ᠬᠤᠸᠠᠳᠧ ᠰᠢᠶᠠᠨ 2024 ᠣᠨ ᠤ ᠠᠷᠠᠳ ᠤᠨ ᠡᠶᠡᠳᠡᠭᠦᠯᠦᠭᠴᠢ ᠵᠢᠴᠢ ᠬᠥᠳᠡᠭᠡ ᠲᠣᠰᠬᠤᠨ ᠤ ︽ᠬᠠᠤᠯᠢ ᠴᠠᠭᠠᠵᠠ ᠶᠢᠨ ᠮᠡᠷᠭᠡᠨ ᠬᠥᠮᠦᠨ︾ ᠤ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/7/29

    ᠠᠷᠠᠳ ᠤᠨ ᠡᠶᠡᠳᠡᠭᠦᠯᠦᠭᠴᠢ ᠵᠢᠴᠢ ︽ᠬᠠᠤᠯᠢ ᠴᠠᠭᠠᠵᠠ ᠶᠢᠨ ᠮᠡᠷᠭᠡᠨ ᠬᠥᠮᠦᠨ︾ ᠤ ᠡᠩᠨᠡᠭᠡᠨ ᠤ

ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠤᠨ ᠡᠶᠡᠳᠡᠭᠦᠯᠭᠡ ᠶᠢᠨ ᠠᠵᠢᠯ ᠤᠨ

ᠬᠠᠤᠯᠢᠵᠢᠭᠤᠯᠬᠤ᠂ ᠵᠢᠷᠤᠮᠵᠢᠭᠤᠯᠬᠤ᠂ ᠲᠤᠰᠬᠠᠶᠢᠵᠢᠭᠤᠯᠬᠤ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠶᠢᠨ

ᠲᠥᠯᠥᠭᠡ ᠶᠤᠮ᠃ 7 ᠰᠠᠷ᠎ᠠ ᠶᠢᠨ 25 ᠤ ᠡᠳᠦᠷ᠂ ᠬᠤᠸᠠᠳᠧ ᠰᠢᠶᠠᠨ 2024 ᠣᠨ ᠤ ᠠᠷᠠᠳ ᠤᠨ ᠡᠶᠡᠳᠡᠭᠦᠯᠦᠭᠴᠢ

ᠵᠢᠴᠢ ᠬᠥᠳᠡᠭᠡ ᠲᠣᠰᠬᠤᠨ ᠤ ︽ᠬᠠᠤᠯᠢ ᠴᠠᠭᠠᠵᠠ ᠶᠢᠨ ᠮᠡᠷᠭᠡᠨ ᠬᠥᠮᠦᠨ︾ ᠤ ᠪᠣᠯᠪᠠᠰᠤᠷᠠᠯ ᠤᠨ ᠠᠩᠭᠢ ᠡᠷᠭᠢᠯᠡᠪᠡ᠃

ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ

ᠢᠦᠢ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ

ᠳᠠᠷᠤᠭ᠎ᠠ ᠭᠦᠸᠧ ᠸᠧᠨ ᠶᠢᠨ ᠬᠤᠷᠠᠯ ᠢ ᠡᠷᠭᠢᠯᠡᠪᠡ᠃

    ᠪᠣᠯᠪᠠᠰᠤᠷᠠᠯ ᠤᠨ ᠠᠩᠭᠢ ᠴᠢᠬᠤᠯᠠᠴᠢᠯᠠᠭᠰᠠᠨ ᠨᠢ᠂ ᠠᠷᠠᠳ ᠤᠨ ᠡᠶᠡᠳᠡᠭᠦᠯᠦᠭᠴᠢ ᠪᠠ ᠬᠥᠳᠡᠭᠡ ᠲᠣᠰᠬᠤᠨ ᠤ

︽ᠬᠠᠤᠯᠢ ᠴᠠᠭᠠᠵᠠ ᠶᠢᠨ ᠮᠡᠷᠭᠡᠨ ᠬᠥᠮᠦᠨ︾ ᠤ ᠬᠠᠤᠯᠢ ᠴᠠᠭᠠᠵᠠ ᠶᠢᠨ ᠬᠡᠪ ᠪᠣᠯᠪᠠᠰᠤᠷᠠᠯ ᠪᠠ ᠡᠶᠡᠳᠡᠭᠦᠯᠬᠦ

ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠲᠣᠭᠲᠠᠭᠤᠨ ᠪᠠ

ᠬᠠᠤᠯᠢ ᠪᠠᠷ ᠵᠠᠰᠠᠬᠤ ᠪᠠᠶᠢᠭᠤᠯᠤᠯᠲᠠ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ᠃ ᠠᠷᠠᠳ ᠤᠨ ᠡᠶᠡᠳᠡᠭᠦᠯᠬᠦ

ᠠᠵᠢᠯ ᠢ ᠥᠷᠨᠢᠭᠦᠯᠬᠦ ᠪᠠᠴᠢᠮ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠦᠭᠡᠢ

ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ

ᠴᠢᠩᠭᠠᠳᠬᠠᠬᠤ ᠶᠢᠨ ᠬᠠᠮᠲᠤ ᠰᠤᠷᠤᠭᠴᠢᠳ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠪᠠ᠃

