ᠬᠤᠸᠠᠳᠧ ᠰᠢᠶᠠᠨ ︽ᠤᠮᠠᠷᠠᠲᠤ ᠬᠢᠯᠢ ᠳᠤ ᠬᠠᠶᠢᠷ᠎ᠠ ᠪᠠᠨ ᠬᠠᠶᠢᠷᠠᠯᠠᠵᠦ᠂ ᠳᠣᠯᠣᠭᠠᠨ ᠰᠠᠷ᠎ᠠ ᠶᠢᠨ ᠳᠣᠯᠣᠭᠠᠨ ᠤ ᠦᠳᠡᠰᠢ ᠶᠢ ᠳᠤᠯᠠᠭᠠᠴᠠᠭᠤᠯᠬᠤ︾ ᠵᠠᠯᠠᠭᠤᠴᠤᠳ ᠤᠨ ᠨᠥᠬᠦᠷᠯᠡᠯ ᠤᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2024/8/13

    ᠥᠷᠭᠡᠨ ᠣᠯᠠᠨ ᠵᠠᠯᠠᠭᠤ ᠠᠵᠢᠯᠲᠠᠨ ᠠᠵᠢᠯᠴᠢᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ

ᠪᠠᠶᠠᠯᠢᠭᠵᠢᠭᠤᠯᠬᠤ ᠶᠢᠨ ᠲᠥᠯᠥᠭᠡ᠂ ᠰᠣᠯᠢᠯᠴᠠᠭ᠎ᠠ ᠶᠢ ᠠᠬᠢᠭᠤᠯᠬᠤ᠂ ᠨᠠᠶᠢᠵᠠ ᠨᠥᠬᠦᠳ ᠲᠠᠢ ᠪᠠᠨ ᠲᠠᠨᠢᠯᠴᠠᠬᠤ᠂

ᠬᠠᠶᠢᠷ᠎ᠠ ᠰᠡᠳᠬᠢᠯᠭᠡ ᠲᠠᠢ ᠪᠠᠶᠢᠬᠤ ᠲᠠᠪᠴᠠᠩ ᠢ ᠪᠠᠶᠢᠭᠤᠯᠵᠤ᠂ ᠴᠢᠳᠠᠪᠤᠷᠢᠲᠠᠨ ᠢ ᠬᠠᠯᠠᠮᠵᠢᠯᠠᠬᠤ᠂ ᠬᠠᠶᠢᠷᠠᠯᠠᠬᠤ᠂

ᠴᠢᠳᠠᠪᠤᠷᠢᠲᠠᠨ ᠳᠤ ᠦᠢᠯᠡᠴᠢᠯᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠵᠠᠯᠠᠭᠤ ᠴᠢᠳᠠᠪᠤᠷᠢᠲᠠᠨ ᠤ

ᠬᠤᠸᠠᠳᠧ ᠳᠤ ᠦᠨᠳᠦᠰᠦᠯᠡᠵᠦ᠂ ᠶᠣᠰᠣ ᠰᠤᠷᠲᠠᠬᠤᠨ ᠳᠤ ᠠᠭᠤᠰᠤᠯᠴᠠᠬᠤ᠂ ᠶᠣᠰᠣ ᠰᠤᠷᠲᠠᠬᠤᠨ ᠳᠤ ᠭᠠᠪᠢᠶ᠎ᠠ

ᠪᠠᠶᠢᠭᠤᠯᠬᠤ ᠶᠢ ᠠᠬᠢᠭᠤᠯᠪᠠ᠃ 8 ᠰᠠᠷ᠎ᠠ ᠶᠢᠨ 9 ᠤ ᠡᠳᠦᠷ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠰᠢᠶᠠᠨ ᠤ

ᠡᠪᠯᠡᠯ ᠤᠨ ᠬᠤᠷᠢᠶ᠎ᠠ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨ᠎ᠡ ᠴᠠᠭ ᠦᠶ᠎ᠡ ᠶᠢᠨ ᠪᠣᠯᠪᠠᠰᠤᠨ ᠤ

