ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠰᠠᠶᠢᠲᠤᠷ ᠠᠳᠬᠤᠪᠠ
ᠨᠡᠶᠢᠲᠡᠯᠡᠭᠰᠡᠨ ᠴᠠᠭ᠄
2024/5/8

    ᠡᠨᠡ ᠵᠢᠯ ᠠᠴᠠ ᠨᠠᠰᠢ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠠᠮ ᠤᠨ

ᠤᠳᠤᠷᠢᠳᠬᠤ ᠳᠤᠭᠤᠶᠢᠯᠠᠩ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ

ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ

ᠠᠳᠬᠤᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠠᠮ ᠤᠨ ᠰᠤᠷᠲᠠᠯ ᠤᠨ ᠪᠠ ᠠᠷᠢᠭᠤᠨ

ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠰᠠᠶᠢᠲᠤᠷ ᠠᠳᠬᠤᠵᠠᠶ᠃

    ᠨᠢᠭᠡ ᠳᠤ᠂ ᠪᠦᠬᠦ ᠲᠠᠯ᠎ᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠬᠤᠷᠠᠯ ᠳᠡᠭᠡᠷ᠎ᠡ᠂ ᠦᠷᠭᠦᠯᠵᠢᠯᠡᠨ

ᠭᠠᠷ ᠤᠨ ᠦᠰᠦᠭ ᠵᠢᠷᠤᠭᠰᠠᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ

ᠪᠠᠶᠢᠭᠤᠯᠤᠯᠲᠠ ᠶᠢᠨ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠢᠶᠠᠷ ᠭᠤᠣᠯ ᠠᠭᠤᠯᠭ᠎ᠠ ᠪᠣᠯᠭᠠᠨ᠎ᠠ᠃ ᠨᠠᠮ ᠤᠨ

ᠰᠤᠷᠲᠠᠯ ᠤᠨ ᠪᠠᠶᠢᠭᠤᠯᠤᠯᠲᠠ ᠠᠷᠢᠭᠤᠨ ᠴᠢᠭᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠢᠯᠵᠠᠷᠠᠯ ᠢ ᠡᠰᠡᠷᠭᠦᠴᠡᠬᠦ

ᠠᠵᠢᠯ ᠢ ᠲᠤᠰ ᠨᠢᠭᠡᠴᠡ ᠶᠢᠨ ᠡᠯ᠎ᠡ ᠠᠯᠪᠠᠨ ᠤ ᠲᠤᠬᠠᠶᠢᠯᠠᠭᠰᠠᠨ ᠠᠵᠢᠯ ᠲᠠᠢ ᠵᠡᠷᠭᠡ ᠪᠠᠷ  

ᠨᠠᠢᠳᠠᠪᠤᠷᠢᠵᠢᠭᠤᠯᠤᠨ᠎ᠠ ᠃

    ᠬᠤᠶᠠᠷ ᠲᠤ᠂ ᠨᠠᠮ ᠤᠨ ᠳᠣᠲᠣᠭᠠᠳᠤ ᠶᠢᠨ ᠠᠮᠢᠳᠤᠷᠠᠯ ᠢ ᠦᠷᠭᠦᠯᠵᠢᠯᠡᠨ ᠴᠢᠩᠳᠠᠯᠠᠵᠤ᠂ ᠳᠣᠲᠣᠭᠠᠳᠤ ᠶᠢᠨ

ᠬᠢᠨᠠᠯᠲᠠ ᠶᠢ ᠴᠢᠩᠭᠠᠳᠬᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠠ

ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠬᠠᠮᠲᠤ ᠤᠳᠤᠷᠢᠳᠬᠤ

ᠺᠠᠳ᠋ᠷ ᠤᠨ ᠲᠤᠰᠢᠶᠠᠯ ᠤᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠪᠠ ᠺᠠᠳ᠋ᠷ ᠠᠵᠢᠯᠳᠠᠨ ᠤ

ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠲᠦᠷᠢᠮ ᠢ ᠪᠠᠷᠢᠮᠲᠠᠯᠠᠬᠤ ᠬᠡᠷᠡᠭᠲᠡᠢ᠃

    ᠭᠤᠷᠪᠠ ᠳᠤ᠂ ᠨᠡᠶᠢᠭᠡᠮ ᠤᠨ ᠬᠢᠨᠠᠯᠲᠠ ᠶᠢ ᠦᠷᠭᠦᠯᠵᠢᠯᠡᠨ  ᠴᠢᠩᠬᠠᠳᠭᠠᠵᠤ ᠂ ᠵᠠᠰᠠᠭ ᠤᠨ

ᠶᠠᠪᠤᠳᠠᠯ ᠢ ᠢᠯᠡ ᠪᠣᠯᠭᠠᠬᠤ᠂ ᠬᠢᠨᠠᠯᠲᠠ ᠲᠠᠯᠪᠢᠭᠴᠢ ᠶᠢ ᠤᠷᠢᠵᠤ᠂ ᠣᠯᠠᠨ ᠲᠦᠮᠡᠨ ᠤ ᠵᠠᠬᠢᠲᠠᠯ ᠰᠣᠷᠪᠤᠯᠵᠢᠯᠠᠭ᠎ᠠ ᠶᠢ

