ᠪᠥᠬᠦ ᠰᠢᠶᠠᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠶ ᠶᠢᠨ ᠪᠠᠶᠢᠴᠠᠭᠠᠯᠲᠠ ᠶᠢᠨ | ᠥᠯᠢᠭᠡᠷ ᠠᠪᠬᠤ ᠠᠵᠢᠯ ᠢ ᠤᠷᠤᠭᠰᠢᠲᠠᠶ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ︽5 · 1︾ ᠤ | ᠬᠤᠭᠤᠴᠠᠭᠠᠨ ᠳᠤ᠂ ᠮᠠᠨ ᠤ ᠰᠢᠶᠠᠨ ᠤ ︽ᠭᠤᠷᠪᠠ ᠶᠢ ᠲᠦᠭᠡᠮᠡᠯᠵᠢᠭᠦᠯᠬᠦ︾ ᠪᠠᠶᠢᠴᠠᠭᠠᠯᠲᠠ ᠶᠢᠨ ᠥᠯᠢᠭᠡᠷ ᠠᠪᠬᠤ | 10 ᠭᠠᠷᠤᠶ ᠮᠡᠷᠭᠡᠵᠢᠯ ᠤᠨ ᠠᠵᠢᠯᠲᠠᠨ ᠠᠮᠠᠷᠠᠬᠤ ᠴᠠᠭ ᠢᠶᠠᠨ ᠬᠠᠶᠠᠵᠤ᠂ ᠬᠥᠷᠥᠰᠥ ᠰᠢᠷᠣᠶ ᠶᠢᠨ ︽ᠭᠤᠷᠪᠠ ᠶᠢ | ᠲᠦᠭᠡᠮᠡᠯᠵᠢᠭᠦᠯᠬᠦ︾ ᠥᠯᠢᠭᠡᠷ ᠠᠪᠬᠤ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠣᠳᠠᠲᠤ ᠠᠵᠢᠯᠯᠠᠭ᠎ᠠ ᠪᠠᠷ ᠢᠶᠠᠨ | ᠬᠥᠳᠡᠯᠮᠦᠷᠢ ᠬᠠᠮᠤᠭ ᠤᠨ ᠢᠷᠠᠭᠤ ᠠᠯᠳᠠᠷ ᠢ ᠲᠠᠶᠢᠯᠪᠤᠷᠢᠯᠠᠵᠠᠶ᠃ | | ᠲᠢᠶᠠᠨ ᠭᠠᠩ ᠮᠧᠩ ᠯᠢᠶᠠᠩ ᠮᠠᠨ ᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ | ᠬᠥᠭᠵᠢᠯᠲᠡ ᠶᠢᠨ ᠲᠥᠪ ᠪᠣᠯᠤᠨ ᠡᠯ᠎ᠡ ᠰᠢᠶᠠᠩ ᠪᠠᠯᠭᠠᠰᠤᠨ ᠤ ᠮᠡᠷᠭᠡᠵᠢᠯᠲᠡᠨ ᠢᠶᠠᠷ ᠪᠦᠷᠢᠯᠳᠦᠭᠰᠡᠨ ︽ᠭᠤᠷᠪᠠ ᠶᠢ | ᠲᠦᠭᠡᠮᠡᠯᠵᠢᠭᠦᠯᠬᠦ︾ ᠠᠵᠢᠯᠯᠠᠬᠤ ᠠᠩᠭᠢ ᠷᠠᠰᠢᠶᠠᠨ ᠤᠰᠤ᠂ ᠲᠠᠯᠬ᠎ᠠ ᠵᠡᠷᠭᠡ ᠬᠠᠭᠤᠷᠠᠶ ᠠᠮᠤ ᠪᠣᠯᠤᠨ | ᠬᠤᠰᠤᠭᠤᠷ᠂ ᠰᠢᠷᠣᠶ ᠶᠢᠨ ᠠᠯᠤᠬ᠎ᠠ᠂ ᠡᠯᠧᠺᠲᠷᠣᠨ ᠵᠢᠩᠯᠡᠭᠦᠷ ᠵᠡᠷᠭᠡ ᠦᠯᠢᠭᠡᠷ ᠠᠪᠬᠤ ᠪᠠᠭᠠᠵᠢ | ᠡᠭᠦᠷᠴᠦ᠂ ᠬᠡᠭᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠨᠢᠭᠡ ᠡᠳᠦᠷ ᠤᠨ ᠦᠯᠢᠭᠡᠷ ᠠᠪᠬᠤ ᠠᠵᠢᠯ ᠢᠶᠠᠨ | ᠡᠬᠢᠯᠡᠭᠦᠯᠪᠡ᠃ | | ᠬᠤᠸᠠᠳᠧ ᠰᠢᠶᠠᠨ ᠨᠢ ᠳᠤᠮᠳᠠᠴᠢ ᠲᠠᠯᠠᠢ ᠶᠢᠨ ᠲᠦᠪᠰᠢᠨ ᠳᠡᠭᠡᠭᠰᠢ ᠠᠴᠠ 1500 | ᠮᠧᠲᠷ ᠡᠷᠭᠦᠭᠳᠡᠵᠦ᠂ ᠭᠠᠵᠠᠷ ᠤᠨ ᠪᠠᠶᠢᠴᠠ ᠭᠠᠵᠠᠷ ᠤᠨ ᠳᠦᠷᠰᠦ ᠪᠠᠶᠢᠳᠠᠯ ᠪᠤᠳᠤᠯᠢᠶᠠᠨᠲᠠᠢ᠂ ᠴᠡᠭ | ᠪᠠᠶᠢᠷᠢᠯᠠᠯ ᠨᠢ ᠲᠠᠷᠠᠬᠠᠢ ᠪᠤᠳᠠᠷᠬᠠᠢ᠂ ᠮᠠᠰᠢ ᠤᠯᠠᠨ ᠦᠯᠢᠭᠡᠷ ᠠᠪᠬᠤ ᠭᠠᠵᠠᠷ ᠠᠭᠤᠯᠠ ᠶᠡᠭᠡ ᠬᠥᠲᠥᠯ ᠡᠭᠴᠡ᠂ | ᠭᠠᠵᠠᠷ ᠤᠨ ᠪᠠᠶᠢᠴᠠ ᠪᠡᠷᠬᠡ ᠪᠠᠷᠲᠠᠭ᠎ᠠ ᠶᠡᠭᠡ᠂ ᠠᠵᠢᠯᠯᠠᠬᠤ ᠨᠥᠬᠦᠴᠡᠯ ᠪᠡᠷᠬᠡ ᠮᠥᠷᠲᠡᠭᠡᠨ ᠦᠯᠢᠭᠡᠷ ᠠᠪᠬᠤ | ᠴᠣᠩᠬᠤᠨ ᠤ ᠬᠤᠭᠤᠴᠠᠭ᠎ᠠ ᠣᠬᠤᠷ ᠵᠡᠷᠭᠡ ᠬᠦᠴᠢᠷᠳᠡᠯ ᠲᠠᠢ ᠪᠠᠶᠢᠨ᠎ᠠ᠃ ᠲᠡᠳᠡ ᠬᠦᠴᠢᠷ ᠪᠡᠷᠬᠡᠰᠢᠶᠡᠯ ᠠᠴᠠ ᠠᠶᠤᠬᠤ | ᠦᠭᠡᠢ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠠᠯᠬᠤᠮ ᠠᠯᠬᠤᠮ ᠢᠶᠠᠷ ᠶᠠᠪᠤᠬᠤ ᠵᠡᠷᠭᠡ ᠠᠷᠭ᠎ᠠ ᠬᠡᠯᠪᠡᠷᠢ ᠶᠢ | ᠠᠪᠴᠤ᠂ ᠡᠳᠦᠷ ᠪᠦᠷᠢ ᠡᠷᠲᠡ ᠭᠠᠷᠴᠤ ᠦᠷᠭᠦᠯᠵᠢᠯᠡᠨ ᠠᠵᠢᠯᠯᠠᠵᠤ᠂ ︽ᠭᠤᠷᠪᠠ ᠶᠢ ᠲᠦᠭᠡᠮᠡᠯᠵᠢᠭᠦᠯᠬᠦ︾ ᠦᠯᠢᠭᠡᠷ | ᠠᠪᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠳᠤ ᠬᠠᠶᠢᠷ᠎ᠠ ᠰᠡᠳᠬᠢᠯᠭᠡ ᠪᠠᠷ ᠢᠶᠠᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ | ᠬᠦᠨᠳᠦ ᠬᠠᠷᠢᠭᠤᠴᠠᠯᠭ᠎ᠠ ᠶᠢ ᠡᠭᠦᠷᠭᠡᠯᠡᠵᠦ᠂ ᠪᠠᠷᠤᠭ ᠬᠥᠳᠡᠭᠡ ᠲᠣᠰᠬᠤᠨ ᠨᠢᠭᠡᠪᠦᠷᠢ ᠳᠤ ᠲᠡᠳᠡᠨ ᠤ ᠡᠷᠡᠯᠬᠡᠭᠯᠡᠨ | ᠤᠷᠤᠭᠰᠢᠯᠠᠬᠤ ᠮᠥᠷ ᠢ ᠦᠯᠡᠳᠡᠭᠡᠵᠦ᠂ ᠲᠡᠳᠡ ᠪᠣᠳᠠᠲᠤ ᠠᠵᠢᠯᠯᠠᠭ᠎ᠠ ᠪᠠᠷ ᠢᠶᠠᠨ ︽ᠭᠤᠷᠪᠠ ᠶᠢ ᠲᠦᠭᠡᠮᠡᠯᠵᠢᠭᠦᠯᠬᠦ | ᠬᠥᠮᠦᠨ︾ ᠤ ᠬᠤᠪᠢ ᠨᠡᠮᠡᠷᠢ ᠶᠢ ᠲᠠᠶᠢᠯᠪᠤᠷᠢᠯᠠᠪᠠ᠃ | ᠦᠳᠡ ᠪᠣᠯᠬᠤ ᠳᠤ᠂ ᠲᠡᠳᠡ ᠲᠠᠯᠬ᠎ᠠ ᠬᠡᠮᠡᠯᠢᠨ ᠷᠠᠰᠢᠶᠠᠨ ᠤᠰᠤ ᠤᠤᠭᠤᠵᠤ᠂ | ᠢᠳᠡᠬᠦ ᠶᠢᠨ ᠳᠠᠭᠠᠤ ᠳᠠᠷᠠᠭᠠᠴᠢ ᠶᠢᠨ ᠠᠵᠢᠯ ᠢᠶᠠᠨ ᠶᠠᠷᠢᠯᠴᠠᠨ᠎ᠠ︔ ᠣᠷᠣᠢ ᠶᠢᠨ ᠴᠠᠭ ᠲᠤ ᠪᠠᠰᠠ ᠨᠢᠭᠡ ᠡᠳᠦᠷ ᠤᠨ | ᠴᠤᠭᠯᠠᠭᠤᠯᠤᠭᠰᠠᠨ ᠲᠣᠭ᠎ᠠ ᠬᠡᠮᠵᠢᠶ᠎ᠡ ᠶᠢ ᠪᠦᠷᠢᠳᠭᠡᠵᠦ᠂ ᠬᠤᠶᠠᠳᠤᠭᠠᠷ ᠡᠳᠦᠷ ᠤᠨ ᠠᠵᠢᠯ ᠢᠶᠠᠨ | ᠲᠣᠬᠢᠷᠠᠭᠤᠯᠵᠤ᠂ ᠬᠡᠷᠬᠢᠨ ᠦᠷ᠎ᠡ ᠪᠦᠲᠦᠮᠵᠢ ᠪᠠᠨ ᠲᠡᠭᠡᠭᠰᠢᠯᠡᠭᠦᠯᠬᠦ ᠂ ᠱᠢᠷᠣᠢ | ᠶᠠᠩᠵᠤ ᠶᠢ ᠡᠮᠬᠢᠯᠡᠬᠦ᠂ ᠬᠤᠪᠢᠶᠠᠨ ᠰᠠᠪᠠᠯᠠᠬᠤ᠂ ᠨᠠᠢᠷᠠᠭᠤᠯᠤᠨ ᠪᠢᠴᠢᠬᠦ ᠵᠡᠷᠭᠡ ᠶᠠᠪᠤᠳᠠᠯ ᠢ ᠶᠠᠷᠢᠯᠴᠠᠨ᠎ᠠ᠃ | ᠣᠶᠢᠯᠠᠭᠠᠭᠰᠠᠨ ᠢᠶᠠᠷ᠂ ᠤᠯᠤᠰ ᠠᠴᠠ ᠬᠤᠸᠠᠳᠧ ᠰᠢᠶᠠᠨ ᠤ ᠥᠩᠭᠡᠨ ᠳᠠᠪᠬᠤᠷᠭ᠎ᠠ ᠶᠢᠨ ᠦᠯᠢᠭᠡᠷ ᠠᠪᠬᠤ | ᠴᠡᠭ ᠢ 1288 ᠪᠠᠭᠤᠯᠭᠠᠪᠠ᠃ ᠣᠲᠣ ᠪᠣᠯᠲᠠᠯ᠎ᠠ᠂ ᠥᠩᠭᠡᠨ ᠳᠠᠪᠬᠤᠷᠭ᠎ᠠ ᠶᠢᠨ 729 ᠥᠯᠢᠭᠡᠷ ᠠᠪᠬᠤ ᠶᠢ | ᠪᠡᠶᠡᠯᠡᠭᠦᠯᠵᠦ᠂ ᠶᠡᠷᠦᠩᠬᠡᠶ ᠡᠭᠦᠷᠭᠡ ᠶᠢᠨ 56.6% ᠶᠢ ᠡᠵᠡᠯᠡᠵᠦ᠂ ᠥᠩᠭᠡᠨ ᠳᠠᠪᠬᠤᠷᠭ᠎ᠠ ᠶᠢᠨ ᠥᠯᠢᠭᠡᠷ ᠠᠪᠬᠤ | ᠠᠵᠢᠯ ᠢ ᠶᠠᠭ ᠬᠦᠴᠦᠲᠡᠶ ᠪᠥᠭᠡᠳ ᠡᠮᠬᠢ ᠵᠢᠷᠤᠮ ᠲᠠᠢ ᠳᠥᠯᠭᠢᠨ ᠠᠬᠢᠭᠤᠯᠵᠤ ᠪᠣᠶ ᠁ | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠠᠩᠭ᠎ᠠ | | |