ᠬᠤᠸᠠᠳᠧ ᠰᠢᠶᠠᠨ ᠤ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠣᠪᠴᠢᠶ᠎ᠠ ︽8 · 1︾ ᠤ ᠴᠡᠷᠢᠭ ᠠᠴᠠ ᠬᠠᠯᠠᠭᠳᠠᠭᠰᠠᠳ ᠤᠨ ᠴᠢᠴᠢᠭᠦᠷ ᠪᠥᠮᠪᠦᠭᠡ ᠶᠢᠨ ᠨᠥᠬᠦᠷᠰᠡᠭ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/8/1

    ︽8·1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠮᠠᠨ ᠤ ᠰᠢᠶᠠᠨ ᠤ

ᠴᠡᠷᠢᠭ ᠠᠴᠠ ᠬᠠᠯᠠᠭᠳᠠᠭᠰᠠᠳ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠪᠠᠶᠠᠯᠢᠭᠵᠢᠭᠤᠯᠬᠤ ᠶᠢᠨ ᠲᠥᠯᠥᠭᠡ᠂

7 ᠰᠠᠷ᠎ᠠ ᠶᠢᠨ 23 ᠤ ᠡᠳᠦᠷ᠂ ᠬᠤᠸᠠᠳᠧ ᠰᠢᠶᠠᠨ ᠤ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠣᠪᠴᠢᠶ᠎ᠠ

ᠰᠢᠶᠠᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠲᠠᠢ ᠬᠠᠮᠲᠤᠷᠠᠨ ︽8·1︾ ᠢ ᠤᠭᠲᠤᠬᠤ

ᠠᠵᠢᠯ ᠠᠴᠠ ᠪᠠᠨ ᠠᠮᠠᠷᠠᠭᠰᠠᠨ ᠺᠠᠳ᠋ᠷ ︵ᠴᠡᠷᠢᠭ ᠠᠴᠠ ᠬᠠᠯᠠᠭᠳᠠᠭᠰᠠᠳ︶ ᠤᠨ ᠴᠢᠴᠢᠬᠦᠷ ᠪᠥᠮᠪᠦᠭᠡ ᠶᠢᠨ ᠨᠥᠬᠦᠷᠰᠡᠭ

ᠤᠷᠤᠯᠳᠤᠭᠠᠨ ᠡᠷᠭᠢᠯᠡᠪᠡ᠃

1721959212930014964.jpg

    ᠤᠷᠤᠯᠳᠤᠭᠠᠨ ᠤ ᠬᠤᠭᠤᠴᠠᠭᠠᠨ ᠳᠤ᠂ ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠪᠥᠮᠪᠦᠭᠡᠨ ᠱᠢᠷᠡᠭᠡᠨ

ᠳᠡᠭᠡᠷ᠎ᠡ ᠴᠤᠭ ᠵᠢᠪᠬᠤᠭ ᠎ᠠ ᠪᠠᠨ ᠪᠠᠳᠠᠷᠠᠭ ᠤᠯᠤᠨ᠂ ᠪᠥᠮᠪᠦᠭᠡᠨ ᠱᠢᠲᠠᠮ ᠪᠠᠷᠢᠵᠤ ᠳᠥᠷᠪᠡᠯᠵᠢᠨ ᠵᠣᠷᠢᠭ ᠢ

ᠬᠥᠪᠴᠢᠯᠡᠵᠦ᠂ ᠪᠥᠮᠪᠦᠭᠡ ᠪᠠᠷ ᠬᠠᠨᠢ ᠪᠣᠯᠵᠤ᠂ ᠪᠠᠶᠠᠷᠯ ᠠᠯᠳᠤᠨ ᠪᠠᠶᠠᠷᠯ ᠠᠵᠠᠢ᠃ ᠯᠠᠪᠳᠠᠭᠤᠨ ᠪᠠᠲᠤᠲᠠᠶ ᠦᠨᠳᠦᠰᠦᠨ

ᠴᠢᠳᠠᠪᠤᠷᠢ᠂ ᠡᠮᠬᠢ ᠴᠡᠭᠴᠡ ᠲᠠᠢ ᠰᠠᠶᠢᠬᠠᠨ ᠲᠠᠶᠢᠰᠠᠨ ᠰᠡᠳᠬᠢᠴᠡ ᠲᠠᠢ᠂ ᠡᠪᠲᠡᠶᠢᠬᠡᠨ ᠳᠠᠭᠠᠷᠢᠵᠤ ᠰᠠᠬᠢᠬᠤ

ᠰᠣᠩᠭᠤᠯᠲᠠ ᠪᠠ ᠰᠠᠶᠢᠨ ᠰᠠᠶᠢᠬᠠᠨ ᠶᠡᠭᠡ ᠲᠠᠯ᠎ᠠ ᠶᠢᠨ ᠤᠬᠠᠮᠰᠠᠷ ᠴᠥᠮ ᠭᠦᠨ ᠵᠤᠵᠠᠭᠠᠨ ᠴᠢᠴᠢᠭᠦᠷ ᠪᠥᠮᠪᠦᠭᠡ ᠶᠢᠨ

