ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠠᠪᠴᠤ ᠨᠡᠶᠢᠭᠡᠮ ᠤᠨ ᠵᠥᠷᠢᠴᠡᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/5/9

    2024 ᠣᠨ ᠳᠤ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠥᠷᠥ ᠶᠢᠨ

ᠶᠠᠪᠤᠳᠠᠯ ᠤᠨ ᠬᠤᠷᠢᠶᠠᠨ ᠤ ︽ᠵᠠᠬᠢᠳᠠᠯ ᠰᠤᠷᠪᠤᠯᠵᠢᠯᠠᠭ᠎ᠠ ᠶᠢᠨ ᠲᠦᠷᠢᠮ︾ ᠢ ᠬᠢᠨᠠᠮᠠᠭᠠᠶ ᠲᠤᠤᠱᠯᠠᠭᠤᠯᠤᠨ

ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠪᠤᠶᠢᠮ᠎ᠠ ᠠᠰᠠᠭᠤᠳᠠᠯ ᠵᠢᠴᠢ ᠪᠦᠯᠦᠭᠯᠡᠯ ᠤᠨ ᠴᠢᠨᠠᠷᠲᠠᠶ

ᠬᠡᠷᠡᠭ ᠢ ᠲᠣᠬᠢᠲᠠᠶ ᠰᠢᠢᠳᠪᠦᠷᠢᠯᠡᠵᠦ᠂ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂

ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠨᠡᠶᠢᠭᠡᠮ ᠤᠨ ᠵᠥᠷᠢᠴᠡᠯ ᠢ ᠵᠢᠭᠰᠠᠭᠠᠨ ᠪᠠᠶᠢᠴᠠᠭᠠᠵᠤ ᠠᠷᠢᠯᠭᠠᠬᠤ

ᠠᠵᠢᠯ ᠢ ᠬᠢᠨᠠᠮᠠᠭᠠᠶ ᠰᠠᠶᠢᠲᠤᠷ ᠬᠢᠨ᠎ᠡ᠄

    ᠨᠢᠭᠡ ᠳᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠠᠷᠠᠳ

ᠣᠯᠠᠨ ᠤ ᠠᠰᠢᠭ ᠲᠤᠰᠠ ᠠᠴᠠ ᠡᠭᠦᠰᠬᠦ ᠶᠢ ᠪᠠᠷᠢᠮᠲᠠᠯᠠᠵᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ

ᠬᠤᠪᠢᠶᠠᠨ ᠬᠠᠷᠢᠭᠤᠴᠠᠬᠤ᠂ ᠬᠡᠨ ᠭᠤᠤᠯᠴᠢᠯᠠᠨ  ᠬᠠᠮᠢᠶᠠᠷᠤᠪᠠᠯ ᠲᠡᠷᠡ ᠬᠠᠷᠢᠭᠤᠴᠠᠬᠤ ᠪᠠ

ᠠᠰᠠᠭᠤᠳᠠᠯ ᠢ ᠬᠠᠤᠯᠢ ᠶᠣᠰᠣᠭᠠᠷ ᠴᠠᠭ ᠲᠤᠬᠠᠶ ᠳᠤᠨᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠪᠠ ᠬᠥᠲᠥᠯᠥᠨ

ᠵᠢᠯᠣᠭᠤᠳᠴᠤ ᠰᠤᠷᠭᠠᠨ ᠬᠥᠮᠦᠵᠢᠭᠦᠯᠬᠦ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠡᠯ᠎ᠡ ᠵᠦᠢᠯ ᠤᠨ

ᠵᠥᠷᠴᠡᠯ ᠪᠠ ᠲᠣᠭᠲᠠᠭᠤᠨ ᠪᠤᠰᠤ ᠬᠦᠴᠦᠨ ᠵᠦᠢᠯ ᠢ ᠪᠦᠬᠦ ᠲᠠᠯ᠎ᠠ ᠪᠠᠷ ᠭᠦᠨᠵᠡᠭᠡᠢ ᠪᠠᠶᠢᠴᠠᠭᠠᠵᠤ ᠤᠷᠢᠳᠴᠢᠯᠠᠨ

ᠰᠡᠷᠭᠡᠶᠢᠯᠡᠬᠦ ᠬᠡᠷᠡᠭᠲᠡᠢ᠃

    ᠬᠤᠶᠠᠷ ᠲᠤ᠂ ᠵᠠᠬᠢᠳᠠᠯ ᠰᠤᠷᠪᠤᠯᠵᠢᠯᠠᠭ᠎ᠠ ᠶᠢᠨ ᠳᠣᠪᠤᠶᠢᠮ᠎ᠠ ᠠᠰᠠᠭᠤᠳᠠᠯ᠂ ᠣᠯᠠᠨ ᠲᠦᠮᠡᠨᠴᠢ ᠴᠢᠨᠠᠷᠲᠠᠶ

ᠬᠡᠷᠡᠭ ᠤᠨ ᠳᠠᠯᠳᠠ ᠭᠡᠮ ᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ

ᠨᠥᠯᠥᠭᠡᠯᠡᠬᠦ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠯᠤᠰ ᠤᠨ ᠭᠠᠵᠠᠷ

ᠰᠢᠷᠣᠶ ᠡᠬᠢ ᠪᠠᠶᠠᠯᠢᠭ ᠤᠨ ᠵᠥᠷᠢᠴᠡᠯ ᠵᠢᠭᠤᠷᠠᠯᠳᠤᠭᠠᠨ ᠢ ᠦᠨᠡᠨᠬᠦ ᠲᠤᠬᠠᠶ ᠶᠢᠨ ᠭᠠᠵᠠᠷ ᠲᠤᠨᠢ ᠠᠷᠢᠯᠭᠠᠵᠤ᠂

