ᠪᠦᠬᠦ ᠰᠢᠶᠠᠨ ᠤ ᠨᠢᠭᠡᠳᠦᠭᠡᠷ ᠤᠯᠠᠷᠢᠯ ᠤᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠶ ᠮᠡᠳᠡᠭᠡᠯᠡᠯ
ᠨᠡᠶᠢᠲᠡᠯᠡᠭᠰᠡᠨ ᠴᠠᠭ᠄
2024/5/7

ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠡ᠄

    ︽ᠬᠤᠸᠠᠳᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ

ᠮᠥᠴᠢᠷ ᠤᠨ ᠬᠠᠮᠲᠤᠷᠠᠨ ︿ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ﹀ ᠬᠢᠨᠠᠯᠲᠠ ᠬᠠᠮᠢᠶᠠᠷᠤᠯᠲᠠ ᠶᠢᠨ

ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠡᠯ᠎ᠡ

ᠨᠢᠭᠡᠴᠡ ᠶᠢᠨ ᠠᠵᠢᠯ ᠤᠨ ᠠᠬᠢᠴᠠ ᠶᠢᠨ ᠪᠠᠶᠢᠳᠠᠯ ᠲᠠᠢ ᠤᠶᠠᠯᠳᠤᠭᠤᠯᠤᠨ᠂ ᠡᠳᠦᠭᠡ ᠬᠠᠮᠢᠶ᠎ᠠ ᠪᠥᠬᠦᠶ ᠪᠠᠶᠢᠳᠠᠯ ᠢ

ᠳᠣᠤᠷᠠᠬᠢ ᠮᠡᠲᠦ ᠮᠡᠳᠡᠭᠳᠡᠶ᠎ᠡ᠄

    ᠨᠢᠭᠡ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠭᠰᠠᠨ ᠪᠠᠶᠢᠳᠠᠯ

    3 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠮᠡᠳᠡᠭᠡ

ᠵᠠᠩᠭᠢ ᠶᠢ ᠨᠡᠶᠢᠲᠡ 1221 ᠵᠤᠷᠪᠤᠰ ᠴᠤᠭᠯᠠᠭᠤᠯᠪᠠ᠃ ᠡᠭᠦᠨ ᠳᠤ᠄ ᠵᠠᠬ᠎ᠠ ᠳᠡᠯᠭᠡᠭᠦᠷ ᠤᠨ ᠬᠢᠨᠠᠯᠲᠠ

ᠬᠠᠮᠢᠶᠠᠷᠤᠯᠲᠠ ᠶᠢᠨ ᠲᠣᠪᠴᠢᠶ᠎ᠠ 1012 ᠵᠣᠷᠪᠤᠰ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ

ᠮᠡᠷᠭᠡᠵᠢᠯ ᠤᠨ ᠲᠣᠪᠴᠢᠶ᠎ᠠ 1 ᠵᠣᠷᠪᠤᠰ᠂ ᠰᠣᠶᠣᠯ ᠵᠢᠭᠤᠯᠴᠢᠯᠠᠯ ᠤᠨ ᠲᠣᠪᠴᠢᠶ᠎ᠠ 1 ᠵᠣᠷᠪᠤᠰ᠂ ᠣᠷᠴᠢᠨ

ᠠᠬᠤᠶ ᠶᠢᠨ ᠬᠠᠮᠠᠭᠠᠯᠠᠯᠲᠠ ᠶᠢᠨ ᠲᠣᠪᠴᠢᠶ᠎ᠠ 80 ᠵᠣᠷᠪᠣᠰ᠂ ᠭᠠᠶᠢᠯᠢ ᠶᠢᠨ ᠶᠠᠪᠤᠳᠠᠯ ᠤᠨ ᠲᠣᠪᠴᠢᠶ᠎ᠠ 76 ᠵᠣᠷᠪᠣᠰ᠂

ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ 50 ᠵᠣᠷᠪᠣᠰ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ

1 ᠵᠣᠷᠪᠤᠰ︔ ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠡ ᠵᠠᠩᠭᠢ ᠶᠢ ᠨᠡᠶᠢᠲᠡ 912 ᠵᠤᠷᠪᠤᠰ᠂ ᠡᠭᠦᠨ ᠳᠤ ᠵᠠᠬ᠎ᠠ

ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 515 ᠵᠣᠷᠪᠣᠰ᠂ ᠬᠤᠸᠠᠳᠧ ᠰᠢᠶᠠᠨ ᠤ ᠪᠠᠴᠢᠮ ᠪᠠᠶᠢᠳᠠᠯ ᠢ

ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ 4 ᠵᠦᠢᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ 273 ᠵᠣᠷᠪᠣᠰ᠂

ᠨᠠᠪᠴᠢᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ 57 ᠵᠣᠷᠪᠣᠰ᠂ ᠭᠠᠯ ᠤᠨᠲᠠᠷᠠᠭᠠᠵᠤ ᠠᠪᠤᠷᠠᠨ ᠲᠤᠰᠠᠯᠠᠬᠤ

ᠶᠡᠭᠡ ᠠᠩᠭᠢ 63 ᠵᠤᠷᠪᠤᠰ ᠪᠣᠶ᠃

    ᠬᠤᠶᠠᠷ᠂ ᠲᠠᠰᠢᠷᠠᠮ ᠤᠨ ᠠᠵᠢᠯ ᠢ ᠥᠷᠨᠢᠭᠦᠯᠦᠭᠰᠡᠨ ᠪᠠᠶᠢᠳᠠᠯ

    ︵ᠨᠢᠭᠡ︶ ᠪᠠᠶᠢᠴᠠᠭᠠᠬᠤ ᠡᠭᠦᠷᠭᠡ ᠶᠢ ᠲᠣᠭᠲᠠᠭᠠᠵᠤ᠃ 3 ᠰᠠᠷ᠎ᠠ ᠶᠢᠨ ᠰᠡᠭᠦᠯᠴᠢ ᠪᠣᠯᠲᠠᠯ᠎ᠠ᠂ ᠲᠤᠰ ᠵᠢᠯ ᠳᠤ

ᠪᠦᠬᠦ ᠰᠢᠶᠠᠨ ᠢᠶᠠᠷ ᠢᠶᠠᠨ ᠲᠤᠰ ᠰᠠᠯᠠᠭ᠎ᠠ ᠮᠥᠴᠢᠷ ᠤᠨ ᠪᠠᠶᠢᠴᠠᠭᠠᠬᠤ ᠡᠭᠦᠷᠭᠡ ᠶᠢ 25 ᠵᠤᠷᠪᠤᠰ ᠲᠣᠭᠲᠠᠭᠠᠵᠤ᠂

ᠬᠤᠸᠠᠳᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 3 ᠵᠤᠷᠪᠤᠰ᠂ ᠬᠤᠸᠠᠳᠧ

ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 1 ᠵᠤᠷᠪᠤᠰ᠂ ᠬᠤᠸᠠᠳᠧ ᠰᠢᠶᠠᠨ ᠤ ᠵᠠᠮ ᠬᠠᠷᠢᠯᠴᠠᠭ᠎ᠠ

ᠲᠡᠭᠡᠭᠡᠪᠦᠷᠢ ᠶᠢᠨ ᠲᠣᠪᠴᠢᠶ᠎ᠠ 2 ᠵᠤᠷᠪᠤᠰ᠂ ᠬᠤᠸᠠᠳᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ

ᠤᠬᠠᠭᠠᠨ ᠮᠡᠷᠭᠡᠵᠢᠯ ᠤᠨ ᠲᠣᠪᠴᠢᠶᠠᠨ ᠤ 1 ᠵᠤᠷᠪᠤᠰ᠂ ᠬᠤᠸᠠᠳᠧ ᠰᠢᠶᠠᠨ ᠤ ᠰᠣᠶᠣᠯ ᠪᠠ ᠵᠢᠭᠤᠯᠴᠢᠯᠠᠯ ᠤᠨ

ᠲᠣᠪᠴᠢᠶᠠᠨ ᠤ 1 ᠵᠤᠷᠪᠤᠰ᠂ ᠬᠤᠸᠠᠳᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 2