ᠰᠠᠭᠤᠷᠢ ᠶᠢ ᠢᠯᠡᠷᠡᠭᠦᠯᠦᠭᠰᠡᠨ ᠦᠭᠡᠢ᠃ ᠡᠭᠦᠨ ᠤ ᠬᠠᠮᠲᠤ᠂ ᠲᠠᠮᠢᠷᠴᠢᠳ ᠪᠠᠰᠠ ᠴᠢᠴᠢᠭᠦᠷ ᠪᠥᠮᠪᠦᠭᠡ ᠶᠢᠨ ᠶᠣᠰᠣᠯᠠᠯ ᠢ

ᠮᠠᠰᠢ ᠴᠢᠬᠤᠯᠠᠴᠢᠯᠠᠵᠤ᠂ ᠡᠰᠡᠷᠭᠦ ᠡᠲᠡᠭᠡᠳ ᠪᠥᠮᠪᠦᠭᠡ ᠴᠣᠬᠢᠬᠤ ᠳᠠᠭᠠᠨ ᠬᠠᠷᠠᠭᠠᠨ ᠤ ᠭᠠᠳᠠᠨ᠎ᠠ ᠵᠣᠭᠰᠣᠨ ᠨᠠᠮ

ᠵᠢᠮ ᠢᠶᠠᠷ ᠵᠣᠭᠰᠣᠵᠤ᠂ ᠡᠰᠡᠷᠭᠦ ᠡᠲᠡᠭᠡᠳ ᠭᠤᠶᠢᠳᠠ ᠰᠠᠶᠢᠬᠠᠨ ᠪᠥᠮᠪᠦᠭᠡ ᠣᠷᠣᠭᠤᠯᠬᠤ ᠦᠶ᠎ᠡ ᠳᠤ ᠴᠤ ᠮᠠᠭᠲᠠᠨ

ᠰᠠᠶᠢᠰᠢᠶᠠᠪᠠ᠃ ᠪᠦᠬᠦ ᠤᠷᠤᠯᠳᠤᠭᠠᠨ ᠤ ᠲᠠᠯᠠᠪᠠᠢ ᠡᠮᠬᠢ ᠳᠢᠭᠯᠢᠮ ᠲᠠᠢ ᠪᠠᠶᠢᠵᠤ᠂ ᠠᠵᠢᠯ ᠠᠴᠠ ᠪᠠᠨ ᠠᠮᠠᠷᠠᠭᠰᠠᠨ

ᠠᠬᠠᠮᠠᠳ ᠺᠠᠳ᠋ᠷᠴᠤᠳ ᠤᠨ ᠬᠡᠪ ᠴᠢᠨᠠᠷ ᠪᠣᠯᠤᠨ ᠴᠤᠭ ᠵᠢᠪᠬᠤᠭ᠎ᠠ ᠶᠢ ᠢᠯᠡᠷᠡᠭᠦᠯᠪᠡ᠃ ᠤᠯᠠᠨ ᠢᠶᠠᠷ ᠢᠶᠠᠨ ᠦᠵᠡᠯ

ᠰᠠᠨᠠᠭ᠎ᠠ ᠪᠠᠨ ᠰᠣᠯᠢᠯᠴᠠᠵᠤ᠂ ᠪᠥᠮᠪᠥᠭᠡᠨ ᠮᠡᠷᠭᠡᠵᠢᠯ ᠢᠶᠠᠨ ᠰᠣᠯᠢᠯᠴᠠᠵᠤ᠂ ᠤᠳᠠᠭ᠎ᠠ ᠪᠦᠷᠢ ᠶᠢᠨ ᠪᠥᠮᠪᠦᠭᠡ ᠪᠣᠯ ᠴᠥᠮ

ᠵᠢᠷᠤᠭ ᠮᠥᠨ᠂ ᠱᠤᠭᠤᠮ ᠪᠣᠯᠤᠨ ᠦᠩᠭᠡ ᠶᠢ ᠠᠭᠤᠰᠤᠯᠴᠠᠭᠤᠯᠵᠤ᠂ ᠲᠡᠭᠦᠰ ᠲᠡᠭᠦᠯᠳᠡᠷ ᠰᠠᠶᠢᠬᠠᠨ ᠭᠡᠷᠡᠯ

ᠭᠢᠯᠪᠠᠭ᠎ᠠ ᠪᠠᠨ ᠢᠯᠡᠷᠡᠭᠦᠯᠵᠦ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠷᠡᠭᠦᠯ ᠥᠭᠡᠳᠡᠷᠬᠡᠭ ᠤᠶᠤᠨ

ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃

图片1.png

    ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠠᠬᠠᠮᠠᠳ ᠺᠠᠳ᠋ᠷ ᠤᠨ ᠲᠣᠪᠴᠢᠶ᠎ᠠ᠂ ᠨᠠᠰᠤᠲᠠᠶᠢᠴᠤᠳ ᠤᠨ ᠪᠡᠶ᠎ᠡ ᠶᠢᠨ

