ᠴᠠᠩ ᠳ᠋ᠠ ᠸᠧᠢ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/24

    7 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠰᠢᠶᠠᠨ ᠤ ᠨᠠᠮ ᠤᠨ

ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 7 ᠳ᠋ᠤᠭᠠᠷ ᠤᠳᠠᠭ᠎ᠠ ᠶᠢᠨ

ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃

1721738326408097958.jpg

     ᠬᠤᠷᠠᠯ ᠠᠴᠠ᠂ ᠡᠯ᠎ᠡ ᠱᠠᠲᠤᠨ ᠤ ᠤᠳᠤᠷᠢᠳᠬᠤ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠦᠵᠡᠯ

ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ

ᠲᠤᠭᠤᠰᠢᠯᠠᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠬᠤ ᠪᠠ ᠬᠦᠳᠦᠯᠦᠨ ᠵᠢᠯᠣᠭᠤᠳᠬᠤ ᠠᠵᠢᠯ ᠤᠨ

ᠴᠢᠬᠤᠯᠠ ᠴᠢᠨᠠᠷ ᠢ ᠭᠦᠢᠴᠡᠳ ᠲᠠᠨᠢᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠢᠮᠠᠭᠲᠠ ᠪᠠᠷᠢᠮᠲᠠᠯᠠᠵᠤ᠂ ᠵᠥᠪ

ᠤᠯᠤᠰ ᠲᠦᠷᠦ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠦᠷᠳᠡᠭ ᠤᠨ ᠬᠠᠨᠳᠤᠰᠢ ᠶᠢ ᠪᠠᠲᠤ ᠡᠵᠡᠮᠳᠡᠵᠦ᠂

ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠭᠤᠣᠯ

ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠲᠠᠰᠤᠷᠠᠯᠲᠠ ᠦᠭᠡᠢ ᠪᠠᠬᠢᠵᠢᠭᠦᠯᠦᠨ ᠪᠤᠵᠠᠭᠠᠶᠢᠷᠠᠭᠤᠯᠵᠤ᠂

ᠠᠵᠢᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠨ

ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂

ᠭᠡᠨᠡᠳᠲᠡ ᠶᠢᠨ ᠬᠡᠷᠡᠭ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠪᠠ ᠬᠦᠳᠦᠯᠦᠨ ᠵᠢᠯᠣᠭᠤᠳᠬᠤ ᠠᠵᠢᠯ ᠢ

ᠴᠠᠭ ᠲᠤᠬᠠᠢ ᠳᠤᠨᠢ ᠯᠠᠪᠳᠠᠭᠤᠨ ᠢᠶᠠᠷ ᠰᠠᠶᠢᠲᠤᠷ ᠬᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ

ᠬᠠᠯᠬᠠᠪᠴᠢ ᠶᠢ ᠪᠠᠲᠤ ᠰᠠᠬᠢᠵᠤ᠂ ᠬᠤᠸᠠᠳᠧ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠶᠠᠷᠢᠶ᠎ᠠ

ᠬᠡᠯᠡᠯᠴᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

     ᠪᠦᠬᠦ ᠰᠢᠶᠠᠨ ᠤ ᠵᠢᠩᠬᠢᠨᠢ ᠰᠠᠯᠠᠭᠠᠨ ᠳᠡᠰ ᠵᠢᠴᠢ ᠲᠡᠭᠦᠨ ᠠᠴᠠ ᠳᠡᠭᠡᠭᠰᠢᠬᠢ ᠺᠠᠳ᠋ᠷ ᠬᠤᠷᠠᠯ ᠳᠤ ᠣᠷᠣᠯᠴᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ ᠠᠨᠵᠸᠯ   

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2