ᠵᠤᠷᠪᠤᠰ᠂ ᠬᠤᠸᠠᠳᠧ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ 2 ᠵᠤᠷᠪᠤᠰ᠂

ᠬᠤᠸᠠᠳᠧ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ 2 ᠵᠤᠷᠪᠤᠰ᠂ ᠬᠤᠸᠠᠳᠧ

ᠰᠢᠶᠠᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ 1 ᠵᠤᠷᠪᠤᠰ᠂ ᠡᠭᠦᠨ ᠳᠤ ᠬᠤᠸᠠᠳᠧ ᠰᠢᠶᠠᠨ ᠤ

ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 1 ᠵᠤᠷᠪᠤᠰ᠂ ᠬᠤᠸᠠᠳᠧ ᠰᠢᠶᠠᠨ ᠤ ᠲᠠᠷᠢᠶᠠᠯᠠᠩ

ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ 1 ᠵᠤᠷᠪᠤᠰ᠂ ᠬᠤᠸᠠᠳᠧ ᠰᠢᠶᠠᠨ ᠤ

ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ 1 ᠵᠤᠷᠪᠤᠰ᠂ ᠬᠤᠸᠠᠳᠧ ᠰᠢᠶᠠᠨ ᠤ ᠠᠮᠢ ᠠᠬᠤᠶ ᠣᠷᠴᠢᠨ

ᠲᠣᠭᠤᠷᠢᠨ ᠤ ᠬᠤᠪᠢᠶᠠᠷᠢ ᠲᠣᠪᠴᠢᠶ᠎ᠠ ᠶᠢᠨ 1 ᠵᠤᠷᠪᠤᠰ᠂ ᠬᠤᠸᠠᠳᠧ ᠰᠢᠶᠠᠨ ᠤ ᠠᠮᠢ ᠠᠬᠤᠶ ᠣᠷᠴᠢᠨ ᠲᠣᠭᠤᠷᠢᠨ ᠤ

ᠬᠤᠪᠢᠶᠠᠷᠢ ᠲᠣᠪᠴᠢᠶ᠎ᠠ ᠶᠢᠨ 1 ᠵᠤᠷᠪᠤᠰ᠂ ᠬᠤᠸᠠᠳᠧ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ 1

ᠵᠤᠷᠪᠤᠰ᠂ ᠬᠤᠸᠠᠳᠧ ᠰᠢᠶᠠᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ 1 ᠵᠤᠷᠪᠤᠰ᠂ ᠪᠤᠰᠤᠳ

ᠰᠠᠯᠠᠭ᠎ᠠ ᠮᠥᠴᠢᠷ ᠪᠠᠶᠢᠴᠠᠭᠠᠬᠤ ᠡᠭᠦᠷᠭᠡ ᠪᠠᠨ ᠲᠣᠭᠲᠠᠭᠠᠭᠰᠠᠨ ᠥᠬᠡᠶ᠃

    ︵ᠬᠤᠶᠠᠷ︶ ᠰᠣᠩᠭᠤᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ᠃ 4 ᠰᠠᠷ᠎ᠠ ᠶᠢᠨ ᠡᠬᠢ ᠪᠠᠷ ᠪᠣᠯᠲᠠᠯ᠎ᠠ

᠂ ᠪᠥᠬᠦ ᠰᠢᠶᠠᠨ ᠳᠤ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠨᠡᠶᠢᠲᠡ 792 ᠵᠤᠷᠪᠤᠰ

ᠲᠣᠭᠲᠠᠭᠠᠪᠠ᠃ ᠡᠭᠦᠨ ᠳᠤ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ 2 ᠵᠦᠢᠯ᠂ ᠵᠠᠬ᠎ᠠ ᠳᠡᠯᠭᠡᠭᠦᠷ ᠤᠨ

ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 434 ᠵᠦᠢᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 7

ᠵᠦᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ 1 ᠵᠦᠢᠯ᠂ ᠳᠣᠲᠣᠭᠠᠳᠤ ᠶᠢ ᠬᠠᠮᠠᠭᠠᠯᠠᠬᠤ

ᠲᠣᠪᠴᠢᠶ᠎ᠠ 15 ᠵᠦᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ

209 ᠵᠦᠢᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 8

ᠵᠦᠢᠯ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ 5 ᠵᠦᠢᠯ᠂ ᠰᠣᠶᠣᠯ ᠵᠢᠭᠤᠯᠴᠢᠯᠠᠯ ᠤᠨ ᠲᠣᠪᠴᠢᠶ᠎ᠠ 85

ᠵᠦᠢᠯ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ 25 ᠵᠦᠢᠯ᠂ ᠨᠠᠪᠴᠢᠨ ᠲᠠᠮᠠᠬᠢ

ᠲᠤᠰᠬᠠᠶ ᠬᠤᠳᠠᠯᠳᠤᠬᠤ ᠲᠣᠪᠴᠢᠶ᠎ᠠ 1 ᠵᠤᠷᠪᠤᠰ᠃

   ᠭᠤᠷᠪᠠ᠂ ᠣᠷᠣᠰᠢᠵᠤ ᠪᠠᠶᠢᠭ᠎ᠠ ᠭᠤᠤᠯ ᠠᠰᠠᠭᠤᠳᠠᠯ

    1. ᠴᠢᠬᠤᠯᠠᠴᠢᠯᠠᠬᠤ ᠬᠡᠮᠵᠢᠶ᠎ᠡ ᠨᠢ ᠬᠦᠷᠦᠯᠴᠡᠬᠦ ᠦᠭᠡᠶ ᠪᠠᠶᠢᠨ᠎ᠠ᠃ ᠣᠯᠠᠩᠬᠢ ᠰᠠᠯᠠᠭ᠎ᠠ ᠮᠥᠴᠢᠷ ᠤᠳ ︽

ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠠᠵᠢᠯ ᠤᠨ ᠲᠤᠬᠠᠶ ᠲᠠᠨᠢᠯᠲᠠ ᠶᠢ ᠪᠣᠳᠠᠲᠠᠶᠢᠵᠢᠭᠤᠯᠤᠭᠰᠠᠨ

ᠥᠬᠡᠶ᠂ ᠰᠢᠶᠠᠨ ᠤ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠬᠤᠸᠠᠳᠧ ᠰᠢᠶᠠᠨ ᠤ ᠵᠠᠬ᠎ᠠ

ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠨ ᠬᠤᠯᠪᠣᠭᠠᠯᠠᠭᠰᠠᠨ ︿

ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ﹀ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠥᠰᠦᠯ ᠢ

ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠵᠡᠷᠭᠡ ᠬᠠᠮᠢᠶ᠎ᠠ ᠪᠥᠬᠦᠶ

ᠪᠢᠴᠢᠭ ᠮᠠᠲ᠋ᠧᠷᠢᠶᠠᠯ ᠤᠨ ᠰᠤᠳᠤᠯᠭᠠᠨ ᠨᠢ ᠨᠠᠷᠢᠨ ᠲᠣᠳᠣᠷᠬᠠᠶ ᠥᠬᠡᠶ᠂ ᠬᠠᠮᠢᠶ᠎ᠠ ᠪᠥᠬᠦᠶ ᠠᠵᠢᠯ ᠢ ᠨᠠᠩ ᠭᠦᠨ ᠲᠠᠰ

ᠳᠠᠪᠬᠤᠷᠭ᠎ᠠ ᠪᠠᠷ ᠥᠷᠨᠢᠭᠦᠯᠵᠦ ᠪᠣᠯᠬᠤ ᠥᠬᠡᠶ᠂ ᠪᠥᠬᠦ ᠰᠢᠶᠠᠨ ᠤ ︽ᠬᠤᠶᠠᠷ ᠢ ᠰᠤᠭᠤᠴᠢᠵᠤ᠂ ᠨᠢᠭᠡ ᠶᠢ ᠢᠯᠡ

ᠪᠣᠯᠭᠠᠬᠤ︾ ᠠᠵᠢᠯ ᠤᠨ ᠰᠤᠭᠤᠴᠢᠨ ᠪᠠᠶᠢᠴᠠᠭᠠᠬᠤ ᠶᠢᠨ ᠬᠠᠮᠤᠷᠬᠤ ᠬᠦᠷᠢᠶ᠎ᠡ ᠶᠢ ᠰᠢᠭᠤᠳ ᠨᠥᠯᠥᠭᠡᠯᠡᠭᠰᠡᠨ ᠪᠠᠶᠢᠨ᠎ᠠ᠃