ᠲᠠᠮᠢᠷ ᠤᠨ ᠨᠡᠶᠢᠭᠡᠮᠯᠢᠭ ᠠᠴᠠ ᠤᠷᠤᠯᠳᠤᠭᠠᠨ ᠳᠤ ᠣᠷᠣᠯᠴᠠᠭᠰᠠᠳ ᠲᠤ ᠳᠤᠷᠠᠰᠬᠠᠯ ᠤᠨ ᠡᠳ᠋ ᠭᠠᠷᠳᠠᠭᠤᠯᠪᠠ᠃

ᠪᠠᠶᠢᠴᠠᠭᠠᠬᠤ ᠬᠤᠷᠢᠶᠠᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠳ᠋ᠤᠸᠠᠨ ᠼᠦᠨ ᠪᠦᠦ᠂ ᠨᠠᠮ ᠪᠣᠯᠤᠨ ᠵᠠᠰᠠᠭ ᠤᠨ

ᠣᠷᠳᠣᠨ ᠤ ᠬᠠᠶᠢᠷ᠎ᠠ ᠬᠠᠯᠠᠮᠵᠢᠯᠠᠯ ᠳᠤ ᠲᠠᠯᠠᠷᠬᠠᠵᠤ᠂ ︽8·1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ

ᠢᠷᠡᠬᠦ ᠠᠴᠠ ᠡᠮᠦᠨ᠎ᠡ᠂ ᠪᠢᠳᠡᠨ ᠳᠤ ᠡᠨᠡ ᠤᠳᠠᠭᠠᠨ ᠤ ᠴᠢᠴᠢᠭᠦᠷ ᠪᠥᠮᠪᠦᠭᠡ ᠶᠢᠨ ᠨᠥᠬᠦᠷᠯᠡᠯ ᠤᠨ ᠤᠷᠤᠯᠳᠤᠭᠠᠨ ᠢ

ᠡᠷᠬᠢᠯᠡᠵᠦ ᠥᠭᠴᠡᠢ᠂ ᠬᠤᠶᠢᠰᠢᠳᠠ ᠪᠢᠳᠡ ᠴᠡᠷᠢᠭ ᠠᠴᠠ ᠬᠠᠯᠠᠭᠳᠠᠭᠰᠠᠳ ᠤᠨ ᠵᠣᠷᠢᠭ ᠰᠠᠨᠠᠭ᠎ᠠ ᠶᠢ ᠦᠷᠭᠦᠯᠵᠢᠯᠡᠨ

ᠪᠠᠳᠠᠷᠠᠭᠤᠯᠵᠤ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠥᠨᠢ ᠡᠭᠦᠷᠢᠳᠡ ᠨᠠᠮ ᠢᠶᠠᠨ

ᠳᠠᠭᠠᠵᠤ᠂ ᠴᠢᠳᠠᠯ ᠤᠨ ᠬᠢᠷᠢ ᠪᠠᠷ ᠢᠶᠠᠨ ᠦᠯᠡᠳᠡᠪᠦᠷᠢ ᠢᠯᠴᠢ ᠪᠠᠨ ᠪᠠᠳᠠᠷᠠᠭᠤᠯᠵᠤ᠂ ᠴᠡᠷᠢᠭ ᠠᠴᠠ ᠬᠠᠯᠠᠭᠳᠠᠭᠰᠠᠳ ᠤᠨ

ᠴᠤᠭ ᠵᠢᠪᠬᠤᠭ᠎ᠠ ᠶᠢ ᠢᠯᠡᠷᠡᠭᠦᠯᠵᠦ ᠴᠢᠳᠠᠨ᠎ᠠ ᠭᠡᠵᠦ ᠬᠡᠯᠡᠪᠡ᠃

    ᠠᠬᠠᠮᠠᠳ ᠺᠠᠳ᠋ᠷᠴᠤᠳ ᠤᠨ ᠲᠣᠪᠴᠢᠶ᠎ᠠ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠪᠡᠶ᠎ᠡ ᠮᠠᠬᠠᠪᠣᠳ᠂

ᠠᠮᠢᠳᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠬᠠᠮᠠᠳ ᠺᠠᠳ᠋ᠷᠴᠤᠳ ᠲᠤ ᠪᠠᠶᠠᠯᠢᠭ ᠰᠠᠶᠢᠬᠠᠨ

ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠬᠠᠩᠭᠠᠵᠤ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ

ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠦᠷᠭᠦᠯᠵᠢᠯᠡᠨ ᠳᠡᠭᠡᠭᠰᠢᠯᠡᠭᠦᠯᠵᠦ᠂ ᠰᠢᠨ᠎ᠡ ᠴᠠᠭ

ᠦᠶ᠎ᠡ ᠶᠢᠨ ᠠᠬᠠᠮᠠᠳ ᠺᠠᠳ᠋ᠷᠴᠤᠳ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ ᠠᠨᠵᠸᠯ   

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2