ᠬᠤᠸᠠᠳᠧ ᠰᠢᠶᠠᠨ ᠳᠣᠯᠣᠳᠤᠭᠠᠷ ᠬᠤᠭᠤᠴᠠᠭᠠᠨ ᠤ ︽ᠠᠵᠢᠯᠲᠠᠨ ᠠᠵᠢᠯᠴᠢᠨ ᠤ ᠬᠤᠨᠳᠠᠭᠠᠲᠤ︾ ᠡᠷᠡᠭᠲᠡᠶ ᠶᠢᠨ ᠰᠠᠭᠰᠤᠨ ᠪᠥᠮᠪᠦᠭᠡ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/7/29

     7 ᠰᠠᠷ᠎ᠠ ᠶᠢᠨ 24 ᠤ ᠡᠳᠦᠷ᠂ ᠮᠠᠨ ᠤ ᠰᠢᠶᠠᠨ ᠳᠣᠯᠣᠳᠤᠭᠠᠷ ᠬᠤᠭᠤᠴᠠᠭᠠᠨ ᠤ ︽ᠠᠵᠢᠯᠲᠠᠨ ᠠᠵᠢᠯᠴᠢᠨ ᠤ

ᠬᠤᠨᠳᠠᠭᠠᠲᠤ︾ ᠡᠷᠡᠭᠲᠡᠶ ᠶᠢᠨ ᠰᠠᠭᠰᠤᠨ ᠪᠥᠮᠪᠦᠭᠡ ᠶᠢᠨ ᠤᠷᠤᠯᠳᠤᠭᠠᠨ ᠡᠷᠭᠢᠯᠡᠪᠡ᠃ ᠰᠢᠶᠠᠨ ᠤ ᠨᠠᠮ ᠤᠨ ᠬᠤᠷᠢᠶᠠᠨ ᠤ

ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢᠦ ᠷᠦᠩ ᠬᠤᠸᠠ ᠠᠵᠢᠯᠯᠠᠭ᠎ᠠ ᠳᠤ

ᠣᠷᠣᠯᠴᠠᠪᠠ᠃

1721958764199062769.png

    ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠲᠥᠪ ᠤᠨ ᠣᠷᠣᠨ ᠲᠤᠭ᠎ᠠ ᠶᠢᠨ ᠠᠯᠪᠠᠨ ᠭᠡᠷ ᠠᠴᠠ

ᠬᠤᠸᠠᠳᠧ ᠰᠢᠶᠠᠨ ᠳᠤ 60 ᠰᠠᠭᠰᠤᠨ ᠪᠥᠮᠪᠦᠭᠡ ᠬᠠᠨᠳᠢᠪᠯᠠᠵᠤ᠂ ᠲᠤᠰ ᠤᠳᠠᠭ᠎ᠠ ᠶᠢᠨ ᠤᠷᠤᠯᠳᠤᠭᠠᠨ ᠳᠤ ᠨᠡᠩ

ᠤᠯᠠᠨ ᠠᠮᠢᠵᠢᠷᠠᠯ ᠤᠨ ᠬᠦᠴᠦᠨ ᠪᠠ ᠳᠡᠮᠵᠢᠯᠭᠡ ᠶᠢ ᠨᠡᠮᠡᠭᠳᠡᠭᠦᠯᠵᠡᠢ᠃ ᠬᠢᠨᠠᠭᠴᠢ ᠶᠢᠨ ᠲᠥᠯᠥᠭᠡᠯᠡᠭᠴᠢ ᠪᠣᠯᠤᠨ

ᠲᠠᠮᠢᠷᠴᠢᠨ ᠤ ᠲᠥᠯᠥᠭᠡᠯᠡᠭᠴᠢ ᠲᠣᠰ ᠲᠣᠰ ᠲᠥᠪ ᠴᠢᠩᠭ᠎ᠠ ᠪᠠᠷ ᠲᠠᠩᠭᠠᠷᠢᠭᠯᠠᠵᠤ᠂ ᠤᠷᠤᠯᠳᠤᠭᠠᠨ ᠤ ᠳᠦᠷᠢᠮ ᠢ

ᠵᠢᠷᠤᠮᠯᠠᠵᠤ᠂ ᠡᠷᠬᠡ ᠲᠡᠭᠰᠢ᠂ ᠲᠥᠪ ᠭᠤᠤᠯᠴᠢ᠂ ᠢᠯᠡ ᠪᠠᠶᠢᠯᠭᠠᠬᠤ ᠵᠠᠷᠴᠢᠮ ᠢ ᠪᠠᠷᠢᠮᠲᠠᠯᠠᠬᠤ ᠪᠠᠷ ᠠᠮᠠᠯᠳᠠᠪᠠ᠃