    2. ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠳᠤ ᠪᠠᠨ ᠬᠦᠷᠲᠡᠵᠦ ᠴᠢᠳᠠᠬᠤ ᠦᠭᠡᠢ᠃ ᠡᠯ᠎ᠡ

ᠨᠢᠭᠡᠴᠡ ᠨᠦᠭᠦᠳ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠠᠵᠢᠯ ᠤᠨ ᠲᠠᠨᠢᠯᠲᠠ ᠶᠢ

ᠪᠣᠳᠠᠲᠠᠶᠢᠵᠢᠭᠤᠯᠤᠭᠰᠠᠨ ᠥᠬᠡᠶ᠂ ᠪᠣᠳᠠᠲᠠᠶ ᠠᠵᠢᠯᠯᠠᠬᠤ ᠬᠥᠮᠦᠰ ᠤᠨ ᠵᠢᠭᠠᠨ ᠲᠣᠭᠲᠠᠭᠠᠭᠰᠠᠨ ︽ᠬᠡᠵᠢᠶ᠎ᠡ ᠬᠡᠷᠡᠭᠯᠡᠪᠡᠯ

ᠲᠡᠳᠣᠢ ᠠᠳᠬᠤᠬᠤ︾ ᠦᠵᠡᠭᠳᠡᠯ ᠠᠴᠠ ᠪᠣᠯᠵᠣ ᠡᠭᠦᠰᠦᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ

ᠵᠠᠬᠢᠷᠭᠠᠨ ᠤ ᠰᠢᠳᠭᠡᠯ ᠲᠣᠷᠭᠠᠭᠤᠯᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠢᠯᠡ ᠨᠡᠶᠢᠲᠡᠯᠡᠭᠰᠡᠨ

ᠥᠬᠡᠶ᠂ ᠬᠠᠮᠵᠢᠯᠴᠠᠨ ᠬᠢᠨᠠᠨ ᠬᠠᠮᠢᠶᠠᠷᠬᠤ ᠠᠵᠢᠯ ᠬᠦᠨᠳᠦ ᠨᠣᠴᠢᠲᠠᠶ ᠬᠤᠴᠣᠷᠴᠤ ᠪᠠᠶᠢᠨ᠎ᠠ᠃

    ᠳᠥᠷᠪᠡ᠂ ᠲᠠᠷᠠᠭᠠᠴᠢ ᠶᠢᠨ ᠠᠯᠬᠤᠮ ᠤᠨ ᠠᠵᠢᠯ ᠤᠨ ᠰᠠᠨᠠᠭᠤᠯᠭ᠎ᠠ

    1. ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠤ ᠰᠡᠳᠬᠢᠯᠭᠡ ᠶᠢ ᠴᠢᠩᠭᠠᠷᠠᠭᠤᠯᠵᠤ᠂ ᠲᠣᠰ ᠨᠢᠭᠡᠴᠡ᠂

ᠲᠣᠰ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠶᠣᠰᠣᠭᠠᠷ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ

᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ

ᠭᠦᠨᠵᠡᠭᠡᠶᠢᠷᠡᠭᠦᠯᠬᠦ ᠬᠡᠷᠡᠭᠲᠡᠶ᠃ ᠡᠭᠦᠨ ᠤ ᠬᠠᠮᠲᠤ᠂ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ᠂ ᠰᠢᠶᠠᠨ ᠤ

ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ

ᠴᠢᠩᠭᠠᠳᠬᠠᠵᠤ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠴᠢᠷᠮᠠᠶᠢᠨ ᠪᠣᠶ ᠪᠣᠯᠭᠠᠵᠤ᠂ ᠬᠢᠨᠠᠯᠲᠠ ᠬᠠᠮᠢᠶᠠᠷᠤᠯᠲᠠ ᠶᠢᠨ

