ᠬᠤᠸᠠᠳᠧ ᠰᠢᠶᠠᠨ᠄ ᠵᠣᠷᠢᠭᠲᠠᠶ ᠪᠠᠷ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠠᠰᠢᠭ ᠣᠯᠵᠠᠪᠤᠷᠢ ᠣᠯᠵᠤ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠨᠣᠴᠣᠭᠠᠪᠠ
ᠨᠡᠶᠢᠲᠡᠯᠡᠭᠰᠡᠨ ᠴᠠᠭ᠄
2024/7/29

    ᠤᠯᠠᠭᠠᠨᠴᠠᠪ ᠬᠤᠲᠠ ᠶᠢᠨ ᠬᠤᠸᠠᠳᠧ ᠰᠢᠶᠠᠨ ︽ᠰᠢᠨ᠎ᠡ ᠵᠠᠮ ᠢ ᠨᠡᠭᠡᠭᠡᠵᠦ᠂ ᠳᠤᠮᠳᠠ ᠵᠢᠭᠤᠯᠴᠢᠯᠠᠯ ᠢ

ᠣᠷᠣᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂

ᠵᠣᠷᠢᠭᠲᠠᠶ ᠪᠠᠷ ᠴᠢᠳᠠᠮᠠᠭᠠᠶ ᠪᠠᠷ ᠠᠵᠢᠯᠯᠠᠵᠤ᠂ ᠤᠯᠤᠰ ᠤᠨ ᠴᠢᠬᠤᠯᠠ ᠶᠡᠭᠡ ᠣᠷᠣᠨ ᠪᠦᠰᠡ ᠶᠢᠨ ᠪᠠᠶᠢᠯᠳᠤᠬᠤ

ᠪᠣᠳᠣᠯᠭ᠎ᠠ ᠪᠠ ᠲᠥᠪ ᠠᠴᠠ ᠥᠪᠥᠷ ᠮᠣᠩᠭᠤᠯ ᠳᠤ ᠣᠯᠭᠤᠭᠰᠠᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠥᠬᠦ

ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃

    ︽ᠭᠦᠢᠴᠡᠳ ᠬᠡᠷᠡᠭᠯᠡᠵᠦ᠂ ᠰᠠᠶᠢᠲᠤᠷ ᠬᠡᠷᠡᠭᠯᠡᠵᠦ᠂ ᠠᠮᠢᠳᠤᠯᠢᠭ ᠬᠡᠷᠡᠭᠯᠡᠬᠦ︾ ᠲᠥᠷᠥ ᠶᠢᠨ ᠪᠣᠳᠣᠯᠭ᠎ᠠ ᠶᠢᠨ ᠠᠰᠢᠭ

ᠲᠤᠰᠠ ᠶᠢ ᠪᠠᠷᠢᠮᠲᠠᠯᠠᠨ᠎ᠠ᠃ ︽ᠬᠤᠸᠠᠳᠧ ᠰᠢᠶᠠᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ

ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠬᠠᠷᠠᠯᠲᠠ ᠡᠭᠦᠷᠭᠡ ᠶᠢ ᠲᠥᠷᠥᠯ ᠵᠦᠶ᠋ᠯᠵᠢᠭᠦᠯᠬᠦ᠂

ᠨᠠᠷᠢᠨ ᠲᠠᠩᠰᠠᠵᠢᠭᠤᠯᠬᠤ  ᠠᠵᠢᠯ ᠤᠨ ᠠᠬᠢᠴᠠ ᠶᠢ ᠭᠦᠢᠴᠡᠳᠭᠡᠬᠦ ᠲᠤᠭ᠎ᠠ ᠲᠠᠢ᠂ ᠬᠡᠮᠵᠢᠶᠡᠵᠢᠭᠦᠯᠬᠦ ᠶᠢ ᠦᠨᠡᠨ ᠬᠦ

ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠬᠤᠸᠠᠳᠧ ᠰᠢᠶᠠᠨ ᠳᠤ ᠨᠠᠩ ᠣᠯᠠᠨ ᠨᠠᠩ ᠰᠠᠶᠢᠲᠤᠷ

ᠬᠤᠪᠢᠷᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ᠃

    ︽ᠪᠠᠭ᠎ᠠ ᠶᠢ ᠨᠢ ᠨᠠᠶᠢᠳᠠᠪᠤᠷᠢᠵᠢᠭᠤᠯᠬᠤ᠂ ᠨᠠᠷᠢᠯᠢᠭ ᠨᠠᠶᠢᠳᠠᠪᠤᠷᠢᠵᠢᠭᠤᠯᠬᠤ᠂ ᠨᠠᠶᠢᠳᠠᠪᠤᠷᠢᠵᠢᠭᠤᠯᠬᠤ︾ ᠡᠭᠦᠷᠭᠡ

ᠬᠠᠷᠠᠯᠲᠠ ᠶᠢ ᠪᠠᠷᠢᠮᠲᠠᠯᠠᠨ᠎ᠠ᠃ ᠬᠤᠸᠠᠳᠧ ᠰᠢᠶᠠᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ 5000 ᠲᠦᠮᠡᠨ

ᠲᠥᠭᠦᠷᠢᠭ ᠠᠴᠠ ᠳᠡᠭᠡᠭᠰᠢ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠳ᠋ᠦᠩᠰᠢᠭᠤᠷ ᠲᠥᠭᠦᠷᠢᠭ ᠠᠴᠠ