图片1.png

    ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢ ᠰᠢᠨ ᠪᠠᠶᠠᠷ ᠤᠨ ᠦᠭᠡ ᠳᠡᠭᠡᠨ ᠢᠯᠡᠷᠬᠡᠶᠢᠯᠡᠬᠦ ᠳᠡᠭᠡᠨ᠂

ᠲᠣᠰ ᠤᠳᠠᠭᠠᠨ ᠤ ᠤᠷᠤᠯᠳᠤᠭᠠᠨ ᠢ ᠵᠣᠬᠢᠶᠠᠨ ᠪᠠᠶᠢᠭᠤᠯᠤᠭᠰᠠᠨ ᠨᠢ ᠪᠠᠶᠢᠭᠤᠯᠭ᠎ᠠ ᠶᠢᠨ ᠺᠠᠳ᠋ᠷᠴᠤᠳ ᠤᠨ ᠰᠠᠶᠢᠨ

ᠰᠠᠶᠢᠬᠠᠨ ᠤᠷᠤᠯᠳᠤᠭᠠᠨ ᠤ ᠬᠡᠪ ᠨᠠᠮᠪᠠ ᠪᠠ ᠪᠦᠯᠬᠦᠮᠳᠡᠨ ᠬᠠᠮᠵᠢᠯᠴᠠᠬᠤ᠂ ᠡᠷᠡᠰ ᠰᠢᠭᠤᠷᠬᠠᠶ ᠪᠠᠷ ᠤᠷᠤᠭᠰᠢᠯᠠᠨ

ᠳᠠᠪᠰᠢᠬᠤ᠂ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠤᠯᠠᠮ ᠨᠢᠭᠡ

ᠠᠯᠬᠤᠮ ᠢᠯᠡᠷᠡᠭᠦᠯᠬᠦ ᠶᠢᠨ ᠲᠥᠯᠥᠭᠡ ᠶᠤᠮ᠂ ᠪᠠᠰᠠ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠲᠣᠰ ᠤᠳᠠᠭᠠᠨ ᠤ

ᠰᠠᠭᠰᠤᠨ ᠪᠥᠮᠪᠦᠭᠡ ᠶᠢᠨ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠡᠨᠡᠬᠦ ᠪᠦᠯᠬᠦᠮᠳᠡᠨ ᠨᠢᠭᠡᠳᠬᠦ᠂ ᠡᠷᠡᠯᠬᠡᠭᠯᠡᠨ

ᠲᠡᠮᠡᠴᠡᠬᠦ ᠵᠣᠷᠢᠭ ᠰᠠᠨᠠᠭ᠎ᠠ ᠶᠢ ᠠᠵᠢᠯ ᠤᠨ ᠳᠤᠮᠳᠠ ᠪᠠᠨ ᠠᠪᠴᠢᠷᠠᠵᠤ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ

ᠴᠢᠨᠠᠷ ᠰᠠᠶᠢᠲᠠᠶ ᠬᠥᠭᠵᠢᠯᠲᠡ ᠳᠤ ᠬᠦᠴᠦ ᠬᠥᠯᠥᠰᠥ ᠪᠠᠨ ᠤᠷᠤᠰᠬᠠᠵᠤ᠂ ᠭᠠᠪᠢᠶ᠎ᠠ ᠪᠠᠶᠢᠭᠤᠯᠤᠨ ᠤᠶᠢᠯᠡᠰ

ᠪᠦᠲᠦᠭᠡᠬᠦ ᠶᠢᠨ ᠲᠥᠯᠥᠭᠡ ᠶᠤᠮ ᠭᠡᠵᠡᠶ᠃

   ᠤᠷᠤᠯᠳᠤᠭᠠᠨ ᠡᠬᠢᠯᠡᠭᠰᠡᠨ ᠤ ᠳᠠᠷᠠᠭ᠎ᠠ᠂ ᠲᠠᠮᠢᠷᠴᠢᠳ ᠦᠳᠲᠡᠷ ᠲᠦᠷᠭᠡᠨ ᠪᠠᠶᠢᠳᠠᠯ ᠳᠤ ᠣᠷᠣᠵᠤ᠂ ᠰᠢᠷᠦᠭᠦᠨ

ᠥᠷᠢᠰᠥᠯᠳᠦᠭᠡᠨ ᠶᠠᠪᠤᠭᠤᠯᠵᠤ᠂ ᠡᠯ᠎ᠡ ᠡᠩᠨᠡᠭᠡ ᠶᠢᠨ ᠬᠢᠨ ᠰᠠᠭᠰᠤᠨ ᠪᠥᠮᠪᠦᠭᠡ ᠶᠢᠨ ᠤᠷ᠎ᠠ ᠮᠡᠷᠭᠡᠵᠢᠯ ᠪᠣᠯᠤᠨ