ᠬᠦᠷᠢᠶ᠎ᠡ ᠴᠠᠷᠠᠭ᠎ᠠ ᠶᠢ ᠨᠡᠶᠢᠳᠡᠮ ᠪᠦᠷᠬᠦᠭᠦᠯᠵᠦ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠶᠢ

ᠪᠠᠶᠢᠩᠭᠤᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃

    2. ᠡᠯ᠎ᠡ ᠨᠢᠭᠡᠴᠡ ᠨᠦᠭᠦᠳ ᠲᠤᠰᠬᠠᠶ ᠬᠥᠮᠦᠨ ᠲᠣᠭᠲᠠᠭᠠᠨ ᠬᠠᠷᠢᠭᠤᠴᠠᠭᠤᠯᠬᠤ ᠬᠡᠷᠡᠭᠲᠡᠶ᠃ ︽ᠬᠤᠶᠠᠷ

ᠬᠥᠮᠥᠷᠭᠡ ᠨᠢᠭᠡ ᠬᠠᠭᠤᠳᠠᠰᠤ︾ ᠪᠠᠶᠢᠭᠤᠯᠤᠭᠠᠳᠤᠶ ᠨᠢᠭᠡᠴᠡ ᠲᠣᠰ ᠰᠠᠯᠠᠭ᠎ᠠ ᠮᠥᠴᠢᠷ ᠤᠨ ᠡᠭᠦᠷᠭᠡ

ᠴᠢᠳᠠᠪᠤᠷᠢ ᠲᠠᠢ ᠪᠠᠨ ᠤᠶᠠᠯᠳᠤᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ ᠤ ᠬᠥᠮᠥᠷᠭᠡ᠂ ᠵᠠᠬ᠎ᠠ ᠳᠡᠯᠭᠡᠭᠦᠷ ᠤᠨ

ᠭᠤᠤᠯ ᠴᠣᠭᠴᠠ ᠶᠢᠨ ᠬᠥᠮᠥᠷᠭᠡ ᠵᠢᠴᠢ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠲᠦᠷᠭᠡᠬᠡᠨ

ᠲᠡᠭᠦᠯᠳᠡᠷᠵᠢᠭᠦᠯᠵᠦ᠂ ᠰᠤᠭᠤᠴᠢᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠬᠦ ᠶᠢ ᠰᠠᠨᠠᠭᠤᠯᠪᠠ᠃ ᠬᠡᠷᠪᠡ ᠰᠦᠯᠵᠢᠶ᠎ᠡ

ᠰᠠᠭᠠᠳ ᠥᠬᠡᠶ ᠨᠡᠪᠲᠡᠷᠡᠬᠦ ᠥᠬᠡᠶ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠵᠠᠰᠠᠭ ᠤᠨ ᠣᠷᠳᠣᠨ ᠤ

ᠠᠯᠪᠠᠨ ᠬᠡᠷ ᠪᠤᠶᠤ ᠨᠢᠭᠡᠳᠦᠮᠡᠯ ᠬᠤᠯᠪᠣᠭ᠎ᠠ ᠶᠢᠨ ᠺᠣᠮᠫᠠᠨᠢ ᠯᠤᠭ᠎ᠠ ᠬᠠᠷᠢᠯᠴᠠᠵᠤ᠂ ᠲᠣᠤᠷ ᠰᠦᠯᠵᠢᠶ᠎ᠡ ᠰᠠᠭᠠᠳ

ᠥᠬᠡᠶ ᠠᠴᠠ ᠪᠣᠯᠵᠣ ᠠᠵᠢᠯ ᠢᠶᠠᠨ ᠤᠳᠠᠭᠠᠰᠢᠷᠠᠭᠤᠯᠬᠤ ᠠᠴᠠ ᠵᠠᠶᠢᠯᠠᠰᠬᠢᠨ᠎ᠡ᠃

    ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ

    2024 ᠣᠨ ᠤ 4 ᠰᠠᠷ᠎ᠠ ᠶᠢᠨ 9 ᠤ ᠡᠳᠦᠷ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ 

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ

ᠣᠷᠴᠢᠭᠤᠯᠤᠭᠴᠢ᠄ ᠭᠠᠩᠭ᠎ᠠ     

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2