ᠬᠤᠸᠠᠳᠧ ᠰᠢᠶᠠᠨ ᠤ ᠯᠢᠶᠠᠨ ᠳ᠋ᠧ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠵᠢᠷᠤᠮᠵᠢᠭᠰᠠᠨ᠂ | ᠪᠠᠷᠢᠮᠵᠢᠶᠠᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠡᠭᠦᠨ ᠤ ᠡᠵᠡᠩᠨᠡᠯᠲᠡ | ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ 2024 ᠣᠨ ᠤ ᠨᠢᠭᠡᠳᠦᠭᠡᠷ | ᠤᠯᠠᠷᠢᠯ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠮᠡᠳᠡᠭᠳᠡᠯ︾ | ᠤᠨ ᠱᠠᠭᠠᠷᠳᠠᠯᠭ᠎ᠠ ᠶᠢ ᠦᠨᠳᠦᠰᠦᠯᠡᠨ᠂ ᠬᠤᠸᠠᠳᠧ ᠰᠢᠶᠠᠨ ᠤ ᠯᠢᠶᠠᠨ ᠳ᠋ᠧ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ 2024 ᠣᠨ ᠤ 4 ᠰᠠᠷ᠎ᠠ ᠶᠢᠨ 19 ᠤ ᠡᠳᠦᠷ ᠤᠶᠤᠨᠲᠤ ᠨᠠᠰᠤᠵᠢᠯ ᠤᠨ ᠠᠰᠠᠷᠠᠮᠵᠢ ᠶᠢᠨ | APP ᠶᠢᠨ ᠲᠠᠪᠴᠠᠩ ᠳᠤ ᠥᠪᠡᠷ ᠢ ᠪᠠᠨ ᠦᠨᠡᠯᠡᠵᠦ᠂ ᠥᠪᠥᠷ ᠮᠣᠩᠭᠤᠯ ᠤᠨ ᠡᠮᠴᠢᠯᠡᠭᠡ ᠰᠤᠪᠢᠯᠠᠯᠲᠠ | ᠡᠷᠡᠭᠦᠯᠵᠢᠯ ᠤᠨ ᠡᠷᠡᠭᠦᠯᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠠᠷ ᠬᠢᠨᠠᠨ ᠬᠠᠷᠭᠤᠭᠤᠯᠵᠤ᠂ ᠳᠥᠷᠪᠡᠳᠦᠭᠡᠷ | ᠳᠡᠰ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠬᠦ ᠶᠢ | ᠨᠤᠲᠠᠯᠠᠵᠤ᠂ ᠣᠲᠣ ᠥᠪᠡᠷ ᠤᠨ ᠦᠨᠡᠯᠡᠯᠲᠡ ᠶᠢᠨ ᠦᠷ᠎ᠡ ᠳ᠋ᠦᠩ ᠢᠶᠠᠨ ᠵᠠᠷᠯᠠᠨ ᠨᠡᠶᠢᠲᠡᠯᠡᠪᠡ᠃ ᠵᠠᠷᠯᠠᠨ ᠨᠡᠶᠢᠲᠡᠯᠡᠬᠦ | ᠬᠤᠭᠤᠴᠠᠭᠠᠨ ᠳᠤ ᠬᠡᠷᠪᠡ ᠬᠤᠸᠠᠳᠧ ᠰᠢᠶᠠᠨ ᠤ ᠯᠢᠶᠠᠨ ᠳ᠋ᠧ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠥᠪ ᠤᠨ ᠥᠪᠡᠷ ᠤᠨ ᠦᠨᠡᠯᠡᠯᠲᠡ ᠶᠢᠨ ᠦᠷ᠎ᠡ ᠳ᠋ᠦᠩ ᠳᠤ ᠣᠨᠳᠣᠣ ᠰᠠᠨᠠᠯ ᠲᠠᠢ ᠪᠣᠯ ᠬᠤᠸᠠᠳᠧ ᠰᠢᠶᠠᠨ ᠤ | ᠠᠷᠠᠳ ᠤᠨ ᠶᠠᠪᠤᠳᠠᠯ ᠤᠨ ᠲᠣᠪᠴᠢᠶ᠎ᠠ ᠳᠤ ᠲᠤᠰᠬᠠᠵᠤ ᠪᠣᠯᠤᠨ᠎ᠠ᠃ | | ᠨᠢᠭᠡ᠂ ᠢᠯᠡ ᠨᠡᠶᠢᠲᠡᠯᠡᠬᠦ ᠬᠤᠭᠤᠴᠠᠭ᠎ᠠ᠄ 2024 ᠣᠨ ᠤ 4 ᠰᠠᠷ᠎ᠠ ᠶᠢᠨ 25 ᠤ ᠡᠳᠦᠷ ᠠᠴᠠ 4 ᠰᠠᠷ᠎ᠠ ᠶᠢᠨ | 30 ᠤ ᠡᠳᠦᠷ ︵5 ᠠᠵᠢᠯᠯᠠᠬᠤ ᠡᠳᠦᠷ︶ | ᠬᠤᠶᠠᠷ᠂ ᠬᠦᠯᠢᠶᠡᠨ ᠠᠪᠴᠤ ᠰᠢᠢᠳᠪᠦᠷᠢᠯᠡᠬᠦ ᠨᠢᠭᠡᠴᠡ᠄ ᠬᠤᠸᠠᠳᠧ ᠰᠢᠶᠠᠨ ᠤ ᠠᠷᠠᠳ ᠤᠨ ᠶᠠᠪᠤᠳᠠᠯ ᠤᠨ | ᠲᠣᠪᠴᠢᠶ᠎ᠠ | ᠭᠤᠷᠪᠠ᠂ ᠭᠥᠯᠢᠶᠡᠨ ᠠᠪᠴᠤ ᠰᠢᠢᠳᠪᠦᠷᠢᠯᠡᠬᠦ ᠤᠲᠠᠰᠤ᠄ 0474 - 7907991 | ᠳᠥᠷᠪᠡ᠂ ᠬᠠᠷᠢᠯᠴᠠᠬᠤ ᠬᠠᠶ᠋ᠢᠭ᠄ ᠬᠤᠸᠠᠳᠧ ᠶᠢᠨ ᠰᠢᠶᠠᠨ ᠤ ᠴᠠᠩ ᠴᠦᠨ ᠶᠡᠭᠡ ᠵᠡᠭᠡᠯᠢ ᠶᠢᠨ ᠶᠢᠩ | ᠵᠣᠴᠢᠳ ᠤᠨ ᠪᠠᠭᠤᠳᠠᠯ ᠤᠨ ᠡᠰᠡᠷᠭᠦ ᠲᠠᠯ᠎ᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ 302 ᠠᠯᠪᠠᠨ ᠭᠡᠷ | | ᠬᠤᠸᠠᠳᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ | 2024 ᠣᠨ ᠤ 4 ᠰᠠᠷ᠎ᠠ ᠶᠢᠨ 25 ᠤ ᠡᠳᠦᠷ | | ᠢᠷᠡᠯᠲᠡ᠄ ᠬᠤᠸᠠᠳᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ | ᠵᠣᠬᠢᠶᠠᠭᠴᠢ᠄ ᠯᠢ ᠵᠢᠩ ᠶᠢᠩ | ᠣᠷᠴᠢᠭᠤᠯᠤᠭᠴᠢ᠄ ᠭᠠᠩᠭ᠎ᠠ | | |