ᠨᠤᠭᠤᠷᠠᠰᠢ ᠦᠭᠡᠢ ᠲᠡᠮᠡᠴᠡᠬᠦ ᠵᠣᠷᠢᠭ ᠰᠠᠨᠠᠭ᠎ᠠ ᠶᠢ ᠢᠯᠡᠷᠡᠭᠦᠯᠵᠦ᠂ ᠤᠷᠤᠯᠳᠤᠭᠠᠨ ᠳᠤ ᠭᠤᠶᠢᠳᠠ ᠰᠠᠶᠢᠬᠠᠨ ᠪᠣᠯᠪᠠ᠃

    ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ ᠬᠤᠸᠠᠳᠧ ᠰᠢᠶᠠᠨ ᠤ ᠠᠷᠠᠳ ᠤᠨ ᠵᠠᠰᠠᠭ ᠤᠨ

ᠣᠷᠳᠣᠨ ᠠᠴᠠ ᠭᠤᠤᠯᠯᠠᠨ ᠡᠷᠭᠢᠯᠡᠵᠦ᠂ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂

ᠠᠵᠢᠯᠴᠢᠨ ᠤ ᠶᠡᠷᠦᠩᠬᠡᠶ ᠡᠪᠯᠡᠯ ᠬᠠᠮᠵᠢᠯᠴᠠᠨ ᠡᠷᠭᠢᠯᠡᠪᠡ᠃ ᠲᠣᠰ ᠤᠳᠠᠭᠠᠨ ᠤ ᠰᠠᠭᠰᠤᠨ ᠪᠥᠮᠪᠦᠭᠡ ᠶᠢᠨ

ᠤᠷᠤᠯᠳᠤᠭᠠᠨ ᠢ ᠡᠷᠬᠢᠯᠡᠭᠰᠡᠨ ᠨᠢ ᠠᠵᠢᠯᠲᠠᠨ ᠠᠵᠢᠯᠴᠢᠨ ᠤ ᠬᠤᠭᠤᠷᠣᠨᠳᠣᠬᠢ ᠪᠦᠯᠬᠦᠮ ᠨᠡᠶᠢᠲᠡ ᠶᠢᠨ

ᠬᠠᠮᠲᠤᠷᠠᠯᠴᠠᠭᠠᠨ ᠤ ᠵᠣᠷᠢᠭ ᠰᠠᠨᠠᠭ᠎ᠠ ᠪᠠ ᠨᠢᠭᠲᠠᠷᠠᠯ ᠤᠨ ᠬᠦᠴᠦᠨ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠪᠠᠰᠠ

ᠠᠵᠢᠯᠲᠠᠨ ᠠᠵᠢᠯᠴᠢᠨ ᠤ ᠣᠶᠤᠨ ᠰᠠᠨᠠᠭᠠᠨ ᠤ ᠳᠦᠷᠰᠦ ᠪᠠᠶᠢᠳᠠᠯ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠢᠷᠢ

ᠲᠦᠪᠰᠢᠨ ᠢ ᠳᠡᠯᠭᠡᠨ ᠦᠵᠡᠭᠦᠯᠦᠭᠰᠡᠨ ᠤ ᠬᠠᠮᠲᠤ ᠮᠠᠨ ᠤ ᠰᠢᠶᠠᠨ ᠤ ᠪᠡᠶ᠎ᠡ ᠶᠢᠨ ᠲᠠᠮᠢᠷ ᠤᠨ ᠦᠢᠯᠡᠰ ᠤᠨ ᠴᠡᠴᠡᠭᠯᠡᠨ

ᠬᠥᠭᠵᠢᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠪᠣᠯᠤᠨ᠎ᠠ᠃

    ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ ᠵᠡᠷᠭᠡ

ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ ᠠᠨᠵᠸᠯ   

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2