ᠬᠤᠶᠢᠰᠢᠯᠠᠭᠤᠯᠤᠨ ᠦᠢᠯᠡᠴᠢᠯᠡᠬᠦ ᠠᠷᠠᠳ ᠤᠨ ᠰᠡᠳᠬᠢᠯ ᠢ ᠳᠤᠯᠠᠭᠠᠴᠠᠭᠤᠯᠬᠤ ᠠᠷᠤ ᠲᠠᠯ᠎ᠠ ᠶᠢᠨ ᠦᠢᠯᠡᠴᠢᠯᠡᠭᠡᠨ ᠤ ᠳᠡᠮᠵᠢᠯᠭᠡ ᠪᠠᠲᠤᠯᠠᠭ᠎ᠠ ᠣᠯᠭᠤᠪᠠ
ᠨᠡᠶᠢᠲᠡᠯᠡᠭᠰᠡᠨ ᠴᠠᠭ᠄
2024/7/30

   ᠲᠠᠷᠢᠶᠠᠴᠢᠳ ᠲᠤ ᠠᠰᠢᠭ ᠬᠦᠷᠲᠡᠭᠡᠬᠦ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠷᠬᠠᠭᠠᠬᠤ ᠶᠢ ᠠᠬᠢᠭᠤᠯᠬᠤ

ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠶᠢᠨ

ᠡᠳᠦᠷ ᠤᠳ ᠲᠤ᠂ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠲᠣᠪᠴᠢᠶ᠎ᠠ ᠴᠠᠭ ᠢ

ᠤᠷᠲᠤᠳᠬᠠᠬᠤ ᠦᠢᠯᠡᠴᠢᠯᠡᠭᠡᠨ ᠤ ᠵᠠᠭᠪᠤᠷ ᠢ ᠪᠥᠬᠦ ᠬᠦᠴᠦᠨ ᠢᠶᠠᠷ ᠢᠶᠠᠨ ᠡᠬᠢᠯᠡᠭᠦᠯᠵᠦ᠂ ᠬᠤᠯᠪᠣᠭᠠᠲᠤ ᠬᠤᠷᠰᠢᠶ᠎ᠠ ᠶᠢᠨ

ᠴᠣᠩᠬᠤᠨ ᠳᠤ ᠨᠢᠭᠡᠨᠲᠡ 200 ᠭᠠᠷᠤᠶ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠷᠬᠠᠭᠠᠪᠠ᠃ ᠠᠵᠢᠯᠲᠠᠳ ᠦᠳᠡ ᠳᠤ

ᠠᠮᠠᠷᠠᠬᠤ ᠦᠭᠡᠢ᠂ ᠣᠷᠣᠢ ᠨᠢ ᠣᠷᠣᠢ ᠠᠵᠢᠯ ᠠᠴᠠ ᠪᠠᠨ ᠪᠠᠭᠤᠵᠤ᠂ ᠣᠯᠠᠨ ᠲᠦᠮᠡᠨ ᠤ ︽ᠦᠳᠡ ᠳᠤ ᠬᠢᠬᠦ ᠬᠥᠮᠦᠨ

ᠦᠭᠡᠢ᠂ ᠤᠴᠢᠷ ᠦᠭᠡᠢ ᠪᠣᠯ ᠨᠢᠭᠡ ᠤᠳᠠᠭ᠎ᠠ ᠭᠦᠶᠦᠬᠦ︾ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠪᠡ᠃

1722217168683061389.png

    ᠣᠶᠢᠷ᠎ᠠ ᠶᠢᠨ ᠬᠤᠭᠤᠴᠠᠭᠠᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠭᠦᠢᠴᠡᠳᠬᠡᠭᠰᠡᠨ ᠪᠠᠶᠢᠳᠠᠯ ᠳᠤ

ᠴᠢᠭᠯᠡᠭᠦᠯᠦᠨ᠂ ᠲᠣᠰ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠥᠪᠳᠡᠯᠴᠡᠨ

ᠶᠠᠷᠢᠯᠴᠠᠵᠤ᠂ ᠴᠣᠩᠬᠤᠨ ᠤ ᠠᠵᠢᠯᠲᠠᠳ ᠲᠤ ᠴᠠᠭ ᠢ ᠤᠷᠲᠤᠳᠬᠠᠬᠤ ᠦᠢᠯᠡᠴᠢᠯᠡᠭᠡᠨ ᠤ ᠦᠳᠡ ᠶᠢᠨ ᠬᠤᠭᠤᠯᠠᠨ ᠤ

ᠨᠥᠬᠦᠪᠥᠷᠢ ᠬᠠᠩᠭᠠᠬᠤ ᠪᠠᠷ ᠲᠣᠭᠲᠠᠵᠤ᠂ ᠴᠣᠩᠬᠤᠨ ᠤ ᠠᠵᠢᠯᠲᠠᠨ ᠤ ᠬᠤᠭᠤᠯᠠ ᠢᠳᠡᠬᠦ ᠶᠢ ᠪᠠᠲᠤᠯᠠᠵᠤ᠂ ᠳᠡᠮᠵᠢᠯᠭᠡ

ᠪᠠ ᠵᠣᠷᠢᠭᠵᠢᠭᠤᠯᠤᠯ ᠣᠯᠭᠤᠬᠤ ᠪᠠᠷ ᠲᠣᠭᠲᠠᠪᠠ᠃

1722217280805002099.png

    ᠢᠮᠠᠭᠲᠠ ᠠᠵᠤ ᠠᠬᠤᠶᠢᠯᠠᠯ ᠪᠠ ᠠᠵᠢᠯ ᠶᠠᠪᠤᠳᠠᠯ ᠭᠦᠶ᠋ᠴᠡᠳᠬᠡᠬᠦ ᠣᠯᠠᠨ ᠲᠦᠮᠡᠨ ᠢ ᠳᠤᠲᠠᠭᠤ ᠭᠦᠶᠦᠯᠭᠡᠬᠦ ᠶᠢᠨ

