ᠮᠠᠨ ᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠪᠥᠬᠦ ᠣᠷᠣᠨ ᠤ ᠤᠯᠤᠰ ᠤᠨ ᠵᠢᠭᠡᠯᠡᠯᠭᠡ ᠶᠢᠨ ᠪᠠᠯᠠ ᠮᠥᠩᠭᠦ ᠶᠢᠨ ᠬᠠᠮᠢᠶᠠᠷᠤᠯᠲᠠ ᠪᠠ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠠᠵᠢᠯ ᠤᠨ ᠪᠣᠯᠪᠠᠰᠤᠷᠠᠭᠤᠯᠤᠯ ᠤᠨ ᠸᠢᠳᠢᠣ᠋ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/5/8
   4 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠥᠬᠦ ᠣᠷᠣᠨ ᠤ ᠤᠯᠤᠰ ᠤᠨ ᠵᠢᠭᠡᠯᠡᠯᠭᠡ ᠶᠢᠨ ᠪᠠᠯᠠ ᠮᠥᠩᠭᠦ ᠶᠢᠨ ᠬᠠᠮᠢᠶᠠᠷᠤᠯᠲᠠ ᠪᠠ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠠᠵᠢᠯ ᠤᠨ ᠪᠣᠯᠪᠠᠰᠤᠷᠠᠭᠤᠯᠤᠯ ᠤᠨ ᠸᠢᠳᠢᠣ᠋ ᠬᠤᠷᠠᠯ ᠬᠤᠷᠠᠯᠳᠤᠭᠤᠯᠪᠠ᠃   ᠬᠤᠷᠠᠯ ᠳᠡᠭᠡᠷ᠎ᠡ᠂ ᠡᠳ᠋ ᠤᠨ ᠵᠠᠰᠠᠭ ᠤᠨ ᠶᠠᠮᠤᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠢᠤᠢ ᠢ ᠹᠧᠩ ᠨᠥᠬᠦᠷ ᠡᠩ ᠲᠡᠷᠢᠭᠦᠨ ᠳᠤ ᠴᠢᠬᠤᠯᠠ ᠶᠠᠷᠢᠶ᠎ᠠ ᠲᠠᠯᠪᠢᠭᠰᠠᠨ ᠪᠥᠭᠡᠳ ᠲᠥᠪ ᠠᠴᠠ ᠨᠡᠮᠡᠵᠦ ᠲᠠᠷᠬᠠᠭᠠᠭᠰᠠᠨ ᠤᠯᠤᠰ ᠤᠨ ᠵᠢᠭᠡᠯᠡᠯᠭᠡ ᠶᠢᠨ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠪᠠ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠲᠤᠬᠠᠶ ᠪᠠᠶᠢᠷᠢᠯᠠᠭᠤᠯᠪᠠ᠃ ᠳᠠᠷᠠᠭ᠎ᠠ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠠᠷᠤᠭ᠎ᠠ ᠵᠢᠤᠢ ᠱᠦ ᠸᠧᠨ ᠨᠥᠬᠦᠷ ᠶᠠᠷᠢᠶ᠎ᠠ ᠲᠠᠯᠪᠢᠬᠤ ᠶᠢᠨ ᠬᠠᠮᠲᠤ ᠲᠥᠪ ᠠᠴᠠ ᠨᠡᠮᠡᠵᠦ ᠲᠠᠷᠬᠠᠭᠠᠭᠰᠠᠨ ᠤᠯᠤᠰ ᠤᠨ ᠵᠢᠭᠡᠯᠡᠯᠭᠡ ᠶᠢᠨ ᠪᠠᠯᠠ ᠮᠥᠩᠭᠦ ᠶᠢᠨ ᠬᠠᠮᠢᠶᠠᠷᠤᠯᠲᠠ ᠪᠠ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠲᠤᠰᠬᠠᠶ ᠪᠠᠶᠢᠴᠠᠭᠠᠯᠲᠠ ᠶᠢᠨ ᠠᠵᠢᠯ ᠢ ᠪᠠᠶᠢᠷᠢᠯᠠᠭᠤᠯᠪᠠ᠃   ᠬᠤᠷᠠᠯ ᠢᠶᠠᠷ ᠳᠠᠮᠵᠢᠭᠤᠯᠤᠨ ᠮᠠᠨ ᠤ ᠰᠢᠶᠠᠨ ᠡᠯ᠎ᠡ ᠲᠥᠰᠦᠪ ᠤᠨ ᠨᠢᠭᠡᠴᠡ ᠪᠠ ᠲᠥᠰᠦᠪ ᠤᠨ ᠭᠦᠢᠴᠡᠳᠬᠡᠯ ᠢ ᠭᠦᠢᠴᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠲᠠᠢ ᠪᠠᠶᠢᠵᠤ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠡᠯᠡ ᠮᠥᠩᠭᠦ ᠶᠢᠨ ᠬᠠᠮᠢᠶᠠᠷᠤᠯᠲᠠ ᠪᠠ ᠲᠥᠰᠦᠪ ᠪᠠ ᠲᠥᠰᠦᠪ ᠤᠨ ᠭᠦᠢᠴᠡᠳᠬᠡᠯ ᠤᠨ ᠡᠭᠦᠷᠭᠡ ᠶᠢ ᠭᠦᠢᠴᠡᠳᠬᠡᠬᠦ ᠶᠢ ᠬᠠᠮᠲᠤᠪᠠᠷ ᠠᠬᠢᠭᠤᠯᠬᠤ ᠬᠡᠷᠡᠭᠲᠡᠶ ᠭᠡᠵᠦ ᠲᠤᠷᠠᠳᠪᠠ᠃ᠢᠷᠡᠯᠲᠡ᠄ ᠬᠤᠸᠠᠳᠧ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠵᠣᠬᠢᠶᠠᠭᠴᠢ᠄ ᠯᠢ ᠪᠢᠩ ᠵᠢᠶᠧᠣᠷᠴᠢᠭᠤᠯᠤᠭᠴᠢ᠄ ᠭᠠᠩᠭ᠎ᠠ  
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2