ᠬᠤᠸᠠᠳᠧ ᠰᠢᠶᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠮᠢ ᠠᠬᠤᠶ ᠣᠷᠴᠢᠨ ᠲᠣᠭᠤᠷᠢᠨ ᠤ ᠰᠢᠰᠲ᠋ᠧᠮ ᠤᠨ ᠨᠡᠶᠢᠲᠡᠯᠢᠭ ᠬᠡᠷᠡᠭ ᠢ ᠵᠢᠭᠰᠠᠭᠠᠭᠰᠠᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/25

    ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠬᠦ ᠶᠢᠨ ᠲᠥᠯᠥᠭᠡ᠂ 7

ᠰᠠᠷ᠎ᠠ ᠶᠢᠨ 23 ᠤ ᠡᠳᠦᠷ᠂ ᠤᠯᠠᠭᠠᠨᠴᠠᠪ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ

ᠬᠤᠸᠠᠳᠧ ᠰᠢᠶᠠᠨ ᠤ ᠬᠤᠪᠢᠶᠠᠷᠢ ᠲᠣᠪᠴᠢᠶ᠎ᠠ ᠠᠮᠢ ᠠᠬᠤᠶ ᠣᠷᠴᠢᠨ ᠲᠣᠭᠤᠷᠢᠨ ᠤ ᠰᠢᠰᠲ᠋ᠧᠮ ᠤᠨ ᠨᠡᠶᠢᠲᠡᠯᠢᠭ

ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ᠃

    ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠬᠤᠸᠠᠳᠧ ᠰᠢᠶᠠᠨ ᠤ ᠬᠤᠪᠢᠶᠠᠷᠢ

ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠰᠢᠤᠢ ᠯᠦᠩ

ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ︽ᠠᠵᠢᠯ ᠤᠨ ᠰᠠᠨᠠᠭᠤᠯᠭ᠎ᠠ︾᠂ ︽ᠲᠣᠭᠲᠠᠭᠠᠯ ᠠᠴᠠ

ᠵᠥᠷᠢᠴᠡᠨ ᠢᠳᠡᠵᠦ ᠤᠤᠭᠤᠬᠤ ᠠᠰᠠᠭᠤᠳᠠᠯ ᠤᠨ ᠨᠠᠵᠠᠭᠠᠶ ᠲᠠᠯ᠎ᠠ ᠶᠢᠨ ᠨᠠᠷᠢᠨ ᠲᠠᠩᠰᠠ︾ ᠵᠡᠷᠭᠡ ᠬᠠᠮᠢᠶ᠎ᠠ ᠪᠥᠬᠦᠶ

ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ︽ᠠᠮᠢ ᠠᠬᠤᠶ ᠣᠷᠴᠢᠨ

ᠲᠣᠭᠤᠷᠢᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ

ᠬᠡᠷᠡᠭ ᠤᠨ ᠵᠢᠱᠢᠶ᠎ᠡ ︿ᠰᠠᠶ᠋ᠢᠬᠠᠨ ᠡᠷᠬᠡ ᠠᠰᠢᠭ ᠲᠤ ᠣᠶᠢᠷᠠᠲᠤᠭᠠᠳ ᠥᠪᠡᠷ ᠢ ᠪᠠᠨ ᠠᠯᠳᠠᠪᠠ﹀︾ ᠭᠡᠬᠦ ᠵᠡᠷᠭᠡ ᠰᠠᠬᠢᠯᠭ᠎ᠠ

ᠪᠠᠲᠤ ᠬᠠᠤᠯᠢ ᠴᠠᠭᠠᠵᠠ ᠶᠢ ᠵᠥᠷᠢᠴᠡᠭᠰᠡᠨ ᠰᠡᠷᠡᠮᠵᠢ ᠶᠢᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃

图片5.png

    ᠬᠤᠷᠠᠯ ᠠᠴᠠ᠂ ᠪᠦᠬᠦ ᠨᠠᠮ ᠤᠨ ᠭᠡᠰᠢᠭᠦᠨ ᠺᠠᠳ᠋ᠷ ᠠᠵᠢᠯᠳᠠᠨ ᠠᠵᠢᠯᠴᠢᠨ ᠤᠬᠠᠮᠰᠠᠷ ᠠᠴᠠ ᠪᠠᠨ ᠨᠠᠮ ᠤᠨ ᠲᠦᠷᠢᠮ᠂

ᠨᠠᠮ ᠤᠨ ᠲᠣᠭᠲᠠᠭᠠᠯ᠂ ᠨᠠᠮ ᠤᠨ ᠰᠠᠬᠢᠯᠭ᠎ᠠ ᠪᠠᠲᠤ ᠶᠢᠨ ᠵᠢᠷᠤᠮᠵᠢᠯ ᠪᠣᠯᠤᠨ ᠥᠪᠡᠷ ᠤᠨ ᠶᠣᠰᠣ ᠰᠤᠷᠲᠠᠬᠤᠨ ᠤ

ᠪᠣᠯᠪᠠᠰᠤᠷᠠᠯ ᠪᠣᠯᠤᠨ ᠦᠢᠯᠡ ᠠᠵᠢᠯᠯᠠᠭ᠎ᠠ ᠶᠢᠨ ᠵᠢᠷᠤᠮᠵᠢᠯ ᠤᠨ ᠪᠠᠷᠢᠮᠵᠢᠶ᠎ᠠ ᠪᠠᠷ ᠢᠮᠠᠭᠲᠠ ᠪᠢᠰᠢᠷᠡᠨ ᠵᠢᠷᠦᠬᠡᠰᠢᠶᠡᠬᠦ ᠶᠢ