ᠦᠶ᠋ᠯᠡᠳᠦᠯᠭᠡ ᠶᠢᠨ ᠦᠶ᠋ᠯᠡᠴᠢᠯᠡᠭᠡᠨ ᠤ ᠲᠥᠪ ᠬᠠᠮᠲᠤᠷᠠᠨ ︽ᠤᠮᠠᠷᠠᠲᠤ ᠬᠢᠯᠢ ᠳᠤ ᠬᠠᠶᠢᠷ᠎ᠠ ᠪᠠᠨ ᠳᠡᠭᠡᠳᠦᠯᠡᠵᠦ᠂

ᠳᠣᠯᠣᠭᠠᠨ ᠰᠠᠷ᠎ᠠ ᠶᠢᠨ ᠳᠣᠯᠣᠭᠠᠨ ᠤ ᠦᠳᠡᠰᠢ ᠶᠢ ᠳᠤᠯᠠᠭᠠᠴᠠᠭᠤᠯᠬᠤ︾ ᠵᠠᠯᠠᠭᠤᠴᠤᠳ ᠤᠨ ᠨᠥᠬᠦᠷᠯᠡᠯ ᠤᠨ

ᠠᠵᠢᠯᠯᠠᠭ᠎ᠠ ᠶᠢ ᠡᠷᠭᠢᠯᠡᠪᠡ᠃ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠰᠢᠨ᠂ ᠤᠯᠤᠰ ᠲᠦᠷᠦ ᠶᠢᠨ

ᠵᠥᠪᠯᠡᠯᠭᠡᠨ ᠤ ᠳᠡᠳ᠋ ᠲᠡᠷᠢᠭᠦᠯᠡᠭᠴᠢ ᠼᠤᠤ ᠪᠥᠸᠧ ᠰᠢᠶᠦ᠋ᠩ ᠠᠵᠢᠯᠯᠠᠭ᠎ᠠ ᠳᠤ ᠣᠷᠣᠯᠴᠠᠪᠠ᠃

1723275203831008684.jpg

    ᠯᠢ ᠰᠢᠨ ᠪᠠᠶᠠᠷ ᠤᠨ ᠦᠭᠡ ᠳᠡᠭᠡᠨ᠂ ᠵᠠᠯᠠᠭᠤᠴᠤᠳ ᠪᠣᠯ ᠨᠠᠮ ᠪᠣᠯᠤᠨ ᠤᠯᠤᠰ ᠤᠨ ᠠᠵᠢᠯ ᠦᠢᠯᠡᠰ ᠤᠨ

ᠬᠥᠭᠵᠢᠯᠲᠡ ᠶᠢᠨ ᠰᠢᠨ᠎ᠡ ᠬᠦᠴᠦᠨ ᠮᠥᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠢᠷᠡᠭᠡᠳᠦᠢ ᠶᠢᠨ ᠭᠤᠣᠯ

ᠲᠤᠯᠭᠠᠭᠤᠷᠢ ᠬᠦᠴᠦᠨ ᠮᠥᠨ᠃ ᠡᠨᠡ ᠤᠳᠠᠭ᠎ᠠ ᠶᠢᠨ ᠨᠥᠬᠦᠷᠯᠡᠯ ᠤᠨ ᠠᠵᠢᠯᠯᠠᠭ᠎ᠠ ᠪᠣᠯ ᠳᠠᠷᠤᠢ ᠣᠯᠠᠨ ᠳᠤ ᠬᠠᠷᠢᠯᠴᠠᠨ

ᠲᠠᠨᠢᠯᠲᠠ᠂ ᠰᠣᠯᠢᠯᠴᠠᠭ᠎ᠠ ᠪᠠᠨ ᠨᠡᠮᠡᠭᠳᠡᠭᠦᠯᠬᠦ᠂ ᠨᠥᠬᠦᠷᠯᠡᠯ ᠢᠶᠠᠨ ᠬᠥᠭᠵᠢᠭᠦᠯᠬᠦ᠂ ᠬᠠᠶᠢᠷ᠎ᠠ ᠰᠡᠳᠬᠢᠯᠭᠡ ᠶᠢ ᠣᠯᠬᠤ

