᠣᠯᠭᠠᠵᠤ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ

ᠵᠠᠰᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠣᠶᠢᠯᠠᠭᠠᠵᠤ᠂ ᠥᠷᠭᠡᠨ ᠣᠯᠠᠨ ᠬᠥᠳᠡᠯᠮᠦᠷᠢᠴᠢᠳ ᠤᠨ ᠠᠵᠢᠯ

ᠮᠡᠷᠭᠡᠵᠢᠯ ᠤᠨ ᠡᠷᠡᠭᠦᠯ ᠮᠡᠨᠳᠦ ᠶᠢᠨ ᠦᠵᠡᠯ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠦᠨᠡᠨᠬᠦ

ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠡᠷᠡᠭᠦᠯ ᠬᠠᠮᠠᠭᠠᠯᠠᠯ ᠤᠨ ᠦᠵᠡᠯ ᠤᠬᠠᠮᠰᠠᠷ ᠢ ᠪᠣᠶ

ᠪᠣᠯᠭᠠᠵᠤ᠂ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠡᠷᠡᠭᠦᠯ ᠮᠡᠨᠳᠦ ᠡᠷᠡᠭᠦᠯ ᠬᠠᠮᠠᠭᠠᠯᠠᠯ ᠤᠨ ᠡᠷᠬᠡ ᠠᠰᠢᠭ ᠢ

ᠦᠨᠡᠨᠬᠦ ᠪᠠᠲᠤᠯᠠᠨ᠎ᠠ᠃

    ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠥᠳᠡᠯᠮᠦᠷᠢᠯᠡᠭᠴᠢᠳ᠂ ᠬᠥᠮᠦᠨ ᠬᠡᠷᠡᠭᠯᠡᠬᠦ ᠨᠢᠭᠡᠴᠡ

ᠪᠣᠯᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ

ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠦᠬᠦ ᠨᠡᠶᠢᠭᠡᠮ ᠢᠶᠠᠷ ᠢᠶᠠᠨ ᠠᠵᠢᠯ ᠤᠨ

ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠶᠠᠪᠤᠳᠠᠯ ᠢ ᠬᠠᠯᠠᠮᠵᠢᠯᠠᠬᠤ ᠪᠠ ᠠᠩᠬᠠᠷᠬᠤ ᠭᠦᠨ ᠵᠤᠵᠠᠭᠠᠨ ᠠᠭᠤᠷ

ᠠᠮᠢᠰᠬᠤᠯ ᠢ ᠪᠣᠶ ᠪᠣᠯᠭᠠᠬᠤ ᠬᠡᠷᠡᠭᠲᠡᠶ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ     

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2