    ᠪᠣᠯᠪᠠᠰᠤᠷᠠᠭᠤᠯᠤᠯ ᠤᠨ ᠳᠤᠮᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠪᠠᠶᠢᠴᠠᠭᠠᠬᠤ ᠬᠤᠷᠢᠶ᠎ᠠ ᠶᠢᠨ ᠤᠤᠯ ᠤᠨ ᠭᠠᠵᠠᠷ ᠤᠨ ᠲᠠᠰ ᠤᠨ ᠪᠠᠶᠢᠴᠠᠭᠠᠭᠴᠢ ᠢᠦᠶ ᠰᠢᠤᠸᠠᠢ ᠤᠷᠢᠳ ᠢᠶᠠᠷ

ᠠᠷᠠᠳ ᠤᠨ ᠡᠶᠡᠳᠡᠭᠦᠯᠬᠦ ᠠᠵᠢᠯ ᠤᠨ ᠳᠤᠮᠳᠠᠬᠢ ᠡᠶᠡᠳᠡᠭᠦᠯᠬᠦ ᠲᠥᠷᠥᠯ ᠬᠡᠯᠪᠡᠷᠢ᠂ ᠡᠶᠡᠳᠡᠭᠦᠯᠬᠦ ᠠᠷᠭ᠎ᠠ ᠤᠷ᠎ᠠ

ᠮᠡᠷᠭᠡᠵᠢᠯ ᠢ ᠵᠢᠭᠠᠪᠠ᠃ ᠨᠡᠷ᠎ᠡ ᠲᠥᠷᠥ ᠲᠠᠢ ᠬᠠᠤᠯᠢᠴᠢ᠂ ᠰᠢᠭᠦᠬᠦ ᠲᠤᠰᠢᠶᠠᠯᠲᠠᠨ ᠪᠠ ᠬᠠᠤᠯᠢ ᠴᠠᠭᠠᠵᠠ ᠶᠢᠨ

ᠲᠣᠪᠴᠢᠶ᠎ᠠ ᠶᠢᠨ ᠠᠵᠢᠯᠲᠠᠳ ︽ᠢᠷᠭᠡᠨ ᠤ ᠬᠠᠤᠯᠢ ᠶᠢᠨ ᠪᠢᠴᠢᠭ︾ ᠪᠠ ︽ᠠᠷᠠᠳ ᠤᠨ ᠡᠶᠡᠳᠡᠭᠦᠯᠭᠡ ᠶᠢᠨ ᠬᠠᠤᠯᠢ︾᠂

ᠦᠷᠭᠦᠯᠵᠢ ᠲᠣᠬᠢᠶᠠᠯᠳᠤᠳᠠᠭ ᠬᠡᠷᠡᠭ ᠤᠨ ᠡᠶᠡᠳᠡᠭᠦᠯᠬᠦ ᠠᠷᠭ᠎ᠠ ᠮᠠᠶ᠋ᠢᠭ ᠪᠠ ᠠᠷᠠᠳ ᠤᠨ ᠡᠶᠡᠳᠡᠭᠦᠯᠭᠡ ᠶᠢᠨ APP ᠶᠢ

ᠬᠡᠷᠡᠭᠯᠡᠬᠦ ᠤᠷ᠎ᠠ ᠮᠡᠷᠭᠡᠵᠢᠯ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠪᠠ᠃

    ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢᠨ ᠰᠤᠷᠤᠯᠴᠠᠯᠭ᠎ᠠ ᠪᠠᠷ ᠳᠡᠮᠵᠢᠨ᠂ ᠠᠷᠠᠳ ᠤᠨ ᠡᠶᠡᠳᠡᠭᠦᠯᠦᠭᠴᠢ

ᠪᠠ ᠬᠥᠳᠡᠭᠡ ᠲᠣᠰᠬᠤᠨ ᠤ ︽ᠬᠠᠤᠯᠢ ᠴᠠᠭᠠᠵᠠ ᠶᠢᠨ ᠮᠡᠷᠭᠡᠨ ᠬᠥᠮᠦᠨ︾ ᠨᠢ ᠦᠨᠳᠦᠰᠦᠨ ᠱᠠᠲᠤᠨ ᠤ ᠵᠥᠷᠢᠴᠡᠯ

ᠵᠢᠭᠤᠷᠠᠯᠳᠤᠭᠠᠨ ᠢ ᠡᠶᠡᠳᠡᠭᠦᠯᠬᠦ ᠪᠠ ᠬᠠᠤᠯᠢ ᠪᠠᠷ ᠵᠠᠰᠠᠬᠤ ᠤᠬᠠᠭᠤᠯᠭ᠎ᠠ ᠶᠢᠨ ᠳᠤᠮᠳᠠᠬᠢ ᠦᠢᠯᠡᠳᠦᠯ ᠢ ᠨᠠᠩ ᠰᠠᠶᠢᠲᠤᠷ

ᠪᠠᠳᠠᠷᠠᠭᠤᠯᠵᠤ᠂ ᠬᠤᠸᠠᠳᠧ ᠰᠢᠶᠠᠨ ᠤ ᠨᠡᠶᠢᠭᠡᠮ ᠤᠨ ᠲᠣᠭᠲᠠᠭᠤᠨ ᠪᠠ ᠬᠠᠤᠯᠢ ᠪᠠᠷ ᠵᠠᠰᠠᠬᠤ ᠪᠠᠶᠢᠭᠤᠯᠤᠯᠲᠠ ᠳᠤ

ᠬᠦᠴᠦᠲᠡᠶ ᠳᠡᠮᠵᠢᠯᠭᠡ ᠬᠠᠩᠭᠠᠬᠤ ᠪᠣᠯᠤᠨ᠎ᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ ᠠᠨᠵᠸᠯ   

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2