ᠲᠠᠪᠴᠠᠩ ᠢ ᠡᠭᠦᠳᠴᠦ ᠥᠭᠬᠦ ᠶᠠᠪᠤᠳᠠᠯ ᠪᠣᠯᠤᠨ᠎ᠠ᠂ ᠵᠠᠯᠠᠭᠤ ᠨᠠᠶᠢᠵᠠ ᠨᠠᠷ ᠤᠨ ᠵᠥᠪ ᠨᠥᠬᠦᠷᠰᠡᠭ ᠦᠵᠡᠯᠲᠡ᠂

ᠤᠷᠤᠭ ᠤᠨ ᠦᠵᠡᠯᠲᠡ ᠶᠢ ᠪᠤᠢ ᠪᠣᠯᠭᠠᠵᠤ᠂ ᠬᠤᠸᠠᠳᠧ ᠶᠢᠨ ᠡᠨᠡᠬᠦ ᠬᠠᠯᠠᠭᠤᠨ ᠬᠥᠷᠥᠰᠥᠨ ᠳᠤ ᠠᠵᠢᠯ ᠦᠢᠯᠡᠰ ᠢᠶᠠᠨ

ᠪᠡᠶᠡᠯᠡᠭᠦᠯᠵᠦ᠂ ᠨᠥᠬᠦᠷᠯᠡᠯ ᠢᠶᠠᠨ ᠪᠠᠶᠢᠭᠤᠯᠵᠤ᠂ ᠬᠠᠶᠢᠷ᠎ᠠ ᠰᠡᠳᠬᠢᠯᠭᠡ ᠪᠠᠨ ᠣᠯᠵᠤ᠂ ᠪᠦᠬᠦ ᠰᠢᠶᠠᠨ ᠤ ᠠᠵᠤ ᠠᠬᠤᠢ

ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠨᠡᠮᠡᠷᠢᠯᠡᠬᠦ ᠶᠢ ᠬᠦᠰᠡᠵᠦ

ᠪᠠᠶᠢᠨ᠎ᠠ ᠭᠡᠪᠡ᠃

图片1.png

    ᠠᠵᠢᠯᠯᠠᠭ᠎ᠠ ᠶᠢᠨ ᠳᠤᠮᠳᠠ᠂ ᠡᠷᠡᠭᠲᠡᠶ ᠡᠮᠡᠭᠲᠡᠶ ᠵᠠᠯᠠᠭᠤᠴᠤᠳ ︽ᠥᠪᠡᠷ ᠤᠨ ᠲᠠᠨᠢᠯᠴᠠᠭᠤᠯᠭ᠎ᠠ︾᠂ ︽ᠬᠡᠩᠭᠡᠷᠭᠡ

ᠳᠡᠯᠡᠳᠦᠨ ᠴᠡᠴᠡᠭ ᠳᠠᠮᠵᠢᠭᠤᠯᠬᠤ︾᠂ ︽ᠴᠢ ᠵᠢᠷᠤᠭᠯᠠᠬᠤ ᠶᠢ ᠦᠵᠡᠨ᠎ᠡ︾ ︽ᠲᠤᠭᠤᠷ ᠤᠨ ᠴᠡᠴᠡᠭ ᠳᠡᠯᠭᠡᠷᠡᠬᠦ︾᠂

︽ᠲᠠᠤᠯᠠᠢ ᠶᠢᠨ ᠪᠥᠵᠢᠭ︾ ᠵᠡᠷᠭᠡ ᠠᠯᠢ ᠣᠯᠠᠨ ᠰᠣᠨᠢᠷᠬᠠᠯᠲᠤ ᠲᠣᠭᠯᠠᠭᠠᠮ ᠢᠶᠠᠷ ᠲᠣᠰ ᠪᠡᠶ᠎ᠡ ᠶᠢᠨ ᠥᠪᠡᠷᠮᠢᠴᠡ ᠴᠢᠨᠠᠷ