ᠳᠡᠭᠡᠭᠰᠢᠬᠢ 12 ᠴᠢᠬᠤᠯᠠ ᠶᠡᠭᠡ ᠲᠥᠷᠥᠯ ᠵᠦᠢᠯ ᠢ ᠨᠢᠭᠡᠨᠲᠡ ᠪᠦᠬᠦᠨ ᠢ ᠠᠵᠢᠯ ᠰᠡᠷᠭᠦᠭᠡᠵᠦ᠂ 8.61 ᠳ᠋ᠦᠩᠰᠢᠭᠤᠷ

ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ︔ 2024 ᠣᠨ ᠤ ᠲᠥᠪ ᠤᠨ

ᠲᠥᠰᠦᠪ ᠤᠨ ᠳᠣᠲᠣᠷᠠᠬᠢ ᠪᠠᠯᠠ ᠮᠥᠩᠭᠦ 7477 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ

ᠲᠥᠰᠦᠪ ᠤᠨ ᠳᠣᠲᠣᠷᠠᠬᠢ ᠪᠠᠯᠠ ᠮᠥᠩᠭᠦ 1150 ᠲᠦᠮᠡᠨ ᠲᠥᠭᠦᠷᠢᠭ ᠢᠶᠠᠷ ᠪᠡᠶᠡᠯᠡᠭᠦᠯᠪᠡ︔ ᠡᠯᠡᠰᠦ ᠶᠢ

ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ

ᠢᠨᠵᠧᠨᠧᠷᠢᠩ ᠤᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ︔

ᠡᠭᠦᠨ ᠳᠤ ᠬᠡᠷᠡᠯ ᠴᠡᠨᠡᠭ ᠤᠨ 100 ᠲᠦᠮᠡᠨ ᠺᠢᠯᠣᠸᠠᠲ᠂ ᠰᠠᠯᠬᠢᠨ ᠬᠦᠴᠦᠨ ᠤ ᠴᠠᠬᠢᠯᠭᠠᠨ 50 ᠲᠦᠮᠡᠨ

ᠺᠢᠯᠣᠸᠠᠲ ᠢ ᠨᠢᠭᠡ ᠴᠤᠭᠴᠠᠵᠢᠭᠤᠯᠬᠤ ᠢᠨᠵᠧᠨᠧᠷᠢᠩ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠠᠯᠠᠪᠠᠶ ᠶᠢ

22 ᠲᠦᠮᠡᠨ ᠮᠥ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠤᠰᠠᠳᠬᠠᠬᠤ ᠳᠠᠶᠢᠨ ᠢ ᠡᠬᠢᠯᠡᠭᠦᠯᠬᠦ ᠳᠤ

ᠬᠦᠴᠦ ᠨᠡᠮᠡᠷᠢᠯᠡᠨ᠎ᠡ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠶᠠᠰᠤ ᠴᠢᠨᠠᠷ ᠢ ᠳᠡᠭᠡᠭᠰᠢᠯᠡᠭᠦᠯᠦᠨ

ᠰᠢᠯᠢᠳᠡᠭ ᠢ ᠪᠤᠶᠢᠵᠢᠭᠤᠯᠬᠤ︾ ᠠᠵᠢᠯᠯᠠᠭ᠎ᠠ ᠪᠠ ︽ᠬᠤᠤᠰ ᠥᠨᠳᠥᠷ ᠬᠤᠤᠰ ᠰᠢᠯᠢᠳᠡᠭ︾ ᠤᠨ ᠲᠥᠯᠥᠪᠯᠡᠭᠡ ᠶᠢ

ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠳᠤᠮᠳᠠ ᠵᠡᠷᠭᠡ ᠶᠢᠨ ᠠᠵᠢᠯ ᠮᠡᠷᠭᠡᠵᠢᠯ ᠤᠨ

ᠲᠤᠰᠬᠠᠶ ᠮᠡᠷᠭᠡᠵᠢᠯ ᠤᠨ ᠲᠥᠷᠥᠯ ᠵᠦᠢᠯ ᠢ ᠣᠳᠣᠬᠠᠨ ᠳᠤ ᠨᠢᠭᠡᠨᠲᠡ 80% ᠶᠢ ᠪᠡᠶᠡᠯᠡᠭᠦᠯᠦᠭᠰᠡᠨ ᠪᠥᠭᠡᠳ ︽ᠠᠵᠤ

ᠠᠬᠤᠶᠢᠯᠠᠯ ᠤᠨ ᠰᠢᠨ᠎ᠡ ᠬᠡᠯᠪᠡᠷᠢ ᠶᠢᠨ ᠱᠠᠪᠢ ᠡᠯᠰᠡᠬᠦ ᠲᠦᠷᠢᠮ︾ ᠤᠨ ᠬᠥᠮᠦᠵᠢᠯ ᠢ ᠥᠷᠨᠢᠭᠦᠯᠵᠦ᠂ ᠬᠤᠶᠠᠳᠤᠭᠠᠷ

ᠱᠠᠲᠤ ᠦᠶ᠎ᠡ ᠶᠢᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠢ ᠨᠢᠭᠡᠨᠲᠡ ᠥᠷᠨᠢᠭᠦᠯᠵᠦ᠂ ᠠᠯᠬᠤᠮ ᠠᠯᠬᠤᠮ ᠢᠶᠠᠷ

ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ

ᠪᠠᠶᠢᠭᠤᠯᠪᠠ᠃ ︵ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ︶

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ ᠠᠨᠵᠸᠯ   

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2