ᠮᠡᠳᠡᠵᠦ᠂ ᠰᠡᠷᠡᠮᠵᠢᠯᠡᠵᠦ᠂ ᠬᠤᠷᠢᠭ᠎ᠠ ᠱᠤᠭᠤᠮ ᠢ ᠰᠠᠬᠢᠬᠤ ᠶᠢ ᠪᠡᠶᠡᠯᠡᠭᠦᠯᠬᠦ ᠬᠡᠷᠡᠭᠲᠡᠢ᠃ ᠪᠡᠶ᠎ᠡ ᠪᠠᠨ ᠴᠢᠩᠭ᠎ᠠ ᠱᠠᠭᠠᠷᠳᠠᠬᠤ

ᠵᠣᠷᠢᠭ ᠰᠠᠨᠠᠭ᠎ᠠ ᠶᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠰ ᠤᠨ ᠡᠯ᠎ᠡ ᠲᠠᠯ᠎ᠠ ᠳᠤ

ᠠᠭᠤᠰᠤᠯᠴᠠᠭᠤᠯᠵᠤ᠂ ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠬᠦ᠂ ᠰᠦᠷᠳᠡᠭᠦᠯᠬᠦ᠂ ᠬᠥᠮᠦᠵᠢᠭᠦᠯᠬᠦ ᠦᠢᠯᠡᠳᠦᠯ ᠢ

ᠭᠦᠢᠴᠡᠳ ᠪᠠᠳᠠᠷᠠᠭᠤᠯᠵᠤ᠂ ᠰᠢᠰᠲ᠋ᠧᠮ ᠤᠨ ᠳᠣᠲᠣᠷ᠎ᠠ ᠢᠯᠡᠷᠡᠭᠰᠡᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ

ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠲᠠᠢ ᠬᠠᠷᠢᠴᠠᠭᠤᠯᠵᠤ᠂ ᠪᠡᠶ᠎ᠡ ᠪᠠᠨ ᠴᠢᠩᠭ᠎ᠠ ᠱᠠᠭᠠᠷᠳᠠᠵᠤ᠂

ᠠᠷᠢᠭᠤᠨ ᠴᠢᠬᠡᠴᠢ ᠪᠠᠷ ᠪᠡᠶ᠎ᠡ ᠪᠠᠨ ᠰᠠᠶᠢᠲᠤᠷ ᠬᠢᠵᠦ᠂ ᠵᠥᠪ ᠠᠮᠢᠳᠤᠷᠠᠬᠤᠢ ᠶᠢᠨ ᠦᠵᠡᠯᠲᠡ ᠪᠠ ᠦᠷᠳᠡᠭ ᠤᠨ

ᠦᠵᠡᠯᠲᠡ ᠶᠢ ᠪᠤᠢ ᠪᠣᠯᠭᠠᠬᠤ ᠬᠡᠷᠡᠭᠲᠡᠢ᠃ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠵᠤ᠂

︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠢᠲᠡᠭᠡᠯ ᠵᠣᠷᠢᠭ ᠡᠷᠡᠰ

ᠪᠠᠲᠤ᠂ ᠲᠠᠷᠢᠬᠢ ᠲᠣᠯᠣᠭᠠᠶ ᠪᠠᠨ ᠰᠡᠷᠭᠡᠭ ᠪᠠᠶᠢᠬᠤ ᠶᠢ ᠢᠮᠠᠭᠲᠠ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ

ᠰᠤᠷᠤᠯᠴᠠᠯᠭ᠎ᠠ ᠬᠥᠮᠦᠵᠢᠯ ᠪᠣᠯᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠰ ᠤᠨ

ᠭᠦᠨᠵᠡᠭᠡᠶ ᠠᠭᠤᠰᠤᠯᠴᠠᠯ᠂ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠥᠬᠡᠶ ᠠᠬᠢᠭᠤᠯᠵᠤ᠂ ᠨᠠᠩ ᠥᠨᠳᠥᠷ

ᠵᠣᠭᠰᠣᠴᠠ᠂ ᠨᠠᠩ ᠥᠷᠭᠡᠨ ᠬᠠᠷᠠᠭᠠᠰᠤ᠂ ᠨᠠᠩ ᠶᠡᠭᠡ ᠴᠢᠷᠮᠠᠶᠢᠯᠭ᠎ᠠ ᠪᠠᠷ ᠬᠤᠸᠠᠳᠧ ᠰᠢᠶᠠᠨ ᠤ ᠠᠮᠢ ᠠᠬᠤᠶ ᠣᠷᠴᠢᠨ

ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠥᠯᠥᠪᠵᠢᠭᠦᠯᠦᠨ ᠠᠬᠢᠭᠤᠯᠬᠤ

ᠬᠡᠷᠡᠭᠲᠡᠶ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2