ᠲᠥᠯᠥᠭᠡ᠂ ︽ᠬᠡᠲᠦᠷᠡᠬᠦ ᠳᠡᠭᠡᠨ ᠨᠢᠭᠡ ᠯᠡ ᠤᠳᠠᠭ᠎ᠠ ᠶᠠᠪᠤᠬᠤ︾ ᠥᠭᠡᠷᠡᠴᠢᠯᠡᠯᠲᠡ ᠶᠢ ᠨᠠᠶᠢᠳᠠᠪᠤᠷᠢᠵᠢᠭᠤᠯᠵᠤ᠂

ᠵᠠᠰᠠᠭ ᠤᠨ ᠶᠠᠪᠤᠳᠠᠯ ᠤᠨ ᠲᠢᠩᠬᠢᠮ ᠤᠨ ᠡᠯ᠎ᠡ ᠴᠣᠩᠬᠤᠪᠴᠢ ᠨᠢ ︽ᠣᠯᠠᠨ ᠲᠦᠮᠡᠨ ᠴᠣᠩᠬᠤ ᠠᠴᠠ ᠰᠠᠯᠬᠤ ᠥᠬᠡᠶ᠂

ᠺᠠᠳ᠋ᠷ ᠠᠵᠢᠯ ᠤᠨ ᠪᠠᠶᠢᠷᠢ ᠠᠴᠠ ᠪᠠᠨ ᠰᠠᠯᠬᠤ ᠥᠬᠡᠶ︾ ᠦᠶ᠋ᠯᠡᠴᠢᠯᠡᠭᠡᠨ ᠤ ᠣᠨᠣᠯᠵᠢᠬᠤᠨ ᠢ ᠪᠠᠷᠢᠮᠲᠠᠯᠠᠵᠤ᠂

ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠭᠦᠶ᠋ᠴᠡᠳᠬᠡᠬᠦ ᠣᠯᠠᠨ ᠲᠦᠮᠡᠨ ᠳᠤ ︽ᠴᠠᠭ ᠢ ᠤᠷᠲᠤᠳᠬᠠᠬᠤ

ᠦᠶ᠋ᠯᠡᠴᠢᠯᠡᠭᠡ︾ ᠶᠢ ᠬᠠᠩᠭᠠᠵᠤ᠂ ᠤᠴᠢᠷ ᠶᠠᠪᠤᠳᠠᠯ ᠢ ᠭᠦᠶ᠋ᠴᠡᠳᠬᠡᠵᠦ ᠳᠠᠭᠤᠰᠬᠠᠪᠠ᠃

    ᠣᠳᠣᠬᠠᠨ ᠪᠣᠯᠲᠠᠯ᠎ᠠ᠂ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ

ᠴᠠᠭ ᠢ ᠤᠷᠲᠤᠳᠬᠠᠬᠤ ᠦᠢᠯᠡᠴᠢᠯᠡᠭᠡ ᠨᠡᠶᠢᠲᠡ 349 ᠤᠳᠠᠭ᠎ᠠ᠂ ᠪᠣᠯᠵᠣᠬᠤ ᠦᠢᠯᠡᠴᠢᠯᠡᠭᠡ 95 ᠤᠳᠠᠭ᠎ᠠ᠂

ᠭᠡᠷ ᠲᠤᠨᠢ ᠬᠦᠷᠴᠦ ᠦᠢᠯᠡᠴᠢᠯᠡᠬᠦ 4 ᠤᠳᠠᠭ᠎ᠠ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠭᠴᠢ 443

ᠤᠳᠠᠭ᠎ᠠ ᠬᠠᠩᠭᠠᠪᠠ᠃ ᠰᠢᠶᠠᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠡᠯ᠎ᠡ ᠴᠤᠩᠬᠤᠪᠴᠢ ᠶᠢᠨ ᠨᠥᠬᠦᠳ

ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠢ ᠳᠤᠲᠠᠭᠤ ᠭᠦᠶᠦᠯᠭᠡᠬᠦ ᠠᠮᠠᠯᠠᠯᠲᠠ ᠪᠠᠨ ᠦᠢᠯᠡᠳᠦᠯᠭᠡᠵᠢᠭᠦᠯᠵᠦ᠂

ᠬᠠᠮᠤᠭ ᠤᠨ ᠰᠢᠯᠢᠳᠡᠭ ᠦᠢᠯᠡᠴᠢᠯᠡᠭᠡ ᠶᠢ ᠤᠯᠠᠨ ᠲᠦᠮᠡᠨ ᠳᠤ ᠦᠯᠡᠳᠡᠭᠡᠬᠦ ᠪᠠᠷ ᠴᠢᠷᠮᠠᠶᠢᠵᠤ᠂ ᠤᠯᠠᠨ ᠲᠦᠮᠡᠨ ᠢ ᠪᠠᠶᠠᠷ

ᠪᠠᠶᠠᠰᠬᠤᠯᠠᠩ ᠲᠠᠢ ᠪᠠᠷ ᠪᠤᠴᠠᠭᠠᠬᠤ ᠪᠠᠷ ᠴᠢᠷᠮᠠᠶᠢᠨ᠎ᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ ᠠᠨᠵᠸᠯ   

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2