ᠪᠠ ᠣᠨᠴᠠᠯᠢᠭ ᠢᠶᠠᠨ ᠢᠯᠡᠷᠡᠭᠦᠯᠵᠦ᠂ ᠲᠣᠰ ᠪᠡᠶ᠎ᠡ ᠶᠢᠨ ᠲᠠᠨᠢᠯ ᠪᠤᠰᠤ ᠰᠡᠳᠬᠢᠯᠭᠡ ᠪᠠᠨ ᠠᠷᠢᠯᠭᠠᠵᠤ᠂ ᠬᠠᠷᠢᠯᠴᠠᠨ

ᠤᠶᠢᠯᠠᠭᠠᠯᠴᠠᠬᠤ ᠥᠬᠡᠶ ᠪᠣᠯᠵᠤ᠂ ᠠᠵᠢᠯᠯᠠᠭᠠᠨ ᠤ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ

ᠪᠣᠯᠵᠣ᠂ ᠪᠠᠶᠠᠷ ᠬᠥᠷ ᠲᠠᠢ ᠢᠨᠢᠶᠡᠬᠦ ᠥᠬᠡᠶ ᠪᠣᠯᠵᠣ᠂ ᠰᠡᠳᠬᠢᠯ ᠬᠥᠳᠡᠯᠬᠦ ᠵᠢᠭᠠᠯᠲᠠ ᠲᠤᠭ᠎ᠠ ᠰᠢᠭᠤᠳ ︽ᠲᠦᠷᠭᠡᠨ︾

ᠪᠣᠯᠪᠠ᠃ ᠣᠯᠠᠨ ᠢᠶᠠᠷ ᠢᠶᠠᠨ ᠬᠠᠷᠢᠯᠴᠠᠨ ᠬᠠᠮᠵᠢᠯᠴᠠᠬᠤ᠂ ᠬᠠᠷᠢᠯᠴᠠᠨ ᠣᠶᠢᠯᠠᠭᠠᠯᠴᠠᠬᠤ ᠪᠠᠷ ᠳᠠᠮᠵᠢᠨ᠂ ᠬᠤᠭᠤᠷᠣᠨᠳᠣᠬᠢ

ᠵᠠᠶ ᠪᠠᠨ ᠣᠶᠢᠷᠠᠲᠤᠭᠤᠯᠵᠤ᠂ ᠥᠷᠭᠡᠨ ᠣᠯᠠᠨ ᠵᠠᠯᠠᠭᠤᠴᠤᠳ ᠢ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠤᠨ

ᠳᠤᠮᠳᠠ ᠣᠶᠢᠯᠠᠭᠠᠭᠤᠯᠵᠤ᠂ ᠦᠨᠡᠨᠴᠢ ᠪᠠᠷ ᠨᠠᠶᠢᠵᠠᠯᠠᠪᠠ᠃

    ︽ᠲᠤᠰ ᠤᠳᠠᠭ᠎ᠠ ᠶᠢᠨ ᠨᠥᠬᠦᠷᠯᠡᠯ ᠤᠨ ᠠᠵᠢᠯᠯᠠᠭ᠎ᠠ ᠨᠢ ᠤᠯᠠᠨ ᠳᠤ ᠰᠠᠶᠢᠨ ᠰᠠᠶᠢᠬᠠᠨ ᠨᠥᠬᠦᠷᠯᠡᠯ᠂

ᠰᠣᠯᠢᠯᠴᠠᠭᠠᠨ ᠤ ᠲᠠᠪᠴᠠᠩ ᠪᠠᠶᠢᠭᠤᠯᠵᠤ᠂ ᠬᠠᠷᠢᠯᠴᠠᠨ ᠲᠠᠨᠢᠵᠤ ᠪᠣᠯᠬᠤ ᠠᠵᠠ ᠲᠣᠬᠢᠶᠠᠯ ᠬᠠᠩᠭᠠᠵᠤ᠂ ᠪᠢᠳᠡᠨ ᠢ