ᠬᠦᠯᠢᠶᠡᠨ ᠠᠪᠤᠭᠰᠠᠨ ᠰᠠᠭᠤᠷᠢᠨ ᠳᠡᠭᠡᠷ᠎ᠡ᠂ ᠠᠷᠭ᠎ᠠ ᠵᠠᠮ ᠢᠶᠠᠨ ᠤᠯᠠᠮ ᠨᠢᠭᠡ ᠠᠯᠬᠤᠮ ᠦᠷᠭᠡᠳᠭᠡᠨ᠂

ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠤ ᠬᠤᠯᠪᠤᠭᠳᠠᠬᠤ᠂ ᠠᠮᠠᠷᠬᠠᠨ ᠢᠯᠵᠠᠷᠠᠯ ᠡᠭᠦᠰᠭᠡᠬᠦ

ᠬᠠᠯᠠᠭᠤᠨ ᠴᠡᠭ ᠤᠨ ᠠᠰᠠᠭᠤᠳᠠᠯ ᠢ ᠢᠯᠡ ᠪᠠᠷ ᠰᠢᠢᠳᠪᠦᠷᠢᠯᠡᠪᠡ᠃

    ᠳᠥᠷᠪᠡ ᠳᠤ᠂ ᠤᠯᠤᠰ ᠲᠥᠷᠥ ᠶᠢᠨ ᠣᠨᠣᠯ ᠪᠣᠯᠣᠨ ᠬᠠᠤᠯᠢ ᠴᠠᠭᠠᠵᠠ ᠬᠠᠤᠯᠢ ᠲᠣᠭᠲᠠᠭᠠᠯ ᠤᠨ

ᠰᠤᠷᠤᠯᠴᠠᠯᠭ᠎ᠠ ᠶᠢ ᠦᠷᠭᠦᠯᠵᠢᠯᠡᠨ ᠴᠢᠩᠭᠠᠳᠬᠠᠵᠤ᠂ ᠪᠠᠭ᠎ᠠ ᠳᠡᠭᠡᠷ᠎ᠡ ᠨᠢ ᠰᠡᠷᠬᠡᠢᠯᠡᠬᠦ 

ᠬᠡᠷᠡᠭᠲᠡᠢ᠃

    ᠲᠠᠪᠤ ᠳᠤ᠂ ᠺᠠᠳ᠋ᠷ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ

ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠬᠠᠷᠢᠭᠤᠴᠠᠯᠭ᠎ᠠ ᠶᠢ ᠵᠠᠳᠠᠯᠬᠤ᠂ ᠬᠠᠷᠢᠭᠤᠴᠠᠯᠭ᠎ᠠ ᠶᠢ ᠬᠢᠨᠠᠨ ᠰᠢᠯᠭᠠᠬᠤ᠂

ᠬᠠᠷᠢᠭᠤᠴᠠᠯᠭ᠎ᠠ ᠶᠢ ᠨᠡᠬᠡᠮᠵᠢᠯᠡᠬᠦ ᠭᠤᠷᠪᠠᠨ ᠴᠢᠬᠤᠯᠠ ᠭᠤᠭᠴᠤᠭ᠎ᠠ ᠶᠢ ᠰᠠᠶᠢᠲᠤᠷ ᠡᠵᠡᠮᠳᠡᠵᠦ᠂ ᠡᠨᠡ ᠭᠤᠷᠪᠠᠨ

ᠭᠤᠭᠴᠤᠭ᠎ᠠ ᠶᠢ ᠠᠵᠤ ᠠᠬᠤᠢ ᠶᠢᠨ ᠬᠠᠷᠢᠭᠤᠴᠠᠯᠭ᠎ᠠ ᠶᠢᠨ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠰᠢᠯᠭᠠᠯᠲᠠ᠂

ᠺᠠᠳ᠋ᠷ ᠤᠨ ᠬᠢᠨᠠᠨ ᠰᠢᠯᠭᠠᠯᠲᠠ ᠶᠢᠨ ᠠᠵᠢᠯ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ

ᠬᠠᠷᠢᠭᠤᠴᠠᠯᠭ᠎ᠠ ᠶᠢᠨ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠤᠬᠠᠮᠰᠠᠷ ᠠᠴᠠ ᠪᠠᠨ ᠨᠠᠮ ᠤᠨ

ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠱᠠᠭᠠᠷᠳᠠᠯᠭ᠎ᠠ ᠶᠢ ᠡᠯ᠎ᠡ ᠵᠦᠢᠯ ᠤᠨ

ᠠᠵᠢᠯ ᠳᠤ ᠠᠭᠤᠰᠤᠯᠴᠠᠭᠤᠯᠵᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠠᠵᠢᠯ ᠤᠨ ᠭᠦᠨᠵᠡᠭᠡᠢ

ᠥᠷᠨᠢᠬᠦ ᠶᠢ ᠤᠯᠠᠮ ᠨᠢᠭᠡ ᠠᠯᠬᠤᠮ ᠠᠬᠢᠭᠤᠯᠪᠠ᠃

 

ᠢᠷᠡᠯᠲᠡ᠄ ᠬᠤᠸᠠᠳᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ

ᠵᠣᠬᠢᠶᠠᠭᠴᠢ᠄ ᠯᠠᠨ ᠢᠦᠶ ᠱᠠᠨ

ᠣᠷᠴᠢᠭᠤᠯᠤᠭᠴᠢ᠄ ᠭᠠᠩᠭ᠎ᠠ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2