ᠦᠨᠳᠦᠰᠦᠨ ᠱᠠᠲᠤᠨ ᠳᠤ ᠠᠷᠢᠯᠭᠠᠵᠤ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠢ᠃

    ᠭᠤᠷᠪᠠ ᠳᠤ᠂ ︽ᠡᠷᠲᠡ ᠪᠠᠶᠢᠴᠠᠭᠠᠵᠤ᠂ ᠡᠷᠲᠡ ᠢᠯᠡᠷᠡᠭᠦᠯᠵᠦ᠂ ᠰᠠᠶᠢᠨ ᠡᠵᠡᠮᠳᠡᠵᠦ᠂ ᠰᠠᠶᠢᠲᠤᠷ

ᠰᠢᠢᠳᠪᠦᠷᠢᠯᠡᠬᠦ︾ ᠱᠠᠭᠠᠷᠳᠠᠯᠭ᠎ᠠ ᠶᠣᠰᠣᠭᠠᠷ᠂ ᠠᠷᠠᠳ ᠤᠯᠠᠨ ᠤ ᠲᠤᠰᠬᠠᠭᠰᠠᠨ ᠠᠰᠠᠭᠤᠳᠠᠯ ᠪᠣᠯᠤᠨ ᠪᠣᠳᠠᠲᠠᠢ

ᠬᠦᠴᠢᠷᠳᠡᠯ ᠢ ᠨᠠᠷᠢᠨ ᠬᠢᠨᠠᠮᠠᠭᠠᠢ ᠬᠠᠷᠢᠭᠤᠴᠠᠨ ᠰᠢᠢᠳᠪᠤᠷᠢᠯᠠᠨ᠎ᠠ᠃

   ᠲᠦᠷᠪᠡ ᠳᠤ᠂ ᠬᠦᠯᠢᠶᠡᠨ ᠠᠪᠴᠤ ᠰᠢᠢᠳᠪᠦᠷᠢᠯᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠲᠤ ︽

ᠭᠤᠷᠪᠠ ᠶᠢ ᠲᠠᠯᠪᠢᠵᠤ ᠲᠠᠯᠪᠢᠬᠤ ᠦᠭᠡᠢ︾᠂ ᠳᠠᠷᠤᠢ ᠠᠰᠠᠭᠤᠳᠠᠯ ᠢ ᠪᠠᠶᠢᠴᠠᠭᠠᠨ ᠲᠣᠳᠣᠯᠠᠬᠤ ᠦᠭᠡᠢ ᠪᠣᠯ ᠲᠠᠯᠪᠢᠬᠤ

ᠦᠭᠡᠢ᠂ ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠲᠠᠯᠪᠢᠬᠤ ᠦᠭᠡᠢ᠂ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ

ᠨᠠᠶᠢᠳᠠᠪᠤᠷᠢᠵᠢᠭᠤᠯᠬᠤ ᠦᠭᠡᠢ ᠪᠣᠯ ᠲᠠᠯᠪᠢᠬᠤ ᠦᠭᠡᠢ ᠪᠠᠶᠢᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ

ᠠᠵᠢᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠢ ᠰᠡᠳᠬᠢᠯ ᠬᠠᠨᠤᠮᠵᠢᠲᠠᠶ ᠪᠣᠯᠭᠠᠵᠤ᠂ ᠤᠯᠠᠨ

ᠲᠦᠮᠡᠨ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠢ᠃ 1-4 ᠰᠠᠷ᠎ᠠ ᠳᠤ ᠪᠥᠯᠦᠭ  ᠤᠨ ᠴᠢᠨᠠᠷᠲᠠᠢ

ᠳᠡᠭᠡᠭᠰᠢ ᠰᠤᠷᠪᠤᠯᠵᠢᠯᠠᠬᠤ ᠬᠡᠷᠡᠭ ᠭᠠᠷᠤᠭᠰᠠᠨ ᠦᠭᠡᠢ᠃

 

ᠢᠷᠡᠯᠲᠡ᠄ ᠬᠤᠸᠠᠳᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ

ᠵᠣᠬᠢᠶᠠᠭᠴᠢ᠄ ᠯᠠᠨ ᠢᠦᠶ ᠱᠠᠨ

ᠣᠷᠴᠢᠭᠤᠯᠤᠭᠴᠢ᠄ ᠭᠠᠩᠭ᠎ᠠ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2