ᠨᠡᠶᠢᠭᠡᠮ ᠤᠨ ᠬᠠᠷᠢᠯᠴᠠᠭᠠᠨ ᠤ ᠰᠢᠨ᠎ᠡ ᠬᠦᠷᠢᠶ᠎ᠡ ᠲᠠᠢ ᠪᠣᠯᠭᠠᠵᠤ᠂ ᠪᠢᠳᠡᠨ ᠢ ᠨᠡᠩ ᠰᠠᠶᠢᠨ ᠵᠣᠯ ᠵᠢᠷᠭᠠᠯ ᠲᠠᠢ

ᠤᠴᠠᠷᠠᠭᠤᠯᠵᠤ᠂ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠵᠦ ᠪᠣᠯᠤᠨ᠎ᠠ︾ ᠭᠡᠵᠦ ᠬᠡᠯᠡᠪᠡ᠃ ᠠᠵᠢᠯᠯᠠᠭ᠎ᠠ ᠳᠤ

ᠣᠷᠣᠯᠴᠠᠭᠰᠠᠨ ᠬᠤᠸᠠᠳᠧ ᠶᠢᠨ ᠴᠠᠬᠢᠯᠭᠠᠨ ᠬᠠᠩᠭᠠᠬᠤ ᠺᠣᠮᠫᠠᠨᠢ ᠯᠢᠨ ᠨᠢᠩ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ

︽ᠳᠣᠯᠣᠭᠠᠨ ᠰᠠᠷ᠎ᠠ ᠶᠢᠨ ᠳᠣᠯᠣᠭᠠᠨ ᠤ ᠪᠠᠶᠠᠷ︾ ᠤᠨ ᠨᠥᠬᠦᠷᠯᠡᠯ ᠤᠨ ᠠᠵᠢᠯᠯᠠᠭ᠎ᠠ ᠨᠢ ᠭᠠᠭᠴᠠ ᠪᠡᠶ᠎ᠡ

ᠵᠠᠯᠠᠭᠤᠴᠤᠳ ᠲᠤ ᠰᠠᠶᠢᠨ ᠰᠠᠶᠢᠬᠠᠨ ᠬᠠᠷᠢᠯᠴᠠᠨ ᠬᠥᠳᠡᠯᠦᠯᠴᠡᠬᠦ ᠲᠠᠪᠴᠠᠩ ᠬᠠᠩᠭᠠᠵᠤ᠂ ᠠᠵᠢᠯᠯᠠᠭ᠎ᠠ ᠪᠠᠷ

ᠳᠠᠮᠵᠢᠭᠤᠯᠤᠨ ᠬᠥᠮᠦᠰ ᠤᠨ ᠬᠤᠭᠤᠷᠣᠨᠳᠣᠬᠢ ᠬᠠᠷᠢᠴᠠᠭ᠎ᠠ ᠶᠢ ᠠᠬᠢᠭᠤᠯᠬᠤ ᠪᠠ ᠨᠡᠶᠢᠭᠡᠮ ᠤᠨ ᠬᠠᠷᠢᠯᠴᠠᠭᠠᠨ ᠤ

ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠬᠤ ᠶᠢᠨ ᠬᠠᠮᠲᠤ ᠪᠠᠰᠠ ᠵᠠᠯᠠᠭᠤᠴᠤᠳ ᠲᠤ ᠬᠠᠶᠢᠷ᠎ᠠ ᠰᠡᠳᠬᠢᠯᠭᠡ ᠶᠢᠨ

ᠰᠠᠶᠢᠨ ᠰᠠᠶᠢᠬᠠᠨ ᠪᠠ ᠷᠣᠮᠠᠨᠲ᠋ᠢᠭ ᠢ ᠮᠡᠳᠡᠷᠡᠭᠦᠯᠬᠦ ᠶᠢᠨ ᠲᠥᠯᠥᠭᠡ ᠶᠤᠮ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2