ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/8/1

    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ

ᠰᠠᠨᠠᠭ᠎ᠠ ᠶᠢ ᠭᠦᠨᠵᠡᠭᠡᠢ ᠰᠤᠷᠤᠯᠴᠠᠨ ᠳᠣᠭᠤᠭᠰᠢᠯᠠᠭᠤᠯᠬᠤ ᠶᠢᠨ ᠲᠥᠯᠥᠭᠡ᠃ 7 ᠰᠠᠷ᠎ᠠ ᠶᠢᠨ 25 ᠤ ᠡᠳᠦᠷ᠂ ᠮᠠᠨ ᠤ

ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠣᠯᠠᠨ ᠲᠦᠮᠡᠨ ᠳᠤ ᠤᠬᠠᠭᠤᠯᠤᠨ ᠲᠠᠶᠢᠯᠪᠤᠷᠢᠯᠠᠬᠤ︾

ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃

    ᠤᠬᠠᠭᠤᠯᠤᠨ ᠲᠠᠶᠢᠯᠪᠤᠷᠢᠯᠠᠬᠤ ᠳᠤᠮᠳᠠ᠂ ᠲᠤᠰ ᠲᠤᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ

ᠰᠦᠨ ᠹᠸᠢ ᠦ᠋ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ

ᠳᠠᠭᠠᠭᠤᠯᠤᠨ ᠰᠤᠷᠤᠯᠴᠠᠪᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ

ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ

ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ

ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ

ᠴᠢᠬᠤᠯᠠ ᠬᠤᠷᠠᠯ ᠪᠣᠯᠤᠨ᠎ᠠ᠃ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠠᠮ ᠤᠨ

ᠭᠡᠰᠢᠭᠦᠨ ᠺᠠᠳ᠋ᠷ᠂ ᠪᠥᠬᠦ ᠠᠵᠢᠯᠲᠠᠨ ᠠᠵᠢᠯᠴᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠬᠤ ᠲᠠᠢ

ᠤᠶᠠᠯᠳᠤᠭᠤᠯᠤᠨ᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ

ᠲᠥᠪ ᠬᠤᠷᠢᠶᠠᠨ ᠤ ᠲᠣᠭᠲᠠᠭᠠᠯ︾ ᠢ ᠲᠡᠷᠡ ᠬᠡᠪ ᠢᠶᠠᠷ ᠨᠢ ᠰᠤᠳᠤᠯᠤᠨ ᠤᠩᠰᠢᠵᠤ᠂ ᠪᠥᠬᠦᠳᠡ ᠬᠤᠷᠠᠯ ᠤᠨ ᠵᠣᠷᠢᠭ

ᠰᠠᠨᠠᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠨᠠᠮ ᠤᠨ ᠲᠥᠪ

ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠰᠢᠨ᠎ᠡ ᠶᠢ ᠡᠭᠦᠳᠬᠦ

ᠵᠣᠷᠢᠭ ᠰᠠᠨᠠᠭ᠎ᠠ ᠪᠠᠷ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠲᠤᠭᠤᠰᠢᠯᠠᠭᠤᠯᠤᠨ

ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠪᠠᠷ ᠭᠠᠷᠳᠠᠴᠠ

ᠪᠣᠯᠭᠠᠨ ︽ᠲᠠᠪᠤᠨ ᠶᠡᠭᠡ ᠡᠭᠦᠷᠭᠡ︾ ᠶᠢ ᠠᠬᠢᠭᠤᠯᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂

ᠨᠠᠮ ᠢᠶᠠᠨ ᠳᠠᠭᠠᠬᠤ︾ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ

ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠵᠤ ︽ᠵᠢᠱᠢᠶᠡᠴᠢ ᠥᠪᠡᠷᠲᠡᠭᠡᠨ ᠵᠠᠰᠠᠬᠤ

ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ

ᠬᠡᠷᠡᠭᠲᠡᠶ᠃

    ᠰᠤᠷᠤᠯᠴᠠᠬᠤ ᠪᠠᠷ ᠲᠠᠮᠵᠢᠨ᠂ ᠲᠤᠰ ᠲᠣᠪᠴᠢᠶᠠᠨ ᠤ ᠪᠦᠬᠦ ᠨᠠᠮ ᠤᠨ ᠭᠡᠰᠢᠭᠦᠨ ᠺᠠᠳ᠋ᠷᠴᠤᠳ᠂ ᠤᠯᠤᠰ ᠢᠶᠠᠨ

ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠵᠠᠮ ᠳᠤ

ᠡᠷᠡᠯᠬᠡᠭᠯᠡᠨ ᠤᠷᠤᠭᠰᠢᠯᠠᠬᠤ ᠳᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ

ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠣᠯᠤᠨ ᠦᠢᠯᠡ

ᠠᠵᠢᠯᠯᠠᠭ᠎ᠠ ᠪᠠᠨ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠳᠤᠮᠳᠠᠳᠤ ᠤᠯᠤᠰ ᠤᠨ

ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠣᠭᠤᠷᠢᠨ ᠳᠤ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ

ᠲᠠᠯ᠎ᠠ ᠪᠠᠷ ᠭᠦᠨᠵᠡᠭᠡᠶᠢᠷᠡᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠪᠣᠳᠠᠲᠠᠢ ᠶᠢ ᠡᠷᠬᠢᠮᠯᠡᠨ

ᠬᠠᠷᠢᠭᠤᠴᠠᠯᠭ᠎ᠠ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠬᠠᠭᠤᠳᠠᠰᠤ ᠶᠢ

ᠲᠠᠰᠤᠷᠠᠯᠳᠠ ᠦᠭᠡᠢ ᠪᠢᠴᠢᠭᠯᠡᠬᠦ ᠬᠡᠷᠡᠭᠲᠡᠢ ᠭᠡᠵᠦ ᠢᠯᠡᠳᠬᠡᠪᠡ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ ᠠᠨᠵᠸᠯ   

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2